ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠭᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/2/28

2 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠭᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ ᠢᠯᠵᠠᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠲᠤᠬᠠᠢ ᠰᠡᠷᠡᠮᠵᠢᠯᠡᠭᠦᠯᠬᠦ ᠬᠥᠮᠥᠵᠢᠯ ᠤᠨ ᠹᠢᠯᠢᠮ ᠢ ᠬᠠᠮᠲᠤ ᠦᠵᠡᠵᠦ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃

ᠸᠠᠩ ᠯᠢ ᠰᠢᠶᠠ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠪᠠᠲᠤᠯᠠᠭ᠎ᠠ ᠮᠥᠨ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠬᠡᠪᠰᠢ ᠭᠦᠨᠵᠡᠭᠡᠶᠢᠷᠡᠭᠦᠯᠦᠨ ᠠᠬᠢᠭᠤᠯᠵᠤ᠂ ᠴᠢᠩᠭ᠎ᠠ ᠬᠦᠴᠦᠲᠡᠢ ᠥᠪᠡᠷ ᠪᠡᠶ᠎ᠡ ᠶᠢᠨ ᠬᠤᠪᠢᠰᠬᠠᠯ ᠤᠨ ᠵᠣᠷᠢᠭ ᠰᠠᠨᠠᠭ᠎ᠠ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠬᠡᠷᠡᠭᠲᠡᠢ᠃ ᠤᠯᠤᠰ ᠲᠥᠷᠥ ᠶᠢ ᠡᠷᠬᠢᠮᠯᠡᠬᠦ ᠶᠢ ᠲᠡᠷᠢᠭᠦᠨ ᠳᠤ ᠲᠠᠯᠪᠢᠵᠤ᠂ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠬᠦ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠬᠦᠷᠢᠶ᠎ᠡ ᠴᠠᠷᠠᠭ᠎ᠠ ᠪᠠ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠨᠢᠭᠲᠠ ᠠᠩᠬᠠᠷᠴᠤ᠂ ᠠᠰᠢᠭ ᠲᠤᠰᠠ ᠬᠦᠷᠭᠡᠬᠦ᠂ ᠳᠣᠲᠣᠭᠠᠳᠤ ᠭᠠᠳᠠᠭᠠᠳᠤ ᠰᠥᠯᠪᠡᠭᠡᠯᠳᠦᠬᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠬᠡᠭᠡᠯᠢ ᠲᠦᠯᠬᠢᠵᠦ ᠬᠠᠭ᠋ᠤᠤᠯᠢ ᠢᠳᠡᠬᠦ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠳᠦᠷᠢᠮ ᠠᠴᠠ ᠵᠥᠷᠢᠴᠡᠨ ᠢᠳᠡᠵᠦ ᠤᠤᠭᠤᠬᠤ ᠵᠡᠷᠭᠡ ᠠᠰᠠᠭᠤᠳᠠᠯ ᠢ ᠦᠷᠭᠦᠯᠵᠢᠯᠡᠨ ᠵᠠᠰᠠᠵᠤ᠂ ︽ᠨᠠᠮ ᠵᠠᠰᠠᠭ ᠤᠨ ᠶᠡᠭᠡ ᠬᠦᠷᠢᠶᠡᠨ ᠳᠤ ᠪᠠᠷᠢᠯᠭ᠎ᠠ ᠪᠠᠶᠢᠭᠤᠯᠬᠤ ᠦᠭᠡᠢ ᠣᠨ︾ ᠵᠡᠷᠭᠡ ᠠᠷᠪᠢᠯᠠᠵᠤ ᠭᠠᠮᠨᠠᠬᠤ ᠡᠯ᠎ᠡ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠦᠨᠡᠨᠴᠢ ᠢᠲᠡᠭᠡᠮᠵᠢ ᠶᠢ ᠡᠷᠬᠢᠮᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠ ᠵᠣᠭᠤᠰ ᠢ ᠦᠨᠡᠨ ᠪᠣᠳᠠᠲᠠᠢ ᠲᠥᠯᠥᠵᠦ᠂ ᠠᠵᠤ ᠠᠬᠤᠶᠢᠯᠠᠯ ᠳᠤ ᠦᠢᠯᠡᠴᠢᠯᠡᠬᠦ ᠵᠦᠢᠯᠡᠰ ᠢ ᠦᠨᠡᠨ ᠪᠣᠳᠠᠲᠠᠢ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠣᠨ ᠢᠶᠠᠷ ᠵᠢᠯᠣᠭᠤᠳᠤᠮᠵᠢ ᠪᠣᠯᠭᠠᠵᠤ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠱᠠᠯᠠᠪᠳᠠᠭᠤᠯᠤᠨ ᠲᠦᠷᠭᠡᠨ ᠬᠢᠵᠦ᠂ ᠴᠢᠳᠠᠪᠠᠯ ᠲᠦᠷᠭᠡᠨ ᠬᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ