ᠤᠯᠠᠭᠠᠨᠬᠠᠳᠠ ᠬᠤᠲᠠ ᠠᠩᠬ᠎ᠠ ᠤᠳᠠᠭ᠎ᠠ ᠮᠠᠯᠴᠢᠳ ᠲᠠᠷᠢᠶᠠᠴᠢᠳ ᠲᠤ ᠮᠡᠷᠭᠡᠵᠢᠯ ᠤᠨ ᠴᠣᠯᠠ ᠰᠢᠯᠭᠠᠷᠠᠭᠤᠯᠤᠨ ᠥᠭᠪᠡ
ᠨᠡᠶᠢᠲᠡᠯᠡᠭᠰᠡᠨ ᠴᠠᠭ᠄
2024/2/28

 

      ᠤᠯᠠᠭᠠᠨᠬᠠᠳᠠ ᠬᠤᠲᠠ ᠶᠢᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠩᠬᠠᠳᠤᠭᠠᠷ ᠤᠳᠠᠭᠠᠨ ᠤ ᠠᠵᠢᠯ ᠳᠠᠭᠤᠰᠴᠤ᠂ 5 ᠬᠦᠮᠦᠨ ᠳᠡᠭᠡᠳᠦ ᠵᠡᠷᠭᠡ ᠶᠢᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠲᠠᠢ᠂ 58 ᠬᠦᠮᠦᠨ ᠳᠤᠮᠳᠠ ᠵᠡᠷᠭᠡ ᠶᠢᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠲᠠᠢ᠂ 80 ᠬᠦᠮᠦᠨ ᠠᠩᠬ᠎ᠠ ᠵᠡᠷᠭᠡ ᠶᠢᠨ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠲᠠᠢ ᠪᠣᠯᠪᠠ᠃

      ᠥᠪᠡᠷᠲᠡᠭᠡᠨ ᠵᠠᠰᠠᠬᠤ ᠣᠷᠣᠨ ᠳᠤ ᠡᠩ ᠲᠡᠷᠢᠭᠦᠨ ᠳᠤ ᠲᠣᠰ ᠠᠵᠢᠯ ᠢ ᠥᠷᠨᠢᠭᠦᠯᠦᠭᠰᠡᠨ ᠲᠤᠷᠰᠢᠯᠲᠠ ᠶᠢᠨ ᠴᠡᠭ ᠤᠨ ᠭᠠᠵᠠᠷ ᠣᠷᠣᠨ ᠨᠤᠭᠤᠳ ᠤᠨ ᠨᠢᠭᠡ ᠪᠣᠯᠤᠭᠰᠠᠨ ᠤ ᠬᠤᠪᠢ ᠳᠤ᠂ ᠤᠯᠠᠭᠠᠨᠬᠠᠳᠠ ᠬᠤᠲᠠ ᠨᠢ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠠᠢ ᠃ ᠲᠠᠷᠢᠶᠠᠯᠠᠩ ᠬᠥᠳᠡᠭᠡ ᠲᠣᠰᠬᠤᠨ ᠤ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠤ ᠦᠢᠯᠡᠰ᠂ ᠠᠳᠠᠯᠢ ᠪᠤᠰᠤ ᠮᠡᠷᠭᠡᠵᠢᠯ᠂ ᠠᠳᠠᠯᠢ ᠪᠤᠰᠤ ᠲᠠᠰ ᠳᠠᠪᠬᠤᠷᠭ᠎ᠠ ᠶᠢᠨ ᠬᠡᠷᠡᠭᠴᠡᠭᠡᠲᠦ ᠴᠢᠳᠠᠪᠤᠷᠢᠲᠠᠨ ᠤ ᠣᠨᠴᠠᠯᠢᠭ ᠲᠠᠢ ᠤᠶᠠᠯᠳᠤᠭᠤᠯᠤᠨ᠂ ᠭᠦᠢᠴᠡᠳ ᠤᠬᠠᠭᠤᠯᠤᠨ ᠳᠠᠶᠢᠴᠢᠯᠠᠵᠤ᠂ ᠥᠷᠭᠡᠨ ᠣᠯᠠᠨ ᠮᠠᠯᠴᠢᠳ ᠲᠠᠷᠢᠶᠠᠴᠢᠳ ᠤᠨ ᠮᠡᠷᠭᠡᠵᠢᠯ ᠤᠨ ᠴᠣᠯᠠ ᠰᠢᠯᠭᠠᠷᠠᠭᠤᠯᠬᠤ ᠳᠤ ᠣᠷᠣᠯᠴᠠᠬᠤ ᠢᠳᠡᠪᠬᠢᠵᠢᠯ ᠢ  ᠨᠢ ᠳᠠᠶᠢᠴᠢᠯᠠᠪᠠ ᠃ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ ᠨᠡᠶᠢᠲᠡᠯᠡᠭᠰᠡᠨ ᠤ ᠳᠠᠷᠠᠭ᠎ᠠ᠂ ᠤᠯᠠᠭᠠᠨᠬᠠᠳᠠ ᠶᠢᠨ ᠬᠤᠲᠠ ᠬᠢᠭᠡᠳ ᠰᠢᠶᠠᠨ ᠬᠤᠶᠠᠷ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠬᠡᠷᠡᠭ ᠡᠷᠭᠢᠯᠡᠬᠦ ᠪᠠᠶᠢᠭᠤᠯᠤᠮᠵᠢ ᠶᠢ ᠴᠠᠭ ᠲᠤᠬᠠᠢ ᠳᠤ  ᠨᠢ ᠵᠣᠬᠢᠶᠠᠨ ᠪᠠᠶᠢᠭᠤᠯᠵᠤ᠂ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠨᠥᠬᠦᠴᠡᠯ ᠢ ᠱᠠᠲᠤ ᠬᠤᠪᠢᠶᠠᠨ ᠲᠣᠭᠲᠠᠭᠠᠵᠤ᠂ ᠬᠢᠨᠠᠨ ᠲᠣᠭᠲᠠᠭᠠᠬᠤ ᠳᠦᠷᠢᠮ ᠢ ᠪᠠᠶᠢᠭᠤᠯᠤᠨ᠂ ᠬᠢᠨᠠᠨ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠭᠡᠳ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠳᠥᠷᠢᠮᠵᠢᠭᠦᠨ ᠪᠥᠭᠡᠳ ᠲᠢᠭᠯᠢᠮ ᠲᠠᠢ ᠥᠷᠨᠢᠭᠦᠯᠬᠦ ᠶᠢ ᠦᠨᠡᠨ ᠬᠦ ᠪᠠᠲᠤᠯᠠᠭᠰᠠᠨ ᠪᠠᠶᠢᠨ᠎ᠠ ᠃

      ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠣᠯᠣᠭᠰᠠᠨ ᠬᠥᠮᠥᠰ ᠨᠢ ᠠᠳᠠᠯᠢ ᠨᠥᠬᠦᠴᠡᠯ ᠤᠨ ᠳᠣᠣᠷ᠎ᠠ ᠰᠢᠨ᠎ᠡ ᠮᠡᠷᠭᠡᠵᠢᠯ ᠤᠨ ᠪᠣᠯᠪᠠᠰᠤᠷᠠᠯ ᠢ ᠤᠷᠢᠳ ᠢᠶᠠᠷ ᠭᠥᠷᠳᠡᠵᠦ᠂ ᠰᠢᠨ᠎ᠡ ᠲᠥᠷᠥᠯ ᠵᠦᠢᠯ᠂ ᠰᠢᠨ᠎ᠡ ᠤᠷᠠᠯᠠᠯ ᠤᠨ ᠲᠤᠷᠰᠢᠯᠲᠠ ᠵᠢᠱᠢᠶ᠎ᠡ ᠦᠵᠡᠭᠦᠯᠦᠯᠲᠡ ᠶᠢ ᠤᠷᠢᠳ ᠢᠶᠠᠷ ᠬᠦᠯᠢᠶᠡᠨ᠎ᠡ ︔ ᠬᠤᠯᠪᠤᠭᠳᠠᠯ ᠪᠦᠬᠦᠢ ᠠᠵᠢᠯ ᠲᠥᠷᠥᠯ ᠤᠨ ᠬᠦᠷᠢᠶᠡᠨ ᠤ ᠮᠡᠷᠭᠡᠵᠢᠯ ᠤᠨ ᠪᠣᠯᠪᠠᠰᠤᠷᠠᠯ ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠶᠢᠯᠤᠮᠵᠢ᠂ ᠭᠠᠳᠠᠭᠰᠢ ᠭᠠᠷᠴᠤ ᠰᠢᠨᠵᠢᠯᠡᠨ ᠪᠠᠶᠢᠴᠠᠭᠠᠬᠤ ᠵᠢᠴᠢ ᠡᠷᠳᠡᠮ ᠰᠢᠨᠵᠢᠯᠡᠭᠡᠨ ᠤ ᠬᠤᠷᠠᠯ ᠵᠡᠷᠭᠡ ᠠᠵᠢᠯᠯᠠᠭ᠎ᠠ ᠨᠤᠭᠤᠳ ᠲᠤ ᠤᠷᠢᠳ ᠢᠶᠠᠷ ᠣᠷᠣᠯᠴᠠᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠮᠠᠯᠴᠢᠨ ᠲᠠᠷᠢᠶᠠᠴᠢᠨ ᠢ ᠪᠣᠯᠪᠠᠰᠤᠷᠠᠭᠤᠯᠬᠤ ᠡᠭᠦᠷᠭᠡ ᠶᠢ ᠤᠷᠢᠳ ᠢᠶᠠᠷ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠨᠢᠭᠡᠳᠦᠭᠡᠷ ᠹᠷᠣᠨᠲ ᠤᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡᠨ ᠳᠤ ᠤᠷᠢᠳ ᠢᠶᠠᠷ ᠣᠷᠣᠯᠴᠠᠨ᠎ᠠ ︔ ᠮᠥᠩᠭᠦᠨ ᠭᠦᠢᠯᠭᠡᠭᠡᠨ ᠤ ᠳᠠᠭᠠᠳᠬᠠᠯ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠤᠷᠢᠳ ᠢᠶᠠᠷ ᠭᠥᠷᠳᠡᠵᠦ᠂ ᠴᠢᠳᠠᠪᠤᠷᠢᠲᠠᠨ ᠢ ᠬᠥᠮᠥᠵᠢᠭᠦᠯᠬᠦ ᠢᠨᠵᠧᠨᠧᠷᠢᠩ᠂ ᠴᠢᠳᠠᠪᠤᠷᠢᠲᠠᠨ ᠤ ᠲᠦᠰᠦᠯ ᠤᠨ ᠰᠢᠯᠭᠠᠷᠠᠭᠤᠯᠤᠯᠲᠠ᠂ ᠰᠢᠯᠢᠳᠡᠭ ᠢ ᠬᠥᠬᠢᠭᠦᠯᠦᠨ ᠰᠠᠶᠢᠰᠢᠶᠠᠬᠤ ᠵᠡᠷᠭᠡ ᠳᠤ ᠤᠷᠢᠳ ᠢᠶᠠᠷ ᠰᠣᠩᠭᠤᠭᠳᠠᠨ ᠲᠠᠨᠢᠯᠴᠠᠭᠤᠯᠤᠭᠳᠠᠵᠤ ᠣᠷᠣᠯᠴᠠᠭᠤᠯᠤᠨ᠎ᠠ︔ ᠬᠥᠳᠡᠭᠡ ᠲᠣᠰᠬᠤᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯᠲᠡᠨ ᠢ ᠤᠷᠢᠨ ᠬᠡᠷᠡᠭᠯᠡᠬᠦ ᠳᠤ ᠤᠷᠢᠳ ᠢᠶᠠᠷ ᠲᠠᠨᠢᠯᠴᠠᠭᠤᠯᠤᠭᠳᠠᠬᠤ ᠪᠠ ᠤᠷᠢᠭᠳᠠᠨ ᠬᠡᠷᠡᠭᠯᠡᠭᠳᠡᠨ᠎ᠡ ᠃ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠷᠠᠬᠢ 2 ᠠᠴᠠ ᠳᠡᠭᠡᠭᠰᠢᠬᠢ ᠭᠡᠰᠢᠭᠦᠨ ᠨᠢ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠣᠯᠣᠭᠰᠠᠨ ᠮᠥᠷᠲᠡᠭᠡᠨ ᠣᠷᠳᠣ ᠬᠤᠭᠤᠴᠠᠭ᠎ᠠ ᠪᠠᠷ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠪᠠᠯ᠂ ᠬᠤᠲᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠤᠷᠢᠳ ᠢᠶᠠᠷ ᠲᠠᠨᠢᠯᠴᠠᠭᠤᠯᠬᠤ ᠳᠤ ᠴᠢᠬᠤᠯᠠ ᠦᠨᠳᠦᠰᠦᠯᠡᠯ ᠪᠣᠯᠭᠠᠨ᠎ᠠ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠱᠠᠩᠨᠠᠵᠤ ᠨᠥᠬᠦᠪᠦᠷᠢᠯᠡᠬᠦ ᠲᠥᠷᠥ ᠶᠢᠨ ᠪᠣᠳᠣᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠦᠰᠦᠯ ᠢ ᠮᠠᠯᠴᠢᠨ ᠲᠠᠷᠢᠶᠠᠴᠢᠨ ᠤ ᠮᠡᠷᠭᠡᠵᠢᠯ ᠤᠨ ᠴᠣᠯᠠ ᠣᠯᠣᠭᠰᠠᠨ ᠮᠠᠯᠴᠢᠳ ᠲᠠᠷᠢᠶᠠᠴᠢᠳ ᠤᠨ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠳᠠᠭᠠᠭᠤᠯᠤᠨ ᠡᠷᠭᠢᠯᠡᠬᠦ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠨ᠎ᠡ᠃

 

 



      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ