ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/2/5


      2 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠠᠢ ᠃ 

      ᠬᠤᠸᠠᠩ ᡁᠢ ᠴᠢᠶᠠᠩ ᠬᠡᠯᠡᠬᠦ ᠳᠤ ᠪᠠᠨ ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ᠂ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠣᠶᠢᠷ᠎ᠠ ᠶᠢᠨ ᠬᠡᠳᠦᠨ ᠵᠢᠯ ᠳᠤ ᠮᠠᠨ ᠤ ᠣᠷᠣᠨ ᠤ ᠡᠵᠡᠩᠨᠡᠯᠲᠡ ᠶᠢᠨ ᠭᠤᠣᠯ ᠴᠣᠭᠴᠠ ᠨᠤᠭᠤᠳ ᠣᠭᠵᠤᠮ ᠨᠡᠮᠡᠭᠳᠡᠵᠦ᠂ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠡᠭᠡ ᠪᠥᠭᠡᠳ ᠥᠷᠭᠡᠨ ᠪᠣᠯᠵᠠᠢ ᠂ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠢ ᠰᠠᠶᠢᠨ ᠬᠢᠭᠰᠡᠨ ᠡᠰᠡᠬᠦ ᠨᠢ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠣᠯᠵᠤ ᠠᠯᠳᠠᠬᠤ ᠲᠠᠢ ᠰᠢᠭᠤᠳ ᠬᠤᠯᠪᠤᠭᠳᠠᠨ᠎ᠠ ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠢ ᠡᠵᠡᠮᠳᠡᠬᠦ ᠬᠠᠷᠢᠭᠤᠴᠠᠯᠭ᠎ᠠ ᠶᠢ ᠭᠤᠭᠴᠤᠭ᠎ᠠ ᠨᠢᠭᠡ ᠪᠦᠷᠢ ᠳᠤ ᠬᠦᠷᠲᠡᠯ᠎ᠡ ᠪᠣᠳᠠᠲᠠᠶᠢᠵᠢᠭᠤᠯᠵᠤ᠂ ᠴᠡᠭ ᠨᠢᠭᠡ ᠪᠦᠷᠢ ᠶᠢ ᠨᠢᠭᠲᠠ ᠠᠩᠬᠠᠷᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠭ᠎ᠠ ᠶᠢ ᠲᠤᠬᠠᠢ ᠶᠢᠨ ᠲᠠᠯᠠᠪᠠᠶ ᠶᠢᠨ ᠳᠠᠩᠰᠠᠯᠠᠯᠲᠠ ᠶᠢᠨ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠬᠦ ᠬᠦᠴᠦᠲᠡᠢ ᠠᠷᠭ᠎ᠠ ᠪᠠᠷᠢᠯ ᠪᠣᠯᠭᠠᠨ ᠂ ᠡᠵᠡᠩᠨᠡᠯᠲᠡ ᠶᠢᠨ ᠭᠤᠣᠯ ᠴᠣᠭᠴᠠ ᠨᠤᠭᠤᠳ ᠤᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠣᠶᠢᠯᠠᠭᠠᠬᠤ᠂ ᠳᠡᠮᠵᠢᠬᠦ ᠪᠠ ᠬᠠᠮᠵᠢᠯᠴᠠᠬᠤ ᠬᠡᠮᠵᠢᠶ᠎ᠡ ᠶᠢ ᠴᠢᠨᠠᠭᠰᠢᠳᠠ ᠤᠯᠠᠮ ᠳᠡᠭᠡᠭᠰᠢᠯᠡᠭᠦᠯᠵᠦ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠰᠠᠶᠢᠨ ᠰᠠᠶᠢᠬᠠᠨ ᠠᠭᠤᠷ ᠠᠮᠢᠰᠬᠤᠯ ᠢ ᠰᠠᠶᠢᠲᠤᠷ ᠪᠣᠶ ᠪᠣᠯᠭᠠᠬᠤ ᠬᠡᠷᠡᠭᠲᠡᠢ ᠭᠡᠪᠡ ᠃

      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠤᠯᠠᠭᠠᠨᠬᠠᠳᠠ ᠬᠤᠳᠠ ᠂ ᠣᠷᠳᠣᠰ ᠬᠤᠳᠠ ᠬᠤᠷᠠᠯ ᠳᠡᠭᠡᠷ᠎ᠡ ᠭᠤᠣᠯᠳᠠᠯᠭ᠎ᠠ‌‍ᠲ᠋ᠠᠢ ᠶᠠᠷᠢᠶ᠎ᠠ ᠲᠠᠯᠪᠢᠵᠠᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ