ᠵᠠᠰᠠᠭ ᠤᠨ ᠣᠷᠳᠣᠨ ᠤ ᠠᠵᠢᠯ ᠤᠨ ᠢᠯᠡᠳᠬᠡᠯ
– 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ
ᠲᠥᠯᠥᠭᠡᠯᠡᠭᠴᠢᠳ ᠠ᠋᠄
ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃
ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ
2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ ᠶᠡᠭᠡ ᠬᠦᠴᠦᠨ ᠴᠢᠳᠠᠯ ᠢ ᠬᠤᠷᠠᠮᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ ᠪᠠ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠡᠳᠬᠢᠯ ᠵᠢᠷᠦᠬᠡᠨ ᠠᠴᠠ ᠪᠠᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ ᠢ ᠪᠣᠢ ᠪᠤᠯᠭᠠᠵᠦ᠂ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠪᠠ᠃
ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃
– ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠡᠩᠨᠡᠭᠡᠨ ᠳᠤ ᠪᠠᠶᠢᠷᠢᠰᠢᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% ᠨᠡᠮᠡᠭᠳᠡᠨ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ᠂ 2010 ᠣᠨ ᠠᠴᠠ ᠨᠠᠭᠠᠰᠢᠬᠢ ᠬᠠᠮᠤᠭ ᠤᠨ ᠰᠠᠶᠢᠨ ᠪᠠᠶᠢᠷᠢ ᠳᠤ ᠲᠣᠳᠣᠷᠠᠨ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 10 ᠲᠦᠮᠡᠨ ᠲᠥᠭᠦᠷᠢᠭ ᠢ ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ︔ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ ᠭᠠᠳᠠᠭᠠᠳᠤ ᠠᠷᠠᠯᠵᠢᠶᠠᠨ ᠤ ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠤᠶᠢᠯ ᠤᠨ ᠶᠡᠭᠡ ᠪᠠᠷ ᠨᠡᠮᠡᠭᠳᠡᠭᠦᠯᠪᠡ᠃
– ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠮᠡᠳᠡᠭᠳᠡᠬᠦᠶᠢᠴᠡ ᠴᠢᠩᠭᠠᠷᠠᠪᠠ᠃ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠲᠡᠭᠡᠭᠡᠪᠦᠷᠢᠯᠡᠬᠦ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠬᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ ᠤᠯᠤᠰ ᠲᠤ ᠮᠠᠩᠯᠠᠶᠢᠯᠠᠬᠤ︾ ᠶᠢ ᠪᠡᠶᠡᠯᠡᠭᠦᠯᠵᠦ᠂ 29 ᠮᠤᠵᠢ ᠶᠢᠨ ᠡᠨᠧᠷᠬᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ︽ᠭᠤᠷᠪᠠ ᠶᠢ ᠨᠡᠮᠡᠭᠳᠡᠭᠦᠯᠵᠦ︾᠂ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ᠂ ᠪᠦᠭᠦ ᠤᠯᠤᠰ ᠤᠨ ᠵᠢᠷᠭᠤᠳᠤᠭᠠᠷ ᠪᠠᠶᠢᠷᠢ ᠪᠠᠨ ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠶᠢᠨ ᠭᠠᠷᠤᠯᠲᠠ 792.6 ᠲᠦᠮᠡᠨ ᠲᠣᠨ ᠳᠤ ᠬᠦᠷᠴᠦ᠂ ᠴᠥᠮ ᠲᠡᠦᠬᠡ ᠶᠢᠨ ᠰᠢᠨ᠎ᠡ ᠲᠦᠪᠰᠢᠨ ᠳᠤ ᠬᠦᠷᠪᠡ᠃ ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃
– ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ ᠵᠢᠭᠠᠪᠤᠷᠢ ᠶᠢ ᠴᠤᠤᠷᠢᠶᠠᠲᠤᠨ ᠳᠠᠭᠠᠵᠤ᠂ ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠨᠢᠭᠡ ᠲᠥᠯᠦᠪᠵᠢᠭᠦᠯᠭᠡ ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠶᠢᠨ ᠣᠷᠣᠨ ᠪᠠ 11 ᠴᠢᠬᠤᠯᠠ ᠶᠡᠭᠡ ᠲᠦᠷᠦᠯ ᠵᠦᠢᠯ ᠪᠦᠭᠦᠨ ᠢ ᠤᠯᠤᠰ ᠤᠨ ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ᠂ ᠬᠤᠰᠢᠭᠤ ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠂ ᠭᠤᠷᠪᠠᠨ ᠲᠣᠮᠣ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤᠷᠤᠭᠰᠢᠲᠠᠢ ᠡᠬᠢᠯᠡᠵᠦ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ᠂ 1817 ᠲᠦᠮᠡᠨ ᠮᠦ ᠡᠪᠡᠰᠦ ᠲᠠᠷᠢᠵᠤ᠂ 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠲᠤᠰ ᠪᠦᠷᠢ ᠣᠨ ᠤ ᠡᠭᠦᠷᠭᠡ ᠪᠠᠨ 149%᠂ 140%᠂ 151% ᠪᠠᠷ ᠪᠡᠶᠡᠯᠡᠭᠦᠯᠪᠡ᠃ ᠡᠨᠡ ᠨᠢ ᠨᠠᠮ ᠤᠨ ᠲᠥᠪ ᠬᠤᠷᠢᠶ᠎ᠠ ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ᠃
– ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ᠃ ᠨᠡᠭᠦᠷᠡᠰᠦᠨ ᠤ ᠠᠵᠤ ᠦᠢᠯᠡᠰ ᠵᠥᠪᠬᠡᠨ 1.4% ᠨᠡᠮᠡᠭᠳᠡᠭᠰᠡᠨ ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ ᠨᠡᠮᠡᠭᠳᠡᠨ 12.1% ᠳᠤ ᠬᠦᠷᠴᠦ᠂ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠴᠥᠮ ᠬᠤᠶᠠᠷ ᠣᠷᠣᠨᠲᠤ ᠲᠣᠭᠠᠨ ᠤ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠵᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 ᠳ᠋ᠦᠩᠰᠢᠭᠤᠷ ᠲᠥᠭᠦᠷᠢᠭ ᠢ ᠳᠠᠪᠠᠵᠤ᠂ ᠪᠦᠭᠦ ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ ᠨᠢ 59.4% ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠪᠦᠲᠦᠴᠡ ᠪᠠᠨ ᠲᠣᠬᠢᠷᠠᠭᠤᠯᠬᠤ᠂ ᠬᠥᠳᠡᠯᠭᠡᠭᠴᠢ ᠴᠢᠳᠠᠪᠤᠷᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ᠃
– ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ ᠬᠥᠭᠵᠢᠪᠡ᠃ ᠭᠦᠬᠡᠬᠤᠲᠠ ᠪᠠ ᠪᠤᠭᠤᠲᠤ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠴᠥᠮ 10% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠴᠥᠮ 20% ᠠᠴᠠ ᠳᠡᠭᠡᠭᠰᠢ ᠨᠡᠮᠡᠭᠳᠡᠨ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ᠂ ᠣᠷᠳᠣᠰ ᠬᠤᠲᠠ 27.4% ᠳᠤ ᠬᠦᠷᠪᠡ᠃ ᠰᠢᠯᠢ ᠶᠢᠨ ᠭᠤᠣᠯ ᠠᠶᠢᠮᠠᠭ ᠤᠨ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ᠂ ᠬᠤᠲᠠ ᠶᠢᠨ ᠲᠡᠰ ᠤᠨ ᠬᠤᠶᠠᠳᠤᠭᠠᠷ ᠲᠤ ᠪᠠᠶᠢᠷᠢᠰᠢᠵᠤ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ᠂ ᠪᠢᠯᠢᠭ ᠲᠤᠶᠢᠯ ᠤᠨ ᠮᠠᠲ᠋ᠧᠷᠢᠶᠠᠯ ᠪᠠ ᠲᠥᠮᠥᠰᠥᠨ ᠤ ᠵᠦᠰᠦᠮ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ᠂ ᠠᠯᠠᠱᠠ ᠠᠶᠢᠮᠠᠭ ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ ᠬᠤᠵᠢᠷ ᠤᠨ ᠲᠦᠷᠦᠯ ᠵᠦᠢᠯ ᠢ ᠪᠠᠶᠢᠭᠤᠯᠪᠠ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ ᠬᠠᠷᠭᠤᠭᠤᠯᠵᠤ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ ᠬᠠᠷᠠᠭᠤᠯᠪᠠ᠃
ᠨᠢᠭᠡ ᠵᠢᠯ ᠤᠨ ᠲᠤᠷᠰᠢ᠂ ᠪᠢᠳᠡ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠰᠢᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠨᠢᠭᠲᠠ ᠤᠶᠠᠯᠳᠤᠵᠤ᠂ ᠳᠣᠣᠷᠠᠬᠢ ᠠᠵᠢᠯ ᠢ ᠭᠤᠣᠯᠳᠠᠯᠭ᠎ᠠ ᠪᠣᠯᠭᠠᠨ ᠬᠢᠪᠡ᠃
ᠨᠢᠭᠡ ᠳᠤ ᠠᠵᠤ ᠠᠬᠤᠢ ᠶᠢᠨ ᠲᠦᠷᠭᠡᠨ ᠮᠥᠷᠲᠡᠭᠡᠨ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠪᠡᠯᠡ ᠤᠷᠤᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠳᠠ ᠦᠭᠡᠢ ᠨᠡᠶᠢᠲᠡᠯᠡᠵᠦ᠂ ᠠᠵᠢᠯᠯᠠᠭᠠᠨ ᠤ ᠲᠣᠬᠢᠷᠠᠭᠤᠯᠤᠯᠲᠠ ᠪᠠᠨ ᠰᠠᠷ᠎ᠠ ᠤᠯᠠᠷᠢᠯ ᠢᠶᠠᠷ ᠴᠢᠩᠭᠠᠳᠬᠠᠨ᠂ ᠥᠨᠳᠥᠷ ᠰᠠᠭᠤᠷᠢ ᠲᠣᠭᠠᠨ ᠳᠡᠭᠡᠷᠡᠬᠢ ᠠᠵᠤ ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠣᠨ ᠤ ᠡᠬᠢᠯᠡᠯᠲᠡ ᠶᠢᠨ ᠠᠩᠬᠠᠨ ᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠵᠡᠷᠭᠡ ᠲᠤᠰᠬᠠᠢ ᠲᠠᠯᠠᠪᠤᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠬᠢᠯᠡᠵᠦ᠂ ᠪᠦᠭᠦ ᠣᠷᠣᠨ ᠳᠤ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ 40.2% ᠨᠡᠮᠡᠭᠳᠡᠨ᠂ ᠳᠡᠯᠡᠬᠡᠢ ᠶᠢᠨ 500 ᠬᠦᠴᠦᠷᠬᠡᠭ ᠪᠣᠯᠤᠭᠰᠠᠨ 45 ᠠᠵᠤ ᠠᠬᠤᠶᠢᠯᠠᠯ ᠪᠠ ᠲᠤᠮᠳᠠᠳᠤ ᠤᠯᠤᠰ ᠤᠨ 500 ᠬᠦᠴᠦᠷᠬᠡᠭ ᠪᠣᠯᠤᠭᠰᠠᠨ 22 ᠠᠵᠤ ᠠᠬᠤᠶᠢᠯᠠᠯ ᠮᠠᠨ ᠤ ᠣᠷᠣᠨ ᠳᠤ ᠪᠡᠯᠡ ᠣᠷᠣᠭᠤᠯᠵᠤ ᠦᠢᠯᠡᠰ ᠡᠷᠬᠢᠯᠡᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ ᠥᠷᠨᠢᠵᠦ᠂ ᠴᠢᠬᠤᠯᠠ ᠶᠡᠭᠡ ᠲᠦᠷᠦᠯ ᠵᠦᠢᠯ ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ ᠤᠷᠤᠭᠤᠯᠤᠯᠲᠡ ᠲᠠᠢ ᠠᠵᠤ ᠦᠢᠯᠡᠰ ᠤᠨ ᠲᠦᠷᠦᠯ ᠵᠦᠢᠯ ᠢ 42 ᠰᠢᠨ᠎ᠡ ᠪᠠᠷ ᠪᠠᠶᠢᠭᠤᠯᠤᠭᠰᠠᠨ ᠪᠤᠶᠤ ᠵᠠᠯᠭᠠᠵᠤ ᠪᠠᠶᠢᠭᠤᠯᠪᠠ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ ᠤ ᠵᠠᠰᠠᠮᠠᠯ ᠵᠠᠮ ᠢ 876 ᠺᠢᠯᠣᠮᠧᠲᠷ ᠰᠢᠨ᠎ᠡ ᠪᠠᠷ ᠲᠡᠷᠭᠡ ᠨᠠᠪᠲᠠᠷᠡᠭᠦᠯᠵᠦ᠂ ᠥᠪᠥᠷ ᠮᠣᠩᠭᠤᠯ ᠤᠨ ᠬᠢᠯᠢ ᠳᠣᠲᠣᠷᠠᠬᠢ ᠤᠯᠤᠰ ᠤᠨ ᠲᠦᠷᠭᠡᠨ ᠤ ᠵᠠᠰᠠᠮᠠᠯ ᠵᠠᠮ ᠤᠨ ᠭᠤᠣᠯ ᠱᠤᠭᠤᠮ ᠤᠨ ᠬᠡᠰᠡᠭ ᠢ ᠪᠦᠭᠦᠨ ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ ᠤ ᠵᠠᠰᠠᠮᠠᠯ ᠵᠠᠮ ᠤᠨ ᠶᠡᠭᠡ ᠨᠡᠪᠳᠡᠷᠡᠯ ᠵᠠᠮ ᠢ ᠵᠠᠯᠭᠠᠵᠤ 108 ᠺᠢᠯᠣᠮᠧᠲᠷ ᠵᠠᠰᠠᠭᠰᠠᠭᠠᠷ ᠪᠦᠭᠦ ᠱᠤᠭᠤᠮ ᠢᠶᠠᠷ ᠨᠡᠪᠳᠡᠷᠡᠵᠦ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1085 ᠺᠢᠯᠣᠮᠧᠲᠷ ᠡᠬᠢᠯᠡᠭᠦᠯᠦᠨ ᠪᠠᠶᠢᠭᠤᠯᠵᠤ᠂ ︽ᠮᠤᠬᠤᠷ ᠵᠠᠮ︾ ᠢ 260 ᠺᠢᠯᠣᠮᠧᠲᠷ ᠨᠡᠪᠲᠡᠷᠡᠭᠦᠯᠪᠡ︔ ᠪᠠᠶᠢᠭᠤᠯᠵᠤ ᠪᠠᠶᠢᠭ᠎ᠠ ᠲᠦᠷᠭᠡᠨ ᠤ ᠪᠠ ᠬᠤᠷᠳᠤᠨ ᠤ ᠲᠡᠮᠦᠷ ᠵᠠᠮ 1700 ᠭᠠᠷᠤᠢ ᠺᠢᠯᠣᠮᠧᠲᠷ ᠲᠤ ᠬᠦᠷᠪᠡ︔ ︽ᠰᠠᠯᠪᠤᠷᠢ ᠱᠤᠭᠤᠮ ᠤᠨ ᠨᠡᠪᠳᠡᠷᠡᠯ︾ ᠠᠭᠠᠷ ᠤᠨ ᠠᠶᠠᠯᠠᠯ ᠤᠨ ᠱᠤᠭᠤᠮ ᠢ 29 ᠵᠤᠷᠪᠤᠰ ᠰᠢᠨ᠎ᠡ ᠪᠠᠷ ᠨᠡᠪᠲᠡᠷᠡᠭᠦᠯᠦᠨ᠂ ᠨᠡᠶᠢᠲᠡ 50 ᠵᠤᠷᠪᠤᠰ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ ᠠᠶᠢᠮᠠᠭ ᠬᠤᠲᠠ ᠶᠢᠨ ᠬᠤᠭᠤᠷᠤᠨᠳᠤᠬᠢ ︽ᠡᠭᠡᠯᠲᠡ ᠪᠤᠴᠠᠯᠲᠠ︾ ᠶᠢᠨ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠤᠰᠤ ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠳᠡᠷᠡᠵᠦ᠂ ᠥᠨᠳᠡᠭᠡᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠳᠤ ᠤᠰᠤ ᠬᠠᠳᠠᠭᠠᠯᠠᠬᠤ᠂ ᠵᠡᠭᠦᠨ ᠲᠠᠶᠢᠰᠠ ᠤᠰᠤᠨ ᠴᠦᠬᠦᠷᠦᠮ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ︔ 5G ᠰᠠᠭᠤᠷᠢ ᠦᠷᠲᠡᠭᠡ᠂ ᠬᠤᠲᠠ ᠶᠢᠨ ᠤᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ ᠱᠣᠩ ᠢ ᠲᠣᠰ ᠪᠦᠷᠢ 2 ᠲᠦᠮᠡ ᠰᠢᠨ᠎ᠡ ᠪᠠᠷ ᠨᠡᠮᠡᠭᠳᠡᠭᠦᠯᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠢ ᠲᠦᠷᠭᠡᠬᠡᠨ ᠰᠡᠷᠭᠦᠭᠡᠵᠦ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ ᠤ ᠲᠦᠷᠦᠯ ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ 1.7 ᠲᠠᠬᠢᠨ ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭᠠᠨ᠂ ᠬᠤᠪᠴᠠᠰᠤ ᠬᠤᠨᠠᠷ ᠵᠡᠷᠭᠡ ᠲᠠᠯ᠎ᠠ ᠶᠢᠨ ᠬᠡᠷᠡᠭᠯᠡᠭᠡ ᠴᠥᠮ 25% ᠠᠴᠠ ᠳᠡᠭᠡᠭᠰᠢ ᠨᠡᠮᠡᠭᠳᠡᠪᠡ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠬᠤ ᠲᠤᠭ᠎ᠠ 21.5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠤᠰᠢᠭᠤᠴᠢ ᠳᠡᠯᠭᠡᠭᠦᠷ ᠢ 147 ᠣᠷᠣᠭᠤᠯᠤᠨ ᠠᠪᠴᠢᠷᠠᠪᠠ᠃
ᠬᠤᠶᠠᠷ ᠲᠤ ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠨ ᠬᠦᠴᠦᠷᠬᠡᠭᠵᠢᠭᠦᠯᠪᠡ᠃ ᠠᠵᠤ ᠦᠢᠯᠡᠰ ᠤᠨ ᠬᠡᠯᠬᠢᠶᠡᠨ ᠤ ︽ᠬᠡᠯᠬᠢᠶᠡᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢᠯ ᠢ 650 ᠠᠬᠢᠭᠤᠯᠤᠨ᠂ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 1.4 ᠲᠦᠮᠡᠨ ᠳ᠋ᠦᠩᠰᠢᠭᠤᠷ ᠲᠥᠭᠦᠷᠢᠭ ᠰᠢᠬᠠᠮ ᠪᠣᠯᠪᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠨᠡᠮᠡᠭᠳᠡᠯ ᠦᠷᠲᠡᠭ 16.1% ᠨᠡᠮᠡᠭᠳᠡᠨ᠂ ᠪᠦᠭᠦ ᠤᠯᠤᠰ ᠤᠨ ᠲᠠᠩ ᠴᠣᠭᠴᠠᠲᠤ ᠬᠡᠪᠴᠢᠶ᠎ᠡ ᠪᠠᠷ ᠬᠠᠮᠤᠭ ᠤᠨ ᠲᠣᠮᠣ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠲᠦᠷᠦᠯ ᠵᠦᠢᠯ᠂ ᠤᠯᠤᠰ ᠤᠨ ᠳᠣᠲᠣᠭᠠᠳᠤ ᠳᠠᠬᠢ ᠠᠵᠢᠯᠯᠠᠭᠤᠯᠵᠤ ᠪᠠᠶᠢᠭ᠎ᠠ ᠡᠬᠡ ᠬᠠᠭᠤᠷᠠᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠠᠮᠤᠭ ᠤᠨ ᠲᠣᠮᠣ ᠰᠠᠭᠤᠷᠢᠨ ᠭᠠᠵᠠᠷ᠂ ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠪᠠ︔ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 2762 ᠳ᠋ᠦᠩᠰᠢᠭᠤᠷ ᠲᠥᠭᠦᠷᠢᠭ ᠲᠤ ᠬᠦᠷᠴᠦ᠂ ᠭᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ 4 ᠰᠠᠭᠤᠷᠢᠨ ᠭᠠᠵᠠᠷ ᠤᠨ ᠡᠵᠡᠯᠡᠬᠦ ᠬᠠᠷᠢᠴᠠᠯ 80% ᠳᠤ ᠬᠦᠷᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠦᠷᠲᠡᠭ 15.4% ᠨᠡᠮᠡᠭᠳᠡᠵᠦ᠂ ᠨᠡᠭᠦᠷᠡᠰᠦᠨ ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢᠯ ᠢ 34 ᠬᠡᠷᠡᠭᠵᠢᠭᠦᠯᠦᠨ᠂ 11 ᠶᠢ ᠨᠢ ᠠᠰᠢᠭᠯᠠᠯᠲᠠ ᠳᠤ ᠣᠷᠣᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢ ᠡᠪᠴᠡᠯᠳᠦᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ ᠦᠢᠯᠡᠳᠬᠦ᠂ ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠲᠡᠭ 21% ᠨᠡᠮᠡᠭᠳᠡᠵᠦ᠂ ᠳᠤᠮᠳᠠ ᠶᠢᠨ ᠪᠠ ᠬᠦᠨᠳᠦ ᠬᠤᠪᠣᠷ ᠰᠢᠷᠣᠶᠢᠲᠤ ᠲᠡᠮᠦᠷᠯᠢᠭ ᠤᠨ ᠦᠢᠯᠡᠳᠬᠦᠨ ᠢ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ 10 ᠲᠦᠮᠡᠨ ᠲᠤᠨ ᠤ ᠲᠡᠰ ᠤᠨ ᠪᠦᠭᠦ ᠪᠥᠮᠪᠥᠷᠴᠡᠭ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠪᠣᠬᠢᠷᠳᠤᠯ ᠦᠭᠡᠢ ᠬᠠᠶᠢᠯᠤᠭᠤᠯᠬᠤ ᠲᠦᠷᠦᠯ ᠵᠦᠢᠯ ᠢ ᠡᠬᠢᠯᠡᠭᠦᠯᠦᠨ᠂ ᠬᠤᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠶᠢᠨ ᠰᠢᠨᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ ᠤᠯᠠᠷᠢᠭᠤᠯᠤᠭᠰᠠᠨ ᠨᠤᠷᠮ᠎ᠠ 72% ᠲᠤ ᠬᠦᠷᠴᠦ᠂ ᠰᠦ ᠰᠠᠭᠠᠯᠢ ᠶᠢᠨ ᠦᠢᠯᠡᠰ᠂ ᠲᠥᠮᠥᠰᠥ ᠶᠢᠨ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ 2 ᠪᠠ ᠤᠯᠤᠰ ᠤᠨ ᠲᠡᠰ ᠤᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠢ 3᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠰᠢᠨ᠎ᠡ ᠪᠠᠷ ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠪᠦᠭᠦ ᠤᠯᠤᠰ ᠲᠤ ᠲᠦᠷᠦᠭᠦᠯᠡᠨ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠬᠥᠮᠥᠷᠭᠡ᠂ ᠤᠯᠤᠰ ᠤᠨ ᠬᠤᠨᠢ ᠢᠮᠠᠭᠠᠨ ᠤ ᠤᠳᠤᠮᠯᠠᠯ ᠤᠨ ᠦᠨᠡᠯᠡᠨ ᠵᠢᠱᠢᠯᠲᠡ ᠶᠢᠨ ᠲᠥᠪ ᠢ ᠪᠠᠶᠢᠭᠤᠯᠵᠤ᠂ ᠠᠯᠠᠰᠢᠨ ᠬᠤᠨᠢᠨ ᠤ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ ᠳ᠋ᠦᠩᠰᠢᠭᠤᠷ ᠲᠡᠰ ᠲᠤ ᠬᠦᠷᠪᠡ᠃
ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠰᠢᠨ᠎ᠡ ᠰᠢᠪᠲᠤᠯᠤᠯᠲᠠ ᠭᠠᠷᠬᠤ ᠶᠢ ᠠᠬᠢᠭᠤᠯᠪᠠ᠃ ᠪᠦᠭᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 314᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 950 ᠰᠢᠨ᠎ᠡ ᠪᠠᠷ ᠨᠡᠮᠡᠭᠳᠡᠪᠡ᠃ 6 ᠬᠥᠮᠥᠨ ︽ᠬᠥᠬᠡᠮᠥ᠋ᠷᠡᠨ ᠨᠡᠷᠡᠮᠵᠢᠲᠦ ᠱᠠᠩᠨᠠᠯ ᠢ ᠣᠯᠣᠭᠰᠠᠨ ᠡᠷᠳᠡᠮᠲᠡᠨ︾᠂ ︽ᠤᠯᠤᠰ ᠤᠨ ᠭᠠᠷᠮᠠᠭᠠᠢ ᠵᠠᠯᠠᠭᠤᠴᠤᠳ︾ ᠲᠤ ᠰᠢᠨ᠎ᠡ ᠪᠠᠷ ᠰᠣᠩᠭᠤᠭᠳᠠᠪᠠ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ ᠴᠤᠭᠯᠠᠭᠤᠯᠵᠤ᠂ ᠪᠣᠳᠠᠲᠤ ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠶᠢ ᠪᠡᠶᠡᠯᠡᠭᠦᠯᠪᠡ᠂ ᠰᠦ ᠰᠠᠭᠠᠯᠢ ᠶᠢᠨ ᠦᠢᠯᠡᠰ᠂ ᠡᠪᠡᠰᠦᠨ ᠤ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 24 ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠭᠠᠷᠭᠠᠵᠤ᠂ ᠲᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ᠂ ᠣᠷᠳᠣᠰ ᠤᠨ ᠲᠤᠷᠰᠢᠯᠲᠠ ᠶᠢᠨ ᠲᠠᠰᠤᠭ ᠪᠠ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ - ᠪᠤᠭᠤᠲᠤ ᠶᠢᠨ ᠴᠠᠬᠢᠭᠤᠷᠲᠤ ᠮᠠᠲ᠋ᠧᠷᠢᠶᠠᠯ ᠤᠨ ᠬᠤᠯᠪᠤᠭᠠᠯᠠᠨ ᠰᠤᠳᠤᠯᠬᠤ ᠲᠥᠪ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠲᠠᠬᠢ ᠰᠤᠳᠤᠯᠭᠠᠨ ᠤ ᠬᠦᠷᠢᠶᠡᠯᠡᠩ ᠵᠠᠯᠭᠠᠭ᠎ᠠ ᠪᠠᠷ ᠪᠠᠶᠢᠭᠤᠯᠤᠭᠳᠠᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠦᠷᠦᠯ ᠵᠦᠢᠯ ᠢ 9 ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ 70 ᠪᠠᠶᠢᠭᠤᠯᠵᠤ᠂ ᠠᠭᠤᠷᠬᠠᠢ ᠶᠢᠨ ᠣᠶᠤᠨᠴᠢ ᠮᠠᠰᠢᠨ ᠬᠥᠮᠥᠨ᠂ ᠬᠤᠪᠣᠷ ᠰᠢᠷᠣᠢ ᠶᠢᠨ ᠦᠢᠯᠡᠳᠬᠦᠨ ᠦᠢᠯᠡᠳᠴᠦ ᠪᠦᠲᠦᠭᠡᠬᠦ᠂ ᠡᠷᠴᠢᠯᠡᠭᠦᠷ ᠬᠦᠷᠳᠦ ᠪᠠᠷ ᠡᠨᠧᠷᠭᠢ ᠨᠥᠭᠡᠴᠡᠯᠡᠬᠦ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠤᠨ ᠦᠢᠯᠡᠳᠦᠯ ᠲᠣᠳᠣᠷᠠᠵᠤ᠂ ᠪᠦᠭᠦ ᠣᠷᠣᠨ ᠤ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠲᠤᠭ᠎ᠠ 45.3% ᠨᠡᠮᠡᠭᠳᠡᠵᠦ᠂ ᠠᠷᠠᠯᠵᠢᠶᠠᠯᠠᠭᠰᠠᠨ ᠲᠤᠭ᠎ᠠ 17.6% ᠨᠡᠮᠡᠭᠳᠡᠪᠡ᠃
ᠳᠥᠷᠪᠡ ᠳᠤ ᠬᠦᠴᠢᠷ ᠠᠰᠠᠭᠤᠳᠠᠯ ᠢ ᠥᠭᠡᠷᠡᠴᠢᠯᠡᠯᠲᠡ ᠶᠢᠨ ᠠᠷᠭ᠎ᠠ ᠪᠠᠷ ᠠᠷᠢᠯᠭᠠᠨ ᠰᠢᠢᠳᠪᠦᠷᠢᠯᠡᠬᠦ ᠶᠢ ᠨᠡᠩ ᠶᠡᠭᠡ ᠴᠢᠬᠤᠯᠠᠴᠢᠯᠠᠨ ᠦᠵᠡᠪᠡ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠳᠤ ᠬᠠᠨᠳᠤᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠪᠠᠨ ᠴᠢᠩᠭᠠᠷᠠᠭᠤᠯᠤᠨ᠂ ᠬᠠᠯᠠᠮᠰᠢᠯ ᠤᠲᠠᠰᠤ 12345 ᠶᠢᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠰᠠᠷ᠎ᠠ ᠪᠣᠯᠭᠠᠨ ᠨᠡᠷᠡᠰ ᠤᠨ ᠵᠢᠭᠰᠠᠭᠠᠯᠲᠠ ᠭᠠᠷᠭᠠᠵᠤ ᠨᠡᠪᠲᠡᠷᠡᠭᠦᠯᠦᠨ ᠮᠡᠳᠡᠭᠡᠯᠡᠵᠦ᠂ ᠬᠤᠶᠢᠭᠤᠷ ᠵᠢᠭᠰᠠᠭᠠᠭᠳᠠᠵᠤ ᠪᠠᠶᠢᠭ᠎ᠠ ᠲᠠᠢ ᠨᠢ ᠪᠣᠯᠵᠣᠨ ᠶᠠᠷᠢᠯᠴᠠᠵᠤ᠂ ᠤᠯᠠᠮ ᠤᠯᠠᠨ ᠠᠵᠤ ᠠᠬᠤᠶᠢᠯᠠᠯ ᠪᠠ ᠠᠷᠠᠳ ᠲᠦᠮᠡᠨ ᠬᠠᠯᠠᠮᠰᠢᠯ ᠤᠲᠠᠰᠤ ᠪᠠᠷ ᠲᠠᠮᠵᠢᠵᠦ ᠲᠦᠷᠦ ᠶᠢᠨ ᠪᠣᠳᠣᠯᠭ᠎ᠠ ᠶᠢ ᠣᠶᠢᠯᠠᠭᠠᠭᠰᠠᠨ ᠪᠠ ᠠᠰᠠᠭᠤᠳᠠᠯ ᠢᠶᠠᠨ ᠰᠢᠢᠳᠪᠦᠷᠢᠯᠡᠵᠦ᠂ ᠪᠦᠭᠦ ᠵᠢᠯ ᠳᠤ ᠡᠯ᠎ᠡ ᠲᠦᠷᠦᠯ ᠤᠨ ᠭᠤᠮᠣᠳᠠᠯ ᠱᠠᠭᠠᠷᠳᠠᠯᠭ᠎ᠠ ᠶᠢ 641 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠭᠦᠢᠴᠡᠳᠬᠡᠵᠦ ᠳᠠᠭᠤᠰᠬᠠᠭᠰᠠᠨ ᠨᠤᠷᠮ᠎ᠠ 95% ᠠᠴᠠ ᠳᠡᠭᠡᠭᠰᠢ ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠢ 268 ᠬᠦᠴᠦᠨ ᠦᠭᠡᠢ ᠪᠤᠯᠭᠠᠨᠨᠰᠠᠨ ᠪᠠ ᠳᠣᠷᠣᠭᠰᠢ ᠪᠠᠭᠤᠯᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠬᠡᠰᠡᠭᠯᠡᠭᠰᠡᠨ ︽ᠪᠠᠷᠢᠮᠵᠢᠶᠠᠲᠤ ᠭᠠᠵᠠᠷ︾ ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠤᠷᠢᠭ ᠪᠠ ᠲᠣᠰᠬᠤᠨ ᠤ ᠱᠠᠲᠤ ᠪᠦᠬᠦᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠬᠠᠮᠤᠷᠤᠭᠤᠯᠬᠤ ᠶᠢ ᠪᠡᠶᠡᠯᠡᠭᠦᠯᠵᠦ᠂ ︽ᠵᠠᠰᠠᠭ ᠤᠨ ᠶᠠᠪᠤᠳᠠᠯ + ᠰᠢᠭᠤᠳ ᠨᠡᠪᠲᠡᠷᠡᠭᠦᠯᠭᠡ︾ ᠦᠢᠯᠡᠴᠢᠯᠡᠭᠡᠨ ᠤ ᠰᠢᠨ᠎ᠡ ᠵᠠᠭᠪᠤᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ ᠳᠡᠭᠡᠭᠰᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ ᠴᠢᠩᠭ᠎ᠠ ᠠᠰᠠᠭᠤᠳᠠᠯ ᠳᠤ ᠬᠠᠨᠳᠤᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ 1293 ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠲᠥᠯᠥᠵᠦ ᠳᠠᠭᠤᠰᠬᠠᠨ᠂ ᠠᠵᠤ ᠠᠬᠤᠶᠢᠯᠠᠯ ᠳᠤ ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠤᠨ ᠠᠰᠠᠭᠤᠳᠠᠯ ᠢ ᠰᠢᠢᠳᠪᠦᠷᠢᠯᠡᠨ ᠥᠭᠴᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠤ ᠬᠤᠶᠢᠰᠢᠯᠠᠭᠤᠯᠤᠨ ᠲᠤᠰᠢᠶᠠᠬᠤ ᠵᠠᠷᠤᠳᠠᠯ ᠢ 341 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠂ 2 ᠠᠵᠤ ᠠᠬᠤᠶᠢᠯᠠᠯ ᠠᠮᠵᠢᠯᠲᠠᠲᠠᠢ ᠪᠠᠷ ᠵᠠᠬ᠎ᠠ ᠳᠤ ᠭᠠᠷᠴᠤ᠂ 5 ᠠᠵᠤ ᠠᠬᠤᠶᠢᠯᠠᠯ ᠪᠦᠭᠦ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡᠨ ᠳᠤ ᠵᠢᠭᠰᠠᠭᠠᠭᠳᠠᠵᠤ᠂ ᠪᠦᠭᠦ ᠣᠷᠣᠨ ᠤ ᠵᠠᠭᠤᠨ ᠬᠦᠴᠦᠷᠬᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠᠭᠤᠷᠠᠢ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ᠂ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ ᠥᠷᠨᠢᠭᠦᠯᠵᠦ᠂ ᠠᠯᠳᠠᠭᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠪᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 70% ᠨᠡᠮᠡᠭᠳᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠤᠯᠤᠰ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠴᠠᠬᠢᠯᠭᠠᠨ ᠬᠦᠴᠦᠨ ᠤ ᠪᠦᠯᠦᠭᠯᠡᠯ ᠤᠷᠤᠭᠰᠢ ᠪᠠᠨ 24 ᠨᠡᠷ᠎ᠡ ᠲᠡᠪᠰᠢᠨ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠤᠨ ᠪᠡᠯᠡ ᠬᠥᠷᠥᠩᠭᠡ ᠶᠢᠨ ᠶᠡᠷᠦᠩᠬᠡᠢ ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠵᠠᠮ ᠬᠠᠷᠢᠯᠴᠠᠭᠠᠨ ᠤ ᠪᠦᠯᠦᠭᠯᠡᠯ᠂ ᠤᠯᠠᠨ ᠤᠯᠤᠰ ᠤᠨ ᠠᠷᠠᠯᠵᠢᠶᠠᠨ ᠤ ᠪᠦᠯᠦᠭᠯᠡᠯ ᠢ ᠰᠢᠨ᠎ᠡ ᠪᠠᠷ ᠵᠣᠬᠢᠶᠠᠨ ᠪᠠᠶᠢᠭᠤᠯᠪᠠ᠃ ᠨᠡᠭᠡᠭᠡᠯᠲᠡ ᠬᠢᠬᠦ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠳᠠᠯ ᠳᠤ ᠬᠠᠨᠳᠤᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ 32 ᠵᠤᠷᠪᠤᠰ ᠢ ᠨᠡᠶᠢᠲᠡᠯᠡᠨ᠂ ᠮᠠᠨᠵᠤᠤᠷ ᠬᠢᠯᠢ ᠶᠢᠨ ᠪᠣᠭᠤᠮᠲᠠ ᠶᠢᠨ ᠲᠣᠮᠳᠠᠲᠤ ᠤᠷᠤᠰ ᠤᠨ ᠪᠦᠯᠭᠦᠮ ᠢᠶᠠᠷ ᠵᠢᠭᠤᠯᠴᠢᠯᠠᠬᠤ ᠳᠤ ᠸᠢᠰᠠ ᠲᠠᠮᠠᠭᠠᠯᠠᠬᠤ ᠶᠢ ᠬᠠᠷᠢᠯᠴᠠᠨ ᠬᠡᠯᠲᠦᠷᠢᠭᠦᠯᠬᠦ᠂ ᠡᠷᠢᠶᠡᠨ ᠬᠤᠲᠠ ᠬᠢᠯᠢ ᠶᠢᠨ ᠪᠣᠭᠤᠮᠲᠠ ᠪᠠᠷ 8 ᠰᠠᠭᠤᠳᠠᠯ ᠠᠴᠠ ᠳᠣᠷᠣᠭᠰᠢᠬᠢ ᠵᠢᠵᠢᠭ ᠬᠡᠯᠪᠡᠷᠢ ᠶᠢᠨ ᠲᠡᠷᠭᠡ ᠬᠥᠰᠬᠡ ᠶᠢ ᠥᠩᠭᠡᠷᠡᠭᠦᠯᠬᠦ ᠪᠣᠳᠣᠯᠭ᠎ᠠ ᠶᠢ ᠰᠡᠷᠭᠦᠭᠡᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠲᠤᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ ᠤ ᠬᠢᠯᠢ ᠶᠢᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠡᠬᠡ ᠬᠠᠭᠤᠷᠠᠢ ᠶᠢᠨ ᠬᠢᠯᠢ ᠳᠠᠭᠠᠤ ᠬᠢᠯᠢ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠨ᠂ ᠣᠷᠣᠨ ᠳᠤ ᠢᠷᠡᠵᠦ ᠠᠶᠠᠯᠠᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 118.9% ᠨᠡᠮᠡᠭᠳᠡᠵᠦ᠂ ᠴᠠᠬᠢᠯᠭᠠᠨ ᠬᠦᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠬᠢᠨ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 167 ᠰᠢᠨ᠎ᠡ ᠪᠠᠷ ᠲᠣᠬᠢᠷᠠᠭᠤᠯᠵᠤ᠂ 3.2 ᠳᠠᠬᠢᠨ ᠨᠡᠮᠡᠭᠳᠡᠨ᠂ ᠭᠠᠳᠠᠭᠠᠳᠤ ᠪᠡᠯᠡ ᠶᠢ ᠬᠡᠷᠡᠭᠯᠡᠭᠰᠡᠨ ᠪᠣᠳᠠᠲᠠᠢ ᠲᠤᠭ᠎ᠠ 55.8 ᠳ᠋ᠦᠩᠰᠢᠭᠤᠷ ᠲᠥᠭᠦᠷᠢᠭ ᠲᠤ ᠬᠦᠷᠴᠦ᠂ 61.5% ᠨᠡᠮᠡᠭᠳᠡᠪᠡ᠃ ᠬᠢᠯᠢ ᠰᠤᠨᠳᠠᠯᠠᠨ ᠬᠤᠷᠢᠶᠠᠭᠰᠠᠨ ᠪᠠ ᠥᠭᠭᠦᠭᠰᠡᠨ ᠠᠷᠠᠳ ᠤᠨ ᠵᠣᠭᠤᠰ ᠤᠨ ᠲᠤᠭ᠎ᠠ 2584.2 ᠳ᠋ᠦᠩᠰᠢᠭᠤᠷ ᠲᠥᠭᠦᠷᠢᠭ ᠲᠤ ᠬᠦᠷᠴᠦ᠂ 99.8% ᠨᠡᠮᠡᠭᠳᠡᠪᠡ᠃
ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ ᠠᠳᠬᠤᠵᠤ᠂ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠰᠠᠶᠢᠷᠭᠠᠯ ᠤᠨ ᠣᠷᠣᠨ ᠤ 770 ᠡᠷᠦᠬᠡ᠂ 1853 ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠰᠢᠷᠠᠤ᠋ᠰᠤᠨ ᠭᠤᠣᠯ ᠤᠨ ᠬᠢᠯᠢ ᠳᠣᠲᠣᠷᠠᠬᠢ ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ ᠵᠢᠱᠢᠶ᠎ᠡ ᠪᠠᠷ ᠰᠣᠩᠭᠤᠭᠳᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ 21.3 ᠲᠦᠮᠡᠨ ᠡᠷᠦᠭᠡ ᠶᠢᠨ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ ᠪᠡᠶᠡᠯᠡᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ ᠵᠡᠷᠭᠡ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠪᠦᠬᠦ ᠣᠷᠣᠨ ᠤ ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ PM2.5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 9326 ᠲᠦᠷᠦᠯ ᠵᠦᠢᠯ ᠤᠨ ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ ᠮᠦ ᠠᠴᠠ ᠳᠠᠪᠠᠵᠤ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ︽ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ ᠨᠡᠭᠡᠭᠡᠯᠲᠡ ᠶᠢᠨ ᠲᠣᠭᠤᠷᠢᠭ ᠤᠨ ︽ᠲᠤᠶᠢᠯᠪᠤᠷᠢᠲᠠᠢ ᠰᠢᠢᠳᠪᠦᠷᠢᠯᠡᠯᠲᠡ︾ ᠶᠢ ᠦᠨᠳᠦᠰᠦᠨ ᠳᠤ ᠪᠠᠨ ᠪᠡᠶᠡᠯᠡᠭᠦᠯᠪᠡ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠲᠷ ᠲᠤ ᠬᠦᠷᠴᠦ᠂ ᠲᠠᠷᠢᠶᠠᠨ ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ 4᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ᠃
ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ ᠪᠦᠲᠦᠮᠵᠢᠲᠡᠢ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠡᠭᠡᠵᠢᠩ ᠱᠠᠩᠬᠠᠢ ᠭᠤᠸᠠᠩᠵᠧᠦ ᠱᠧᠨᠵᠧᠨ︾ ᠵᠡᠷᠭᠡ ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ ᠥᠷᠨᠢᠭᠦᠯᠵᠦ᠂ ᠷᠠᠰᠢᠶᠠᠨ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ ᠨᠢᠰᠬᠡᠯ 700 ᠤᠳᠠᠭ᠎ᠠ ᠪᠠᠶᠢᠵᠤ᠂ ᠪᠦᠬᠦ ᠣᠷᠣᠨ ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ᠂ ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ ᠤ 1.2 ᠳᠠᠬᠢᠨ ᠪᠠᠶᠢᠪᠠ᠃ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ᠂ ᠤᠯᠤᠰ ᠤᠨ 5C᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ ᠪᠦᠬᠦ ᠤᠯᠤᠰ ᠤᠨ ᠲᠡᠷᠢᠭᠦᠨ ᠳᠤ ᠪᠠᠶᠢᠷᠢᠰᠢᠵᠤ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠲᠤᠭ᠎ᠠ ᠪᠦᠬᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠲᠣᠳᠣᠷᠠᠵᠤ᠂ ︽ᠲᠠᠯ᠎ᠠ ᠨᠤᠲᠤᠭ ᠤᠨ ᠪᠣᠯᠵᠣᠯ︾᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠦᠷᠭᠦᠯᠵᠢᠯᠡᠨ ᠨᠡᠮᠡᠭᠳᠡᠵᠦ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭᠠᠨᠴᠠᠪ ᠤᠨ ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ᠃ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ︽ᠯᠢᠩᠬᠤᠸ᠎ᠠ ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ᠂ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠶᠢᠨ ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ ᠣᠷᠣᠪᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ ᠬᠦᠴᠦᠨ ᠢᠶᠠᠷ ᠢᠶᠠᠨ ᠪᠡᠯᠡᠳᠬᠡᠪᠡ᠃
ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ ᠰᠠᠶᠢᠲᠤᠷ ᠬᠢᠪᠡ᠃ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ᠃ ᠵᠢᠯ ᠤᠨ ᠡᠬᠢᠨ ᠳᠤ ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠬᠤᠲᠠ ᠪᠠᠯᠭᠠᠰᠤᠨ ᠤ 21.87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 893 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 97 ᠪᠠᠶᠢᠭᠤᠯᠪᠠ᠃ 236 ᠵᠦᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠯᠠᠨ ᠲᠦᠮᠡᠨ ᠤ ᠥᠪᠡᠷ ᠢᠶᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ ᠬᠡᠮᠵᠢᠶ᠎ᠡ 83% ᠨᠡᠮᠡᠭᠳᠡᠪᠡ᠃ ᠰᠤᠮᠤ ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠮᠢᠩᠭᠠᠨ ᠬᠥᠮᠥᠨ ᠠᠮᠠ ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ᠃ ᠬᠤᠲᠠ ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠲᠷ᠂ ᠬᠠᠭᠤᠴᠢᠨ ᠰᠠᠭᠤᠭᠠᠯᠢ ᠲᠣᠭᠤᠷᠢᠭ ᠢ 1639᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ᠂ ᠵᠠᠰᠠᠮᠠᠯ ᠵᠠᠮ ᠢ 5106 ᠺᠢᠯᠣᠮᠧᠲᠷ ᠪᠠᠶᠢᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ 4211 ᠡᠷᠦᠬᠡ ᠥᠭᠡᠷᠡᠴᠢᠯᠡᠨ ᠰᠢᠨᠡᠳᠬᠡᠵᠦ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 ᠺᠢᠯᠣᠮᠧᠲᠷ ᠳᠡᠪᠢᠰᠪᠡ᠃ ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ᠂ ᠪᠦᠢᠳᠠ ᠪᠥᠭᠯᠡᠭᠦᠦ ᠭᠠᠵᠠᠷ ᠣᠷᠣᠨ ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 531᠂ ᠲᠠᠷᠠᠬᠠᠢ ᠮᠠᠶ᠋ᠢᠭ ᠤᠨ ᠤᠰᠤᠨ ᠤ ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠥᠪᠥᠷ ᠮᠣᠩᠭᠤᠯ ᠳᠤ ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ ᠪᠠᠭᠰᠢ ᠪᠡᠭᠡᠵᠢᠩ ᠤᠨ ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ 200 ᠳ᠋ᠦᠩᠰᠢᠭᠤᠷ ᠭᠷᠡᠳᠦ᠋ᠰ ᠢ ᠳᠠᠪᠠᠵᠤ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 ᠳ᠋ᠦᠩᠰᠢᠭᠤᠷ ᠲᠥᠭᠦᠷᠢᠭ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠳᠡᠯᠭᠡᠷᠡᠭᠦᠯᠵᠦ᠂ ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠪᠡ᠃
ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ ᠠᠷᠢᠯᠭᠠᠪᠠ᠃ ᠪᠢᠳᠡ ︽2 • 22︾ ᠤᠨ ᠠᠳᠡᠯ ᠠᠴᠠ ᠭᠦᠨ ᠰᠤᠷᠭᠠᠮᠵᠢ ᠠᠪᠴᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ᠂ ᠶᠡᠭᠡ ᠪᠠᠷ ᠵᠢᠭᠰᠠᠭᠠᠨ ᠪᠠᠶᠢᠴᠠᠭᠠᠬᠤ ᠪᠠ ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠭᠠᠳ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ ᠡᠭᠦᠷᠭᠡ ᠪᠠᠨ ᠪᠣᠯᠭᠠᠵᠣ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ᠂ ︽1 + 8︾ ᠥᠷᠢ ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠨᠢᠭᠡ ᠪᠦᠯᠦᠭ︾ ᠪᠠ ᠥᠷᠢ ᠥᠭᠴᠡᠭᠡ ᠶᠢ ᠠᠷᠢᠯᠭᠠᠬᠤ ᠱᠠᠩᠨᠠᠯ ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ᠂ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠯᠠᠱᠠ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ ᠤᠷᠠᠳ ᠤᠨ ᠡᠮᠦᠨᠡᠲᠦ ᠬᠤᠰᠢᠭᠤ᠂ ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ ᠳᠡᠰ ᠠᠴᠠ ᠭᠠᠷᠪᠠ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ᠃
ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ ᠰᠢᠯᠭᠠᠯᠲᠠ︾ ᠶᠢ ᠠᠩᠬ᠎ᠠ ᠤᠳᠠᠭ᠎ᠠ ᠬᠡᠷᠡᠭᠵᠢᠭᠦᠯᠵᠦ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠬᠢᠯᠡᠬᠦ ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠡᠯᠪᠡᠷᠢ ᠲᠠᠢ ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ᠂ ᠨᠠᠮ ᠤᠨ ᠠᠴᠢ ᠳᠤ ᠲᠠᠯᠠᠷᠬᠠᠭᠤᠯᠤᠨ᠂ ᠨᠠᠮ ᠢᠶᠠᠨ ᠲᠠᠭᠠᠨ ᠤᠷᠤᠭᠰᠢᠯᠠᠭᠤᠯᠪᠠ᠃
ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ᠂ ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠮᠳᠠᠭᠤᠯᠤᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ ᠬᠠᠷᠢᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ ᠲᠤᠷᠰᠢᠯᠲᠠ ᠶᠢᠨ ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠣᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃
ᠲᠥᠯᠥᠭᠡᠯᠡᠭᠴᠢᠳ ᠠ᠋ ︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠮᠥᠨ ᠴᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ ᠪᠠᠶᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕
ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠪᠤᠰᠤᠳ ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠮᠥᠨ ᠣᠷᠣᠰᠢᠭᠰᠠᠭᠠᠷ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ ᠰᠢᠢᠳᠪᠦᠷᠢᠯᠡᠭᠳᠡᠭᠡᠳᠦᠢ᠂ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠶᠢᠭᠰᠠᠭᠠᠷ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠬᠠᠷᠠᠬᠠᠨ ᠠᠷᠢᠯᠤᠭ᠎ᠠ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ ᠤᠨ ᠳᠤᠮᠳᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ ᠰᠡᠳᠬᠢᠮᠵᠢ ᠬᠠᠷᠠᠭ᠎ᠠ ᠨᠢ ᠲᠡᠨᠢᠭᠡᠷ ᠪᠤᠰᠤ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ᠂ ᠠᠵᠢᠯ ᠤᠨ ᠰᠤᠷᠲᠠᠯ ᠨᠢ ᠲᠥᠪ ᠪᠤᠰᠤ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ ᠦᠭᠡᠢ ᠪᠣᠯ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠬᠦ ᠬᠡᠷᠡᠭᠲᠡᠢ᠃
ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ
ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ᠂ ᠠᠵᠠ ᠲᠣᠬᠢᠶᠠᠯ ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠬᠢᠭᠡᠳ ᠨᠠᠮ ᠤᠨ ᠲᠥᠪ ᠬᠤᠷᠢᠶᠠᠨ ᠤ ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠬᠠᠮᠤᠭ ᠤᠨ ᠶᠡᠭᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ ᠴᠢᠷᠮᠠᠶᠢᠨ ᠤᠷᠤᠭᠰᠢᠯᠠᠬᠤ ᠬᠡᠷᠡᠭᠲᠡᠢ︔ ᠡᠨᠡ ᠬᠤᠶᠠᠷ ᠵᠢᠯ ᠮᠠᠨ ᠤ ᠣᠷᠣᠨ ᠤ ᠬᠥᠭᠵᠢᠯᠲᠡ ᠶᠢᠨ ᠴᠤᠪᠤᠭ᠎ᠠ ᠲᠡᠷᠭᠡ ᠬᠤᠷᠳᠤ ᠨᠡᠮᠡᠨ ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ ᠪᠢᠳᠡ ᠬᠤᠪᠢ ᠳᠠᠬᠢᠨ ᠴᠢᠷᠮᠠᠶᠢᠬᠤ ᠬᠡᠷᠡᠭᠲᠡᠢ᠂ ᠤᠳᠠᠭᠠᠰᠢᠷᠠᠵᠤ ᠪᠣᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠪᠠᠶᠢᠭᠠᠳ ᠪᠤᠢ ᠪᠣᠯᠤᠭᠰᠠᠨ ᠡᠷᠡᠮᠡᠬᠡᠶᠢᠯᠡᠨ ᠳᠠᠪᠠᠵᠤ ᠲᠡᠷᠢᠭᠦᠨ ᠤ ᠬᠢ ᠶᠢ ᠬᠥᠭᠡᠭᠡᠴᠡᠯᠳᠦᠬᠦ᠂ ᠬᠥᠭᠵᠢᠯᠲᠡ ᠶᠢ ᠲᠦᠷᠭᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ ᠲᠤᠶᠢᠯ ᠤᠨ ᠬᠤᠪᠣᠷ ᠨᠠᠨᠳᠢᠨ ᠶᠤᠮ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠥᠨᠳᠥᠷᠴᠡ ᠳᠤ ᠭᠠᠷᠬᠤ ᠪᠠᠷ ᠴᠢᠷᠮᠠᠶᠢᠬᠤ ᠬᠡᠷᠡᠭᠲᠡᠢ᠃
ᠨᠠᠮ ᠤᠨ ᠲᠥᠪ ᠬᠤᠷᠢᠶᠠᠨ ᠠᠴᠠ ᠨᠢᠭᠡᠨᠲᠡ ᠡᠨᠡ ᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠪᠠᠶᠢᠷᠢᠯᠠᠭᠤᠯᠤᠯᠲᠠ ᠬᠢᠪᠡ᠂ ᠪᠢᠳᠡ ᠡᠷᠬᠡᠪᠰᠢ ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠨᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠶᠢᠭᠤᠯᠵᠤ᠂ ᠵᠦᠢᠯ ᠵᠤᠷᠪᠤᠰ ᠳᠠᠷᠠᠭᠠᠯᠠᠨ ᠲᠠᠭᠠᠨ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃
ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ ᠪᠠᠭᠤᠷᠠᠭᠤᠯᠤᠨ᠎ᠠ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠥᠭᠡᠷᠡᠴᠢᠯᠡᠬᠦ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ ᠬᠥᠲᠥᠯᠥᠮᠵᠢ ᠶᠢ ᠬᠠᠷᠠᠭᠤᠯᠵᠤ᠂ ᠶᠡᠷᠦᠩᠬᠡᠢ ᠳᠤ ᠪᠠᠨ ᠥᠭᠡᠳᠡᠷᠬᠡᠭ ᠪᠠᠶᠢᠵᠤ᠂ ᠬᠦᠴᠦ ᠭᠠᠷᠭᠠᠵᠤ ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠦᠨᠡᠨ ᠪᠣᠳᠠᠲᠠᠢ ᠪᠠᠷ ᠠᠵᠢᠯᠯᠠᠵᠤ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠯᠭᠠᠬᠤ ᠪᠠᠷ ᠴᠢᠷᠮᠠᠶᠢᠨ᠎ᠠ᠃
ᠭᠤᠣᠯᠳᠠᠭᠤ ᠳᠠᠷᠠᠭᠠᠬᠢ 10 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃
︵ᠨᠢᠭᠡ︶ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠪᠤᠲᠠᠲᠠᠶᠢᠵᠢᠭᠤᠯᠤᠯᠲᠠ ᠶᠢ ᠠᠳᠬᠤᠨ᠎ᠠ᠃ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠢᠨᠵᠧᠨᠧᠷᠢᠩ ᠪᠣᠯᠣᠨ᠎ᠠ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠨᠡ ᠵᠢᠯ ᠢ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠯ︾ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠲᠤᠰᠬᠠᠵᠤ︾ ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠠᠷᠭ᠎ᠠ ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ ᠰᠠᠶᠢᠲᠤᠷ ᠠᠰᠢᠭᠯᠠᠵᠤ᠂ ᠮᠠᠨ ᠤ ᠣᠷᠣᠨ ᠤ ᠬᠦᠷᠲᠡᠵᠦ ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠤᠯᠤᠰ ᠤᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ ᠣᠷᠣᠨ᠂ ᠦᠨᠳᠦᠰᠦᠲᠡᠨ ᠤ ᠭᠠᠵᠠᠷ ᠣᠷᠣᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠦᠷᠢ ᠶᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶᠢᠴᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠡᠮᠵᠢᠯᠭᠡ ᠶᠢᠨ ᠵᠦᠢᠯᠡᠰ ᠪᠦᠷᠢ ᠶᠢ ᠴᠥᠮ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠲᠦᠷᠦᠯ ᠵᠦᠢᠯ ᠪᠣᠯᠭᠠᠬᠤ ᠬᠡᠷᠡᠭᠲᠡᠢ᠂ ᠶᠠᠭᠠᠬᠢᠭᠰᠠᠨ ᠴᠦ ᠨᠠᠮ ᠤᠨ ᠲᠥᠪ ᠬᠤᠷᠢᠶᠠᠨ ᠤ ᠳᠡᠮᠵᠢᠯᠭᠡ ᠶᠢ ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ ᠢ ᠠᠯᠳᠠᠵᠤ ᠪᠣᠯᠬᠤ ᠦᠭᠡᠢ᠃
︵ᠬᠤᠶᠠᠷ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠢᠭᠤᠷᠬᠠᠢ ᠬᠡᠷᠡᠭᠵᠢᠭᠦᠯᠦᠨ᠎ᠡ᠃ ᠡᠨᠡ ᠬᠤᠶᠠᠷ ᠵᠢᠯ ᠳᠤ ᠮᠠᠨ ᠤ ᠣᠷᠣᠨ ᠤ ᠠᠵᠤ ᠠᠬᠤᠢ ᠲᠦᠷᠭᠡᠨ ᠬᠥᠭᠵᠢᠭᠰᠡᠨ ᠨᠢ ᠭᠤᠣᠯᠳᠠᠭᠤ ᠪᠡᠯᠡ ᠣᠷᠣᠭᠤᠯᠤᠯᠲᠠ ᠶᠢᠨ ᠳᠠᠶᠢᠴᠢᠯᠠᠭᠰᠠᠨ ᠳᠤ ᠪᠠᠶᠢᠬᠤ ᠶᠤᠮ᠂ ᠡᠶᠢᠮᠦᠷᠬᠦᠦ ᠬᠠᠨᠳᠤᠰᠢ ᠪᠠ ᠡᠷᠴᠢᠮ ᠢ ᠪᠠᠷᠢᠮᠲᠠᠯᠠᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠣᠯᠳᠡ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠤᠨ ᠪᠡᠯᠡ ᠣᠷᠣᠭᠤᠯᠤᠯᠲᠠ ᠶᠢ ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ ᠤ ᠣᠷᠣᠨ ᠤ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠬᠡᠯᠪᠡᠷᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ 4 ᠰᠠᠭᠤᠷᠢᠨ ᠭᠠᠵᠠᠷ ᠢ ᠨᠢᠭᠡᠨᠲᠡ ᠴᠥᠮ ᠤᠯᠤᠰ ᠤᠨ ᠲᠥᠯᠦᠪᠵᠢᠭᠦᠯᠭᠡ ᠳᠤ ᠣᠷᠣᠭᠤᠯᠵᠤ᠂ ᠬᠠᠮᠤᠭ ᠬᠦᠴᠦ ᠪᠠᠷ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠲᠷᠣᠨ ᠳᠡᠰ ᠤᠨ ᠨᠡᠭᠦᠷᠡᠰᠦᠲᠥ᠋ᠷᠥᠭᠴᠢᠲᠦ ᠴᠠᠬᠢᠭᠤᠷ᠂ ᠪᠣᠣ ᠹᠧᠩ ᠨᠡᠭᠦᠷᠡᠰᠦ ᠪᠠᠷ ᠦᠢᠯᠡᠳᠦᠭᠰᠡᠨ ᠠᠯᠺᠧᠨ ᠨᠡᠬᠦᠷᠦᠭᠴᠢ᠂ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠠᠵᠤ ᠦᠢᠯᠡᠰ ᠤᠨ ᠲᠦᠷᠥᠯ ᠵᠦᠢᠯ ᠢ 1400 ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ ᠤᠨ ᠪᠡᠯᠡ ᠣᠷᠣᠭᠤᠯᠤᠯᠲᠠ ᠶᠢ ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠲᠦᠷᠭᠡᠨ ᠤᠯᠠᠷᠢᠭᠤᠯᠬᠤ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠡᠷᠡᠰ ᠲᠠᠰᠤᠷᠬᠠᠢ ᠡᠷᠡᠮᠡᠬᠡᠢ ᠵᠣᠷᠢᠭ ᠢᠶᠠᠷ ᠦᠷᠭᠦᠯᠵᠢᠯᠡᠨ ᠴᠢᠩᠭᠠᠷᠠᠭᠤᠯᠤᠨ᠎ᠠ᠃ ᠣᠳᠣ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠷᠤᠭᠠᠰᠤ ᠴᠥᠮ ᠲᠣᠩ ᠬᠦᠨᠳᠦ ᠪᠠᠶᠢᠨ᠎ᠠ᠂ ᠭᠡᠪᠡᠴᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠠᠯ᠎ᠠ ᠪᠠᠷ ᠬᠦᠴᠦ ᠪᠠᠨ ᠰᠤᠯᠠᠷᠠᠭᠤᠯᠵᠤ ᠪᠣᠯᠬᠤ ᠦᠭᠡᠢ᠂ ᠲᠥᠪ ᠤᠨ ᠲᠥᠰᠥᠪ ᠲᠠᠬᠢ ᠪᠡᠯᠡ ᠣᠷᠣᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠵᠠᠭᠪᠤᠷ ᠲᠤ ᠰᠢᠨ᠎ᠡ ᠶᠢ ᠡᠭᠦᠳᠴᠦ ᠠᠷᠠᠳ ᠤᠨ ᠳᠤᠮᠳᠠᠬᠢ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ G5511 ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠢ ᠰᠤᠨᠳᠠᠯᠠᠬᠤ᠂ ᠠᠶᠢᠮᠠᠭ ᠬᠤᠲᠠ ᠬᠠᠷᠢᠯᠴᠠᠨ ᠨᠡᠪᠲᠡᠷᠡᠬᠦ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠦᠨ᠎ᠡ︔ ᠬᠢᠯᠢ ᠳᠠᠭᠠᠤ ᠤᠯᠤᠰ ᠤᠨ ᠵᠠᠮ G331 ᠶᠢ ᠪᠦᠭᠦ ᠱᠤᠭᠤᠮ ᠢᠶᠠᠷ ᠨᠢ ᠨᠡᠪᠲᠡᠷᠡᠭᠦᠯᠬᠦ ᠪᠠᠷ ᠴᠢᠷᠮᠠᠶᠢᠵᠤ᠂ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾ ᠤᠨ ᠰᠠᠭᠠᠳ ᠦᠭᠡᠢ ᠨᠡᠪᠲᠡᠷᠡᠬᠦ ᠢᠨᠵᠧᠨᠧᠷᠢᠩ ᠢ 700 ᠺᠢᠯᠣᠮᠧᠲᠷ ᠬᠡᠷᠡᠭᠵᠢᠭᠦᠯᠦᠨ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1700 ᠺᠢᠯᠣᠮᠧᠲᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ ᠂ ᠯᠢᠨ ᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠨ ᠥᠭᠡᠷᠡᠴᠢᠯᠡᠬᠦ ᠂ ᠪᠠᠢ ᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ ᠬᠦᠳᠡᠯᠭᠡᠭᠦᠷᠲᠦ ᠲᠡᠷᠭᠡᠨ ᠤ ᠥᠭᠡᠷᠡᠴᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ ᠂ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ ᠂ ᠣᠷᠳᠣᠰ ᠠᠴᠠ ᠲᠡᠮᠡᠭᠡᠲᠦ ᠬᠦᠷᠬᠦ ᠲᠦᠷᠭᠡᠨ ᠤ ᠲᠡᠮᠦᠷ ᠵᠠᠮ ᠪᠠ ᠬᠠᠶᠢᠯᠠᠷ ᠠᠴᠠ ᠷᠠᠰᠢᠶᠠᠨ ᠬᠦᠷᠬᠦ ᠲᠡᠮᠦᠷ ᠵᠠᠮ ᠢ ᠥᠭᠡᠷᠡᠴᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠂ ᠨᠢᠰᠦᠯᠲᠡ ᠶᠢᠨ ᠲᠣᠭᠤᠷᠢᠭ ᠢ ᠪᠠᠶᠢᠭᠤᠯᠵᠤ ᠳᠠᠭᠤᠰᠬᠠᠨ ᠂ ᠤᠯᠠᠭᠠᠢ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ ᠃ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠵᠥᠪᠰᠢᠶᠡᠷᠡᠯ ᠢ ᠲᠦᠷᠭᠡᠬᠡᠨ ᠣᠯᠬᠤ ᠂ ᠬᠠᠲᠤᠨ ᠭᠤᠣᠯ ᠤᠨ ᠤᠰᠤ ᠶᠢ ᠲᠠᠲᠠᠵᠤ ᠬᠦᠬᠡᠬᠤᠲᠠ ᠳᠤ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠨᠴᠠᠪ ᠤᠨ ᠲᠥᠪ ᠬᠤᠲᠠ ᠶᠢᠨ ᠲᠣᠭᠤᠷᠢᠭ ᠤᠨ ᠤᠰᠤ ᠳᠠᠮᠵᠢᠭᠤᠯᠤᠨ ᠬᠠᠩᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ ᠃ ᠴᠠᠬᠢᠯᠭᠠᠨ ᠬᠦᠴᠦᠨ ᠤ ᠰᠢᠰᠲ᠋ᠧᠮ ᠤᠨ ᠲᠣᠣᠷ ᠴᠢᠩᠭᠠᠯᠠᠬᠤ ᠢᠨᠵᠧᠨᠧᠷᠢᠩ ᠂ ᠭᠠᠳᠠᠭᠰᠢ ᠳᠠᠮᠵᠢᠭᠤᠯᠬᠤ ᠢᠨᠵᠧᠨᠧᠷᠢᠩ ᠂ ᠲᠣᠣᠷ ᠬᠤᠯᠪᠣᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ ᠂ ᠵᠠᠩᠪᠧᠢ ᠠᠴᠠ ᠱᠧᠩ ᠯᠢ ᠬᠦᠷᠬᠦ ᠂ ᠪᠠᠭᠠᠷᠢᠨ ᠪᠠᠷᠠᠭᠤᠨ ᠬᠤᠰᠢᠭᠤᠨ ᠠᠴᠠ ᠨᠠᠢᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ ᠢ ᠪᠠᠶᠢᠭᠤᠯᠵᠤ ᠳᠠᠭᠤᠰᠬᠠᠨ ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ ᠂ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠪᠠ ᠰᠢᠨ᠎ᠡ ᠡᠨᠧᠷᠬᠢ ᠶᠢᠨ ᠵᠠᠯᠭᠠᠭᠤᠯᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃
ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ ᠃ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ ᠂ ᠪᠡᠭᠡᠵᠢᠩ ᠲᠢᠶᠠᠨᠵᠢᠨ ᠾᠧᠪᠧᠢ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠴᠡᠭ ᠢ ᠴᠡᠭ ᠲᠤ ᠬᠠᠨᠳᠤᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ ᠂ ᠨᠢᠭᠡ ᠪᠦᠯᠦᠭ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ ᠂ ᠣᠷᠣᠭᠤᠯᠤᠨ ᠠᠪᠴᠢᠷᠠᠬᠤ ᠪᠡᠯᠡ ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ ᠃ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ ᠂ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ ᠂ ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠰᠢᠨ᠎ᠡ ᠡᠭᠦᠳᠦᠯᠲᠡ ᠶᠢᠨ ᠲᠦᠷᠦᠭᠦᠴᠦᠳ ᠤᠨ ᠬᠤᠷᠠᠯ ᠂ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ ᠂ ᠲᠣᠮᠳᠠᠳᠣ ᠤᠯᠤᠰ ᠤᠨ ᠪᠣᠬᠢᠷᠳᠤᠯ ᠦᠭᠡᠢ ᠲᠣᠭᠠᠵᠢᠭᠤᠯᠵᠤ ᠪᠣᠳᠣᠬᠤ ᠬᠦᠴᠦᠨ ᠤ ᠶᠡᠭᠡ ᠬᠤᠷᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠂ ᠪᠦᠭᠦ ᠤᠯᠤᠰ ᠤᠨ ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢ ᠬᠢᠨᠠᠮᠠᠭᠠᠢ ᠰᠠᠶᠢᠲᠤᠷ ᠡᠷᠬᠢᠯᠡᠵᠣ ᠂ ᠣᠯᠠᠨ ᠤᠯᠤᠰ ᠤᠨ ᠣᠶᠣᠨ ᠤᠬᠠᠭᠠᠨ ᠢ ᠬᠤᠷᠠᠭᠤᠯᠤᠭᠰᠠᠨ ᠂ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠠᠷᠠᠭᠤᠯᠤᠭᠰᠠᠨ ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ ᠨᠢᠭᠡ ᠪᠦᠯᠦᠭ ᠲᠡᠷᠢᠭᠦᠨ ᠳᠡᠰ ᠤᠨ ᠲᠠᠪᠴᠠᠩ ᠤᠳ ᠢ ᠴᠣᠭᠴᠠᠯᠠᠨ᠎ᠠ ᠃
︵ᠭᠤᠷᠪᠠ ︶ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠡ ᠬᠦᠴᠦᠨ ᠢ ᠠᠭᠤᠳᠠᠯᠵᠤ ᠬᠥᠭᠵᠢᠭᠡᠨ᠎ᠡ ᠃ ᠬᠡᠷᠡᠭᠯᠡᠭᠡ ᠶᠢᠨ ᠳᠠᠯᠳᠠ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠠᠭᠤᠳᠠᠯᠵᠤ ᠂ ᠬᠡᠷᠡᠭᠯᠡᠭᠡ ᠳᠤ ᠣᠷᠣᠯᠴᠠᠵᠣ ᠲᠠᠶᠢᠯᠭᠦ ᠂ ᠵᠣᠷᠢᠭᠲᠠᠢ ᠪᠠᠷ ᠬᠡᠷᠡᠭᠯᠡᠭᠡ ᠳᠤ ᠣᠷᠣᠯᠴᠠᠬᠤ ᠂ ᠬᠡᠷᠡᠭᠯᠡᠭᠡ ᠳᠤ ᠣᠷᠣᠯᠴᠠᠬᠤ ᠳᠤᠷᠠᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠣᠢ ᠪᠣᠯᠭᠠᠵᠣ ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ ᠃
ᠠᠮᠢᠳᠤᠷᠠᠯ ᠤᠨ ᠬᠡᠷᠡᠭᠯᠡᠭᠡ ᠪᠣᠯ ᠬᠡᠷᠡᠭᠯᠡᠭᠡ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ︽ᠴᠢᠭᠳᠠᠭ᠎ᠠ ︾ ᠮᠥᠨ ᠂ ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ ︾ ᠢ ᠲᠦᠷᠭᠡᠳᠬᠡᠨ ᠪᠠᠶᠢᠭᠤᠯᠵᠤ ᠂ ᠮᠠᠰᠢᠨ ᠲᠡᠷᠭᠡ ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢᠨ ᠬᠥᠭᠵᠢᠭᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠲᠦᠷᠦᠭᠦᠴᠢ ᠳᠡᠯᠭᠡᠭᠦᠷ ᠲᠤ ᠠᠩᠬ᠎ᠠ ᠲᠠᠷᠬᠠᠭᠠᠬᠤ ᠠᠵᠤ ᠠᠬᠤᠢ ᠂ ᠬᠥᠭᠵᠢᠶᠡᠨᠲᠦ ᠰᠥᠨᠢ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ ᠂ ︽ᠬᠡᠷᠡᠭᠯᠡᠭᠡ ᠶᠢ ᠠᠬᠢᠭᠤᠯᠬᠤ ᠣᠨ ︾ ᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ ᠂ ᠬᠦᠬᠡᠬᠤᠲᠠ ᠶᠢᠨ ᠬᠥᠭᠵᠢᠶᠡᠨ ᠶᠡᠬᠡᠲᠡᠢ ᠳᠠᠭᠤᠤ ᠬᠥᠭᠵᠢᠮ ᠤᠨ ᠦᠳᠡᠰᠢᠯᠡᠭᠡ ᠪᠠ ᠰᠢᠨ᠎ᠡ ᠣᠨ ᠢᠶᠠᠨ ᠤᠭᠲᠤᠬᠤ ᠦᠳᠡᠰᠢ ᠂ ᠪᠤᠭᠤᠲᠤ ᠶᠢᠨ ᠴᠣᠣ ᠾᠧ ᠵᠡᠭᠡᠯᠢ ᠲᠣᠭᠤᠷᠢᠭ ᠤᠨ ︽ᠰᠢᠵᠢᠷ ᠠᠯᠳᠠᠨ 6 ᠴᠠᠭ ᠤᠨ ᠬᠤᠭᠤᠴᠠᠭ᠎ᠠ ︾᠂ ᠣᠷᠳᠣᠰ ᠤᠨ ︽ᠬᠤᠳᠡ ᠶᠢ ᠳᠤᠯᠠᠭᠠᠯᠠᠬᠤ 7 ᠴᠠᠭ ᠬᠠᠭᠠᠰ ︾᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠬᠤ · ᠤᠯᠠᠭᠠᠨᠴᠠᠪ ᠤᠨ ᠦᠳᠡᠰᠢ ︾ ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ ᠲᠤ ᠮᠡᠳᠡᠷᠡᠭᠳᠡᠭᠰᠡᠨ ᠠᠵᠢᠯᠯᠠᠭ᠎ᠠ ᠪᠠ ᠨᠡᠷᠡᠳᠣ ᠲᠡᠮᠳᠡᠭ ᠢ ᠦᠷᠭᠦᠯᠵᠢᠯᠡᠨ ᠬᠢᠬᠦ ᠬᠡᠷᠡᠭᠲᠡᠢ ᠃ ︽ᠪᠤᠭᠤᠷᠤᠯᠴᠤᠳ ᠤᠨ ᠠᠵᠤ ᠠᠬᠤᠢ ︾ ᠶᠢᠨ ᠬᠥᠭᠵᠢᠯᠲᠡ ᠶᠢᠨ ᠣᠷᠣᠨ ᠵᠠᠢ ᠯᠤᠲᠤ ᠶᠡᠭᠡ ᠂ ᠮᠠᠨ ᠤ ᠣᠷᠣᠨ ᠳᠤ 60 ᠨᠠᠰᠤ ᠠᠴᠠ ᠳᠡᠭᠡᠭᠰᠢᠬᠢ ᠨᠠᠰᠤᠲᠠᠶᠢᠴᠤᠳ 546 ᠲᠦᠮᠡ ᠪᠠᠶᠢᠵᠤ ᠂ ᠪᠠᠶᠢᠩᠭᠤ ᠰᠠᠭᠤᠭ᠎ᠠ ᠬᠥᠮᠥᠨ ᠠᠮᠠ ᠶᠢᠨ 22.8% ᠶᠢ ᠡᠵᠡᠯᠡᠨ ᠂ ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶᠢᠭᠠᠳ ᠡᠨᠡ ᠬᠦ ᠦᠯᠦ ᠮᠡᠳᠡᠭᠳᠡᠬᠦ ᠵᠠᠬ᠎ᠠ ᠳᠡᠯᠭᠡᠭᠦᠷ ᠤᠨ ᠣᠷᠣᠨ ᠵᠠᠢ ᠶᠢ ᠰᠡᠷᠭᠦᠭᠡᠨ ᠂ ᠡᠮᠴᠢᠯᠡᠭᠡ ᠂ ᠨᠠᠰᠤᠵᠢᠯ ᠂ ᠡᠷᠡᠭᠦᠯ ᠮᠡᠨᠳᠣ ᠂ ᠰᠤᠪᠢᠯᠠᠯᠲᠠ ᠂ ᠬᠥᠮᠦᠵᠢᠯ ᠂ ᠵᠤᠭ᠎ᠠ ᠴᠡᠩᠭᠡᠯ ᠂ ᠠᠮᠤᠷᠯᠢᠩᠭᠤᠢ ᠵᠡᠷᠭᠡ ᠳᠣᠯᠤᠭᠠᠨ ᠵᠦᠢᠯ ᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠵᠠᠭᠪᠤᠷ ᠢ ᠬᠥᠭᠵᠢᠭᠦᠯᠵᠦ ᠂ ᠨᠠᠰᠤᠵᠢᠯ ᠤᠨ ᠦᠢᠯᠡᠴᠢᠯᠡᠭᠡ ᠶᠢ ︽ᠪᠠᠶᠢᠬᠤ︾ ᠠᠴᠠ ︽ᠣᠯᠠᠨ︾ ᠲᠡᠶᠢᠰᠢ ᠂ ︽ᠣᠯᠠᠨ ︾ ᠪᠠᠶᠢᠭᠰᠠᠨ ᠠᠴᠠ ︽ᠴᠢᠨᠠᠷᠵᠢᠭᠤᠨ ︾ ᠲᠡᠶᠢᠰᠢ ᠳᠡᠰ ᠳᠡᠪᠰᠢᠭᠦᠯᠬᠦ ᠶᠢ ᠠᠬᠢᠭᠤᠯᠤᠨ᠎ᠠ ᠃ ᠰᠢᠨ᠎ᠡ ᠮᠠᠶ᠋ᠢᠭ ᠤᠨ ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ ᠂ ᠲᠣᠭᠠᠵᠢᠭᠤᠯᠤᠭᠰᠠᠨ ᠬᠡᠷᠡᠭᠯᠡᠭᠡ ᠂ ᠪᠣᠬᠢᠷᠳᠤᠯ ᠦᠭᠡᠢ ᠬᠡᠷᠡᠭᠯᠡᠭᠡ ᠂ ᠡᠷᠡᠭᠦᠯ ᠬᠡᠷᠡᠭᠯᠡᠭᠡ ᠶᠢ ᠶᠡᠭᠡ ᠪᠠᠷ ᠬᠥᠭᠵᠢᠭᠦᠯᠦᠨ ᠂ ᠰᠣᠶᠣᠯ ᠴᠡᠩᠭᠡᠯ ᠂ ᠲᠠᠮᠢᠷ ᠤᠨ ᠴᠤᠭᠯᠠᠭᠠᠨ ᠂ ᠤᠯᠤᠰ ᠤᠨ ᠪᠠᠷᠠᠭᠠᠨ ᠤ ︽ᠤᠷᠤᠰᠬᠠᠯ ᠲᠠᠸᠠᠷ ︾ ᠵᠡᠷᠭᠡ ᠰᠢᠨ᠎ᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠠᠷ ᠪᠤᠢ ᠪᠣᠯᠭᠠᠵᠤ ᠂ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ ᠂ ᠪᠢᠣᠨᠢᠺᠰ ᠮᠠᠰᠢᠨ ᠬᠥᠮᠥᠨ ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠥᠷᠭᠡᠵᠢᠭᠦᠯᠦᠨ ᠂ ᠥᠪᠡᠷ ᠢᠶᠠᠨ ᠡᠵᠡᠩᠨᠡᠭᠰᠡᠨ ᠡᠯᠧᠺᠲᠷᠣᠨ ᠬᠤᠳᠠᠯᠳᠤᠭ᠎ᠠ ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠲᠤᠭ᠎ᠠ ᠶᠢ 700 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ ᠃ ᠬᠤᠲᠠ ᠶᠢᠨ ᠰᠢᠨ᠎ᠡ ᠠᠷᠠᠳ ᠤᠨ ᠬᠡᠷᠡᠭᠯᠡᠭᠡ ᠪᠣᠯ ᠳᠠᠯᠳᠠ ᠬᠦᠴᠦᠨ ᠮᠥᠨ ᠂ 44.6% ᠶᠢᠨ ᠡᠷᠦᠬᠡᠲᠦ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69.6% ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ ᠳᠤ ᠬᠦᠷᠪᠡᠯ ᠂ ᠬᠤᠲᠠ ᠶᠢᠨ ᠰᠢᠨ᠎ᠡ ᠠᠷᠠᠳ 599 ᠲᠦᠮᠡ ᠰᠢᠨ᠎ᠡ ᠪᠠᠷ ᠨᠡᠮᠡᠭᠳᠡᠨ᠎ᠡ ᠂ ᠡᠨᠡ ᠨᠢ ᠬᠦᠬᠡᠬᠤᠲᠠ ᠪᠤᠭᠤᠲᠤ ᠣᠷᠳᠣᠰ ᠭᠤᠷᠪᠠ ᠶᠢᠨ ᠬᠤᠲᠠ ᠲᠣᠭᠤᠷᠢᠭ ᠤᠨ ᠶᠡᠷᠦᠩᠬᠡᠢ ᠬᠥᠮᠥᠨ ᠠᠮᠠ ᠲᠠᠢ ᠲᠡᠩᠴᠡᠵᠦ ᠂ ᠡᠳᠡᠭᠡᠷ ᠬᠥᠮᠥᠰ ᠤᠨ ᠬᠤᠲᠠᠨ ᠳᠠᠬᠢ ᠢᠳᠡᠵᠦ ᠡᠮᠦᠰᠴᠦ ᠶᠠᠪᠤᠵᠤ ᠰᠠᠭᠤᠬᠤ ᠂ ᠰᠣᠶᠣᠯ ᠬᠥᠮᠦᠵᠢᠯ ᠵᠤᠭ᠎ᠠ ᠴᠡᠩᠭᠡᠯ ᠨᠢ ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠦᠷᠦ ᠶᠢᠨ ᠪᠣᠳᠣᠯᠭ᠎ᠠ ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠨ ᠭᠦᠨᠵᠡᠭᠡᠶᠢᠷᠡᠭᠦᠯᠵᠦ ᠂ ᠬᠤᠲᠠ ᠶᠢᠨ ᠰᠢᠨ᠎ᠡ ᠠᠷᠠᠳ ᠪᠠ ᠲᠠᠭᠠᠨ ᠨᠡᠭᠦᠵᠦ ᠢᠷᠡᠭᠰᠡᠨ ᠭᠡᠷ ᠪᠦᠯᠢ ᠶᠢᠨ ᠬᠢᠨ ᠤ ᠬᠤᠳᠡ ᠪᠠᠯᠭᠠᠰᠤᠨ ᠳᠤ ᠡᠷᠣᠭᠡ ᠠᠮᠠ ᠣᠷᠣᠬᠤ ᠶᠢ ᠨᠢ ᠵᠣᠷᠢᠭᠵᠢᠭᠤᠯᠤᠨ ᠂ ᠡᠨᠡ ᠬᠡᠰᠡᠭ ᠬᠡᠷᠡᠭᠯᠡᠭᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠠᠬᠤ ᠬᠡᠷᠡᠭᠲᠡᠢ ᠃ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠨᠡᠶᠢᠲᠡᠯᠢᠭ ᠬᠡᠷᠡᠭᠯᠡᠭᠡᠨ ᠤ ᠠᠵᠤ ᠠᠬᠤᠢ ᠂ ᠠᠷᠠᠳ ᠢ ᠪᠠᠶᠠᠵᠢᠭᠤᠯᠬᠤ ᠠᠵᠤ ᠦᠢᠯᠡᠰ ᠮᠥᠨ ᠂ ᠨᠢᠳᠤᠨᠤᠨ ᠮᠠᠨ ᠤ ᠣᠷᠣᠨ ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ ᠂ ᠡᠨᠡ ᠵᠢᠯ 2.5 ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠵᠤ ᠂ ᠡᠨᠡ ᠬᠦ 2.5 ᠳ᠋ᠦᠩᠰᠢᠭᠤᠷ ᠵᠢᠭᠤᠯᠴᠢᠯᠠᠭᠴᠢᠳ ᠤᠨ ᠲᠣᠭᠤᠷᠢᠨ ᠳᠤ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠂ ᠨᠢᠭᠡ ᠪᠦᠯᠦᠭ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ ᠂ ᠷᠠᠰᠢᠶᠠᠨ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠢ ᠰᠠᠶᠢᠲᠤᠷ ᠴᠣᠭᠴᠠᠯᠠᠵᠤ ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ ︾ ᠭᠡᠬᠦ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠬᠡᠷᠡᠯᠳᠦᠭᠦᠯᠵᠣ ᠂ ᠵᠢᠭᠤᠯᠴᠢᠯᠠᠯ ᠤᠨ ︽ᠳᠥᠷᠪᠡᠨ ᠭᠠᠵᠠᠷ ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ ᠂ ᠵᠢᠭᠤᠯᠴᠢᠯᠠᠭᠴᠢᠳ ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ ᠃ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠴᠤᠤᠷᠢᠶᠠᠲᠤᠭᠤᠯᠤᠨ ᠂ ᠬᠤᠩᠱᠠᠨ ᠤ ᠰᠣᠶᠣᠯ ᠂ ᠲᠦᠮᠡᠨ ᠭᠠᠵᠠᠷ ᠤᠨ ᠴᠠᠢ ᠶᠢᠨ ᠠᠶᠠᠨ ᠢ ᠰᠣᠶᠣᠯ ᠤᠨ ᠥᠪ ᠢᠶᠠᠷ ᠭᠤᠶᠤᠴᠢᠯᠠᠬᠤ ᠪᠠ ᠪᠠᠷᠠᠭᠤᠨ ᠯᠢᠶᠣᠣ ᠾᠧ ᠭᠤᠣᠯ ᠤᠨ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠤ ᠡᠭᠦᠰᠦᠯ ᠢᠷᠡᠯᠲᠡ ᠶᠢ ᠬᠠᠶᠢᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ ᠂ ᠤᠮᠠᠷᠠᠲᠤ ᠬᠢᠯᠢ ᠶᠢᠨ ᠰᠣᠶᠣᠯ ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ ᠂ ᠨᠢᠭᠡ ᠪᠦᠯᠦᠭ ᠰᠣᠶᠣᠯ ᠤᠨ ᠬᠥᠲᠥᠴᠢ ᠠᠵᠤ ᠦᠢᠯᠡᠰ ᠢ ᠴᠣᠭᠴᠠᠯᠠᠨ ᠂ ᠳᠠᠬᠢᠭᠠᠣᠨ ︽ᠮᠣᠷᠢᠲᠤ ᠴᠡᠷᠢᠭ ︾᠂ ︽ᠪᠤᠭᠤᠷᠤᠯ ᠲᠡᠦᠬᠡ ᠶᠢᠨ ᠬᠦᠯᠥᠭ ᠤᠨ ᠮᠠᠭᠲᠠᠭᠠᠯ ︾᠂ ︽ᠮᠣᠷᠢᠨ ᠤ ᠬᠤᠩᠬ᠎ᠠ ᠵᠣᠯ ᠵᠢᠷᠭᠠᠯ ᠤᠨ ᠳᠠᠭᠤᠤ ᠶᠢ ᠬᠠᠩᠭᠢᠨᠠᠭᠤᠯᠤᠨ᠎ᠠ ︾ ᠮᠡᠲᠦ ᠶᠢᠨ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ᠭᠠᠷᠭᠠᠵᠤ ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠤ ᠂ ᠨᠠᠮ ᠤᠨ ᠬᠠᠶᠢᠷ᠎ᠠ ᠬᠠᠯᠠᠮᠵᠢ ᠪᠠ ᠳᠠᠭᠤᠨ ᠬᠤᠭᠤᠯᠠᠢ ᠶᠢ ᠤᠮᠠᠷᠠᠲᠤ ᠬᠢᠯᠢ ᠣᠷᠣᠨ ᠳᠤ ᠳᠠᠭᠤᠷᠢᠰᠤᠭᠤᠯᠤᠨ᠎ᠠ ᠃ ︽ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ︾ ᠡᠬᠢᠯᠡᠮᠡᠷ ᠴᠠᠭ ᠮᠥᠴᠡ ᠳᠤ ᠂ ᠣᠷᠣᠨ ᠳᠠᠶᠠᠭᠠᠷ ᠢᠶᠠᠨ ᠬᠦᠴᠦᠯᠡᠵᠦ ᠴᠤᠭᠯᠠᠭᠠᠨ ᠢ ᠰᠠᠶᠢᠲᠤᠷ ᠡᠷᠬᠢᠯᠡᠨ ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ ᠂ ᠠᠮᠤᠷ ᠲᠦᠪᠰᠢᠨ ᠂ ᠭᠤᠶᠢᠳᠠ ᠰᠠᠶᠢᠬᠠᠨ ᠲᠠᠮᠢᠷ ᠤᠨ ᠥᠪᠡᠳᠡᠭᠰᠢ ᠴᠤᠭᠯᠠᠭᠠᠨ ᠢ ᠡᠷᠭᠦᠨ ᠳᠡᠪᠰᠢᠭᠦᠯᠵᠦ ᠂ ᠡᠨᠡ ᠬᠦ ᠲᠠᠰᠢᠷᠠᠮ ᠢᠶᠠᠷ ᠮᠥᠰᠥ ᠴᠠᠰᠤᠨ ᠤ ᠠᠵᠤ ᠦᠢᠯᠡᠰ ᠢ ᠡᠬᠢᠯᠡᠭᠦᠯᠦᠨ ᠬᠥᠭᠵᠢᠭᠦᠯᠵᠦ ᠂ ᠵᠢᠭᠤᠯᠴᠢᠯᠠᠭᠴᠢᠳ ᠲᠤ ᠮᠥᠰᠥ ᠴᠠᠰᠤᠨ ᠤ ᠪᠠᠶᠠᠷ ᠪᠠᠭ᠋ᠠᠳᠤᠯ ᠢ ᠬᠠᠨᠳᠤᠯ᠎ᠠ ᠬᠦᠷᠲᠡᠭᠡᠨ ᠂ ᠡᠪᠦᠯ ᠤᠨ ᠤᠯᠠᠷᠢᠯ ᠤᠨ ᠵᠢᠭᠤᠯᠴᠢᠯᠠᠯ ᠳᠤ ᠳᠠᠭᠤᠰᠤᠰᠢ ᠦᠭᠡᠢ ᠬᠠᠯᠠᠭᠤᠨ ᠤᠷᠤᠰᠬᠠᠯ ᠠᠪᠴᠢᠷᠠᠨ᠎ᠠ ᠃
︵ᠳᠥᠷᠪᠡ ︶ ᠣᠨᠴᠠᠭᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ ᠃ ᠤᠯᠠᠮ ᠬᠥᠭᠵᠢᠭᠡᠳᠦᠢ ᠭᠠᠵᠠᠷ ᠣᠷᠣᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠴᠢᠬᠤᠯᠠᠴᠢᠯᠠᠵᠤ ᠂ ᠬᠠᠭᠤᠴᠢᠨ ᠠᠪᠲᠠᠯ ᠢᠶᠠᠨ ᠤᠯᠠᠮ ᠲᠠᠶᠠᠭᠳᠠᠨ ᠂ ᠵᠤᠷᠰᠢᠯ ᠢ ᠵᠣᠷᠢᠭᠲᠠᠢ ᠡᠪᠳᠡᠵᠦ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠨᠡᠬᠡᠵᠦ ᠭᠦᠢᠴᠡᠬᠦ ᠪᠠᠷ ᠴᠢᠷᠮᠠᠶᠢᠬᠤ ᠬᠡᠷᠡᠭᠲᠡᠢ ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠶᠠᠭᠤᠨ ᠤ ᠤᠷᠢᠳ ᠬᠠᠷᠠᠮ ᠦᠭᠡᠢ ᠪᠠᠷ ᠣᠷᠣᠭᠤᠯᠣᠯᠳᠡ ᠬᠢᠬᠦ ᠬᠡᠷᠡᠭᠲᠡᠢ ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠣᠯᠳᠡ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠱᠠᠲᠤᠨ ᠤ ᠵᠠᠰᠠᠭ ᠤᠨ ᠣᠷᠳᠣᠨ ᠴᠥᠮ ᠪᠣᠳᠠᠲᠠᠢ ᠵᠣᠭᠤᠰ ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ ᠳᠡᠮᠵᠢᠵᠦ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠵᠣᠷᠢᠭᠲᠠᠢ ᠪᠠᠷ ᠰᠢᠨ᠎ᠡ ᠶᠢ ᠡᠭᠦᠳᠬᠦ ᠳᠤ ᠠᠰᠢᠭᠲᠠᠢ ᠠᠮᠢ ᠠᠬᠤᠢ ᠶᠢᠨ ᠪᠠᠶᠢᠳᠠᠯ ᠢ ᠪᠣᠢ ᠪᠣᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠬᠦᠴᠦᠯᠡᠨ ᠰᠠᠶᠢᠲᠤᠷ ᠠᠳᠬᠤᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠠᠯᠢᠭᠵᠢᠭᠤᠯᠵᠤ ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠮᠴᠢᠯᠠᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠣᠯᠳᠡ ᠂ ᠰᠲ᠋ᠣᠺ ᠤᠨ ᠡᠷᠬᠡ ᠶᠢᠨ ᠪᠡᠯᠡ ᠣᠷᠣᠭᠤᠯᠣᠯᠳᠡ ᠶᠢ ᠬᠥᠭᠵᠢᠭᠦᠯᠬᠦ ᠶᠢ ᠵᠣᠷᠢᠭᠵᠢᠭᠤᠯᠤᠨ ᠂ ᠲᠦᠭᠰᠢᠭᠦᠷᠢᠲᠦ ᠪᠡᠯᠡ ᠣᠷᠣᠭᠤᠯᠣᠯᠳᠡ ᠶᠢᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ᠪᠦᠭᠦ ᠦᠶᠡᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠦᠷ᠎ᠡ ︾ ᠳᠤ ᠨᠡᠩ ᠣᠯᠠᠨ ᠮᠥᠩᠭᠦᠨ ᠭᠦᠢᠯᠭᠡᠭᠡᠨ ᠤ ᠤᠷᠤᠰᠬᠠᠯ ᠣᠰᠣᠨ ᠤ ᠰᠢᠮ᠎ᠡ ᠲᠡᠵᠢᠭᠡᠯ ᠬᠠᠩᠭᠠᠨ᠎ᠠ ᠃
ᠡᠬᠢ ᠪᠠᠶᠠᠯᠢᠭ ᠤᠨ ᠬᠦᠴᠦᠨ ᠴᠢᠳᠠᠯ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠢ ᠬᠦᠴᠦᠷᠬᠡᠭᠵᠢᠭᠦᠯᠦᠨ ᠪᠠᠶᠢᠭᠤᠯᠤᠨ᠎ᠠ ᠃ ︽ᠤᠯᠤᠰ ᠤᠨ ᠠᠩᠭᠢ ︾ ᠶᠢ ᠪᠤᠵᠠᠭᠠᠶᠢᠷᠠᠭᠤᠯᠬᠤ ᠬᠡᠷᠡᠭᠲᠡᠢ ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠡᠪᠡᠰᠦᠨ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠡᠭᠦᠯᠳᠡᠷ ᠪᠣᠶᠢᠵᠢᠭᠤᠯᠬᠤ ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠰᠢᠭᠯᠠᠯᠲᠠ ᠶᠢᠨ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠣᠶᠢᠵᠢᠭᠤᠯᠤᠨ᠎ᠠ ᠃ ︽ᠣᠷᠣᠨ ᠨᠤᠲᠤᠭ ᠤᠨ ᠠᠩᠭᠢ ︾ ᠶᠢ ᠬᠦᠴᠦᠷᠬᠡᠭᠵᠢᠭᠦᠯᠬᠦ ᠬᠡᠷᠡᠭᠲᠡᠢ ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠲᠠᠰᠤᠭ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠬᠢ ᠶᠢᠨ ᠰᠤᠳᠤᠯᠭᠠᠨ ᠤ ᠬᠦᠷᠢᠶᠡᠯᠡᠩ ᠵᠡᠷᠭᠡ ᠪᠠᠶᠢᠭᠤᠯᠤᠮᠵᠢ ᠨᠢ ᠵᠣᠷᠢᠭᠲᠠᠢ ᠬᠢᠵᠦ ᠲᠤᠷᠰᠢᠨ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠪᠤᠵᠠᠭᠠᠶᠢᠷᠠᠭᠤᠯᠤᠨ ᠂ ᠴᠠᠭᠠᠷᠠᠭᠰᠠᠨ ᠦᠷ᠎ᠡ ᠪᠥᠲᠥᠮᠵᠢ ᠭᠠᠷᠭᠠᠬᠤ ᠬᠡᠷᠡᠭᠲᠡᠢ ︔ ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠨᠢ ︽ᠪᠥᠭᠡᠭᠡᠨᠡᠷᠡᠯ ︾ ᠤᠨ ᠦᠢᠯᠡᠳᠦᠯ ᠢᠶᠠᠨ ᠪᠠᠳᠠᠷᠠᠭᠤᠯᠵᠤ ᠂ ︽ᠨᠡᠶᠢᠯᠡᠯᠲᠡ ︾ ᠶᠢᠨ ᠦᠢᠯᠡᠳᠦᠯ ᠢᠶᠠᠨ ᠭᠠᠷᠭᠠᠵᠤ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠬᠦᠷᠢᠶᠡᠯᠡᠩ ᠭᠠᠵᠠᠷ ᠢ ᠬᠠᠮᠲᠤᠳᠬᠠᠨ ᠂ ᠠᠵᠤ ᠦᠢᠯᠡᠰ ᠤᠨ ᠬᠡᠯᠬᠢᠶ᠎ᠡ ᠂ ᠰᠢᠨ᠎ᠡ ᠡᠭᠦᠳᠦᠯᠲᠡ ᠶᠢᠨ ᠬᠡᠯᠬᠢᠶ᠎ᠡ ᠂ ᠪᠡᠯᠡ ᠮᠥᠩᠭᠦᠨ ᠤ ᠬᠡᠯᠬᠢᠶ᠎ᠡ ᠂ ᠴᠢᠳᠠᠪᠤᠷᠢᠲᠠᠨ ᠤ ᠬᠡᠯᠬᠢᠶ᠎ᠡ ᠂ ᠮᠡᠳᠡᠭᠡ ᠵᠠᠩᠭᠢ ᠶᠢᠨ ᠬᠡᠯᠬᠢᠶ᠎ᠡ ᠶᠢ ᠬᠤᠷᠠᠭᠤᠯᠬᠤ ᠬᠡᠷᠡᠭᠲᠡᠢ ᠃ ᠣᠨᠴᠠᠭᠠᠶᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠴᠡᠭ ᠪᠠᠶᠢᠷᠢᠯᠠᠯ ᠢᠶᠠᠨ ᠣᠯᠵᠤ ᠂ ᠪᠦᠯᠭᠦᠮ ᠨᠠᠶᠢᠳᠡ ᠪᠠᠨ ᠣᠯᠵᠤ ᠂ ᠵᠠᠭᠪᠤᠷ ᠢᠶᠠᠨ ᠵᠥᠪ ᠣᠯᠵᠤ ᠂ ᠤᠰᠤᠲᠥ᠋ᠷᠥᠭᠴᠢᠲᠤ ᠡᠨᠧᠷᠬᠢ ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠡᠯ ᠳᠤ ᠠᠩᠬᠠᠷᠤᠯ ᠢᠶᠠᠨ ᠲᠥᠪᠯᠡᠷᠡᠭᠦᠯᠦᠨ ᠂ ᠪᠦᠭᠦ ᠤᠯᠤᠰ ᠴᠢᠨᠠᠭᠰᠢᠯᠠᠨ ᠳᠡᠯᠡᠬᠡᠢ ᠳᠤ ᠣᠷᠣᠶᠢᠯᠠᠭᠰᠠᠨ ᠲᠤᠰᠬᠠᠢ ᠮᠡᠷᠭᠡᠵᠢᠯᠲᠡᠨ ᠤ ᠪᠦᠯᠭᠦᠮ ᠢ ᠣᠷᠣᠭᠤᠯᠤᠨ ᠠᠪᠴᠢᠷᠠᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠯᠦᠭᠡ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ ᠂ ᠰᠢᠨ᠎ᠡ ᠮᠡᠷᠭᠡᠵᠢᠯ ᠂ ᠰᠢᠨ᠎ᠡ ᠵᠠᠭᠪᠤᠷ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠨ᠎ᠠ ᠃
ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯᠯᠠᠬᠤ ᠴᠡᠷᠢᠭ ᠪᠣᠯᠬᠤ ᠶᠢ ᠪᠦᠭᠦ ᠬᠦᠴᠦᠨ ᠢᠶᠠᠷ ᠢᠶᠠᠨ ᠳᠡᠮᠵᠢᠨ᠎ᠡ ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ – ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ – ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠠᠭᠠᠭᠤᠯᠤᠭᠴᠢ ᠠᠵᠤ ᠠᠬᠤᠶᠢᠯᠠᠯ ︾ ᠤᠨ ᠱᠠᠲᠤᠯᠢᠭ ᠬᠡᠯᠪᠡᠷᠢ ᠪᠦᠬᠦᠢ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠂ ᠬᠥᠲᠥᠴᠢ ᠠᠵᠤ ᠠᠬᠤᠶᠢᠯᠠᠯ ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ 3000 ᠳᠤ ᠬᠦᠷᠦᠭᠦᠯᠬᠦ ᠪᠠᠷ ᠴᠢᠷᠮᠠᠶᠢᠨ᠎ᠠ ᠃ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠬᠢᠬᠦ ᠂ ᠰᠢᠨᠵᠢᠯᠡᠬᠦ ᠤᠬᠠᠭᠠᠨ ᠰᠤᠳᠤᠯᠭᠠᠨ ᠤ ᠲᠦᠷᠣᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ︾ ᠲᠣᠭᠲᠠᠴᠠ ᠶᠢ ᠪᠦᠷᠢᠨᠰᠢᠭᠦᠯᠦᠨ ᠂ ᠡᠯ᠎ᠡ ᠲᠦᠷᠣᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ ᠂ ᠵᠠᠪᠰᠠᠷ ᠤᠨ ᠰᠢᠯᠭᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠬᠡᠷᠡᠭᠯᠡᠭᠡᠨ ᠤ ᠰᠢᠯᠭᠠᠯᠲᠠ ᠶᠢᠨ ᠲᠠᠪᠴᠠᠩ ᠢ ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ ᠂ ︽ᠰᠢᠨᠵᠢᠯᠡᠬᠦ ᠤᠬᠠᠭᠠᠨᠲᠠᠨ + ᠢᠨᠵᠧᠨᠧᠷ + ᠠᠵᠤ ᠠᠬᠤᠶᠢᠯᠠᠯᠲᠠᠨ ︾ ᠤ ᠵᠠᠭᠪᠤᠷ ᠢ ᠬᠡᠷᠡᠭᠵᠢᠭᠦᠯᠦᠨ ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢᠯ ᠤᠨ ᠠᠵᠢᠯᠯᠠᠭᠠᠨ ᠢ ᠥᠷᠨᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ ︾ ᠠᠴᠠ ︽ᠦᠢᠯᠡᠳᠪᠦᠷᠢᠯᠡᠯ ᠤᠨ ᠱᠤᠭᠤᠮ ︾ ᠳᠤ ᠭᠠᠷᠭᠠᠬᠤ ᠬᠡᠷᠡᠭᠲᠡᠢ ᠃
ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠢᠶᠠᠷ ᠴᠢᠳᠠᠪᠤᠷᠢᠲᠠᠨ ᠤᠷᠢᠵᠤ ᠤᠶᠤᠨ ᠤᠬᠠᠭᠠᠨ ᠢ ᠲᠥᠪᠯᠡᠷᠡᠭᠦᠯᠦᠨ᠎ᠡ ᠃ ᠴᠢᠳᠠᠪᠤᠷᠢᠲᠠᠨ ᠢ ᠥᠮᠴᠢᠷᠬᠡᠬᠦ ᠶᠢ ᠪᠣᠳᠣᠬᠤ ᠦᠭᠡᠢ ᠂ ᠪᠠᠶᠢᠵᠤ ᠲᠣᠭᠲᠠᠬᠤ ᠪᠠᠷ ᠱᠠᠭᠠᠷᠳᠠᠬᠤ ᠦᠭᠡᠢ ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠂ ᠨᠥᠬᠦᠴᠡᠯ ᠪᠣᠯᠣᠮᠵᠢ ᠪᠦᠷᠢᠯᠳᠦᠭᠦᠯᠦᠨ ᠴᠢᠳᠠᠪᠤᠷᠢᠲᠠᠳ ᠢ ᠲᠠᠲᠠᠬᠤ ᠪᠠᠷ ᠪᠠᠷᠠᠬᠤ ᠦᠭᠡᠢ ᠂ ᠪᠠᠰᠠ ᠡᠷᠳᠡᠮ ᠴᠢᠳᠠᠪᠤᠷᠢ ᠪᠠᠨ ᠪᠠᠳᠠᠷᠠᠭᠤᠯᠬᠤ ᠣᠷᠴᠢᠨ ᠨᠥᠬᠦᠴᠡᠯ ᠢ ᠪᠦᠷᠢᠯᠳᠦᠭᠦᠯᠵᠦ ᠂ ᠥᠪᠡᠷᠲᠡᠭᠡᠨ ᠵᠠᠰᠠᠬᠤ ᠣᠷᠣᠨ ᠤ ᠪᠡᠭᠡᠵᠢᠩ ᠱᠠᠩᠬᠠᠢ ᠵᠧᠵᠢᠶᠠᠩ ᠵᠡᠷᠭᠡ ᠭᠠᠵᠠᠷ ᠲᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠷ ᠢ ᠰᠠᠶᠢᠲᠤᠷ ᠴᠣᠭᠴᠠᠯᠠᠵᠤ ᠂ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠰᠢᠭᠰᠠᠨ ᠭᠠᠵᠠᠷ ᠣᠷᠣᠨ ᠳᠤ ᠴᠢᠳᠠᠪᠤᠷᠢᠲᠠᠨ ᠤ ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ ᠲᠡᠮᠵᠢᠵᠦ ᠂ ᠢᠯᠢ ᠪᠦᠯᠦᠭᠯᠡᠯ ᠤᠨ ᠡᠸᠦ᠋ᠷᠦᠫᠡ ᠳᠠᠬᠢ ᠰᠤᠳᠤᠯᠤᠨ ᠨᠡᠭᠡᠭᠡᠬᠦ ᠲᠥᠪ ᠂ ᠣᠷᠳᠣᠰ ᠪᠦᠯᠦᠭᠯᠡᠯ ᠤᠨ ᠱᠠᠩᠬᠠᠢ ᠳᠠᠬᠢ ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ ᠢ ᠳᠡᠯᠭᠡᠷᠡᠭᠦᠯᠵᠦ ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰ ᠤᠨ ᠬᠡᠷᠡᠭᠯᠡᠭᠡᠨ ᠤ ︽ᠬᠤᠣᠰ ᠴᠢᠭᠯᠡᠯᠲᠦ ᠤᠭᠤᠷᠴᠤᠭ ᠬᠠᠷᠢᠶ᠎ᠠ ᠭᠠᠵᠠᠷ ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠨ ᠲᠦᠷᠭᠡᠳᠬᠡᠨ᠎ᠡ ᠃
︵ᠲᠠᠪᠤ ︶ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠢᠨᠠᠮᠠᠭᠠᠢ ᠴᠣᠭᠴᠠᠯᠠᠨ᠎ᠠ ᠃ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠦᠨᠳᠦᠰᠦ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠠᠶᠢᠵᠤ ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠠᠶᠢᠵᠤ ᠂ ᠴᠢᠭᠯᠡᠯ ᠨᠢ ᠠᠵᠤ ᠦᠢᠯᠡᠰ ᠢ ᠳᠡᠰ ᠳᠡᠪᠰᠢᠭᠦᠯᠬᠦ ᠳᠤ ᠪᠠᠶᠢᠨ᠎ᠠ ᠃ ︽ᠬᠤᠶᠠᠷ ᠰᠠᠭᠤᠷᠢᠨ ᠭᠠᠵᠠᠷ ︾ ᠲᠤ ᠠᠩᠬᠠᠷᠤᠯ ᠢᠶᠠᠨ ᠲᠥᠪᠯᠡᠷᠡᠭᠦᠯᠦᠨ ᠂ ︽ᠭᠤᠷᠪᠠᠨ ᠶᠡᠭᠡ ᠳᠠᠪᠠᠭᠤᠯᠢᠭ ︾ ᠢ ᠪᠠᠳᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠂ ᠠᠵᠤ ᠦᠢᠯᠡᠳᠪᠦᠷᠢᠵᠢᠯᠲᠡ ᠶᠢᠨ ᠬᠦᠨᠳᠦ ᠡᠭᠦᠷᠭᠡ ᠡᠭᠦᠷᠭᠡᠯᠡᠬᠦ ᠂ ᠰᠢᠨ᠎ᠡ ᠡᠨᠧᠷᠭᠢ ᠶᠢᠨ ᠭᠤᠣᠯᠯᠠᠬᠤ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠨᠢ ᠠᠬᠢᠭᠤᠯᠤᠨ᠎ᠠ ᠃
ᠲᠠᠷᠢᠶᠠᠯᠠᠩ ᠮᠠᠯ ᠠᠵᠤ ᠠᠬᠤᠢ ᠨᠢ ᠣᠳᠣᠬᠢᠴᠢᠯᠠᠭᠰᠠᠨ ᠶᠡᠭᠡ ᠠᠵᠤ ᠦᠢᠯᠡᠰ ᠢ ᠴᠣᠭᠴᠠᠯᠠᠬᠤ ᠪᠠ ᠠᠵᠤ ᠦᠢᠯᠡᠰ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ ᠬᠦᠴᠦᠯᠡᠬᠦ ᠬᠡᠷᠡᠭᠲᠡᠢ ᠃ ᠶᠡᠭᠡ ᠲᠠᠷᠢᠶᠠᠯᠠᠩ ᠤᠨ ᠦᠵᠡᠯᠲᠡ ᠶᠢ ᠪᠠᠲᠤ ᠴᠣᠭᠴᠠᠯᠠᠵᠤ ᠂ ᠬᠡᠪᠴᠢᠶᠡᠵᠢᠭᠦᠯᠬᠦ ᠂ ᠠᠵᠤ ᠦᠢᠯᠡᠰᠵᠢᠭᠦᠯᠬᠦ ᠂ ᠨᠡᠷᠡᠲᠤ ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ ᠃ ᠲᠠᠷᠢᠶᠠᠯᠠᠩ ᠮᠠᠯ ᠠᠵᠤ ᠠᠬᠤᠢ ᠶᠢ ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ ᠂ ᠬᠡᠪᠴᠢᠶᠡᠵᠢᠭᠦᠯᠦᠭᠰᠡᠨ ᠡᠵᠡᠩᠨᠡᠯᠲᠡ ᠨᠡᠶᠢᠭᠡᠮᠴᠢᠯᠡᠭᠰᠡᠨ ᠦᠢᠯᠡᠴᠢᠯᠡᠭᠡ ᠶᠢ ᠲᠦᠷᠭᠡᠳᠬᠡᠨ ᠠᠬᠢᠭᠤᠯᠵᠤ ᠂ ᠪᠡᠯᠡᠳᠭᠡᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠬᠦ ᠬᠤᠷᠢᠵᠤ ᠲᠡᠵᠢᠭᠡᠬᠦ ᠂ ᠬᠦᠷᠢᠶᠡᠨ ᠠᠵᠤ ᠠᠬᠤᠢ ᠶᠢ ᠬᠥᠭᠵᠢᠭᠦᠯᠬᠦ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ ᠂ ᠤᠯᠤᠰ ᠤᠨ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ ᠂ ᠬᠢᠩᠭᠠᠨ ᠠᠶᠢᠮᠠᠭ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠵᠦ ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠤᠨ ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠰᠠᠶᠢᠵᠢᠷᠠᠭᠤᠯᠤᠨ ᠥᠭᠡᠷᠡᠴᠢᠯᠡᠵᠦ ᠂ ᠡᠯᠪᠡᠭ ᠬᠤᠷᠢᠶᠠᠯᠲᠠ ᠲᠠᠢ ᠵᠢᠯ ᠢ ᠳᠠᠬᠢᠨ ᠡᠭᠦᠳᠬᠦ ᠪᠠᠷ ᠴᠢᠷᠮᠠᠶᠢᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠢᠯᠡᠭᠦᠦ ᠥᠪᠥᠷ ᠮᠣᠩᠭᠤᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠳᠡᠭᠡᠭᠰᠢᠯᠡᠭᠦᠯᠬᠦ ᠬᠡᠷᠡᠭᠲᠡᠢ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ ᠪᠠᠨ ᠬᠦᠴᠦᠯᠡᠨ ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠬᠢᠶ᠎ᠡ ᠶᠢ ᠲᠠᠰᠣᠷᠠᠯᠳᠡ ᠦᠭᠡᠢ ᠤᠷᠲᠤᠳᠬᠠᠨ ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠂ ᠥᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠳᠡᠭ ᠢ 7000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠭᠤᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ ᠰᠦ ᠴᠠᠭᠠᠨ ᠢᠳᠡᠭᠡ ᠶᠢ ᠨᠠᠷᠢᠯᠢᠭ ᠭᠦᠨ ᠡᠳ᠋ᠰᠢᠭᠦᠯᠬᠦ ᠪᠠ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡ ᠶᠢ ᠳᠡᠰ ᠳᠡᠪᠰᠢᠭᠦᠯᠬᠦ ᠶᠢ ᠨᠢ ᠲᠦᠷᠭᠡᠳᠬᠡᠵᠦ ᠂ ︽ᠰᠢᠷᠬᠡᠭ ᠡᠪᠡᠰᠦ ᠠᠴᠠ ᠠᠶᠠᠭ᠎ᠠ ᠰᠦ ᠬᠦᠷᠲᠡᠯᠡᠬᠢ ᠂ ᠳᠠᠬᠢᠭᠠᠣᠨ ᠬᠡᠰᠡᠭ ᠪᠢᠰᠢᠯᠠᠭ ᠬᠦᠷᠲᠡᠯᠡᠬᠢ ︾ ᠪᠦᠬᠦ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠭᠰᠡᠨ ᠪᠠᠷᠯᠠᠯ ᠢ ᠡᠭᠦᠳᠦᠨ᠎ᠡ ︔ ᠡᠷᠳᠡᠨᠢ ᠰᠢᠰᠢ ᠶᠢᠨ ᠲᠠᠯ᠎ᠠ ᠪᠠᠷ ᠭᠤᠣᠯᠳᠠᠭᠤ ᠲᠷᠢᠫᠲ᠋ᠣᠹᠠᠨ ᠂ ᠦᠷ᠎ᠡ ᠶᠢᠨ ᠠᠮᠢᠨᠤ᠋ ᠬᠦᠴᠢᠯ ᠂ ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ ᠨᠡᠮᠡᠯᠲᠡ ᠦᠷᠲᠡᠭ ᠲᠠᠢ ᠦᠢᠯᠡᠳᠬᠦᠨ ᠢ ᠥᠷᠭᠡᠳᠬᠡᠨ ᠬᠥᠭᠵᠢᠭᠦᠯᠦᠨ᠎ᠡ ︔ ᠠᠯᠠᠰᠢᠨ ᠬᠤᠨᠢ ᠠᠯᠠᠰᠢᠨ ᠦᠬᠡᠷ ᠤᠨ ᠲᠠᠯ᠎ᠠ ᠪᠠᠷ ᠭᠤᠣᠯᠳᠠᠭᠤ ᠠᠮᠢᠳᠤ ᠮᠠᠯ ᠢ ᠭᠠᠳᠠᠭᠰᠢ ᠠᠷᠠᠯᠵᠢᠶᠠᠯᠠᠬᠤ ᠂ ᠪᠣᠯᠪᠠᠰᠤᠷᠠᠭᠤᠯᠤᠨ ᠡᠳ᠋ᠰᠢᠭᠦᠯᠦᠭᠰᠡᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ︽ᠠᠯᠠᠰᠢᠨ ᠬᠤᠨᠢ ᠠᠯᠠᠰᠢᠨ ᠦᠬᠡᠷ ︾ ᠬᠤᠳᠠᠯᠳᠤᠵᠤ ᠪᠠᠶᠢᠭᠰᠠᠨ ᠠᠴᠠ ︽ᠬᠤᠨᠢᠨ ᠮᠢᠬ᠎ᠠ ᠦᠬᠡᠷ ᠤᠨ ᠮᠢᠬ᠎ᠠ ︾ ᠬᠤᠳᠠᠯᠳᠤᠬᠤ ᠪᠣᠯᠭᠠᠨ᠎ᠠ ︔ ᠲᠡᠵᠢᠭᠡᠯ ᠡᠪᠡᠰᠦ ᠶᠢᠨ ᠲᠠᠯ᠎ᠠ ᠪᠠᠷ ᠭᠤᠣᠯᠳᠠᠭᠤ ᠠᠵᠤ ᠦᠢᠯᠡᠰ ᠤᠨ ᠬᠡᠯᠬᠢᠶᠡᠨ ᠤ ᠵᠣᠯᠭᠠᠯᠴᠠᠭ᠎ᠠ ᠶᠢ ᠴᠢᠩᠭᠠᠷᠠᠭᠤᠯᠵᠤ ᠂ ᠲᠡᠵᠢᠭᠡᠨ ᠦᠷᠡᠵᠢᠭᠦᠯᠬᠦ ᠶᠢᠨ ᠲᠥᠯᠥᠭᠡ ᠲᠠᠷᠢᠬᠤ ᠂ ᠲᠠᠷᠢᠵᠤ ᠲᠡᠵᠢᠭᠡᠬᠦ ᠪᠠᠨ ᠤᠶᠠᠯᠳᠤᠭᠤᠯᠬᠤ ᠶᠢ ᠠᠬᠢᠭᠤᠯᠵᠤ ᠂ ᠡᠪᠡᠰᠦᠨ ᠤ ᠦᠷ᠎ᠡ ᠶᠢᠨ ᠴᠢᠨᠠᠷ ᠴᠢᠨᠰᠠᠭ᠎ᠠ ᠪᠠ ᠴᠢᠨᠠᠷ ᠰᠠᠶᠢᠲᠠᠢ ᠲᠡᠵᠢᠭᠡᠯ ᠡᠪᠡᠰᠦ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ ︔ ᠢᠮᠠᠭᠠᠨ ᠨᠣᠣᠯᠣᠭᠤᠷ ᠤᠨ ᠲᠠᠯ᠎ᠠ ᠪᠠᠷ ᠭᠤᠣᠯᠳᠠᠭᠤ ᠨᠣᠣᠯᠣᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠬᠦᠴᠦᠲᠡᠢ ᠠᠳᠬᠤᠨ ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ ︔ ᠲᠥᠮᠥᠰᠥ ᠶᠢᠨ ᠲᠠᠯ᠎ᠠ ᠪᠠᠷ ᠭᠤᠣᠯᠳᠠᠭᠤ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠠᠷᠳᠠᠭᠤᠯ ᠂ ᠤᠷᠢᠳᠴᠢᠯᠠᠨ ᠬᠢᠭᠰᠡᠨ ᠨᠣᠭᠤᠭ᠎ᠠ ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ ︔ ᠪᠣᠬᠢᠷᠳᠤᠯ ᠦᠭᠡᠢ ᠠᠮᠢ ᠠᠬᠤᠢ ᠶᠢᠨ ︽ᠥᠪᠥᠷ ᠮᠣᠩᠭᠤᠯ ︾ ᠨᠡᠷᠡᠮᠵᠢᠲᠦ ᠨᠡᠷᠡᠲᠦ ᠲᠡᠮᠳᠡᠭ ᠢ ᠰᠢᠯᠢᠳᠡᠭᠵᠢᠭᠦᠯᠦᠨ᠎ᠡ ᠃ ︽ᠥᠷᠭᠡᠨ ᠲᠡᠨᠢᠭᠡᠷ ᠲᠠᠯ᠎ᠠ ᠨᠤᠲᠤᠭ ᠂ ᠥᠩ ᠰᠢᠮᠡᠯᠢᠭ ᠮᠠᠯᠵᠢᠯ ᠤᠨ ᠲᠠᠯᠠᠪᠠᠢ ᠂ ᠠᠮᠢ ᠠᠬᠤᠢ ᠶᠢᠨ ᠥᠪᠥᠷ ᠮᠣᠩᠭᠤᠯ ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ ︾ ᠢᠶᠠᠨ ᠠᠯᠳᠠᠷᠰᠢᠭᠤᠯᠤᠨ ᠴᠤᠤᠷᠢᠶᠠᠲᠤᠭᠤᠯᠵᠤ ᠂ ᠲᠠᠸᠠᠷ ᠤᠨ ᠲᠡᠮᠳᠡᠭ ᠨᠡᠷᠡᠲᠦ ᠲᠡᠮᠳᠡᠭ ᠤᠨ ᠦᠨ᠎ᠡ ᠦᠷᠲᠡᠭ ᠢ ᠳᠡᠭᠡᠭᠰᠢᠯᠡᠭᠦᠯᠬᠦ ᠪᠠ ᠭᠠᠵᠠᠷ ᠵᠦᠢ ᠶᠢᠨ ᠪᠡᠯᠭᠡ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ ᠂ ᠨᠡᠩ ᠣᠯᠠᠨ ᠨᠡᠷᠡᠲᠦ ᠲᠡᠮᠳᠡᠭ ᠢ ᠨᠡᠷ᠎ᠡ ᠴᠤᠤ ᠮᠠᠨᠳᠤᠭᠰᠠᠨ ᠂ ᠲᠣᠭᠲᠠᠵᠤ ᠳᠡᠶᠢᠯᠬᠦ ᠂ ᠣᠯᠠᠨ ᠤ ᠰᠡᠳᠬᠢᠯ ᠢ ᠣᠯᠣᠭᠰᠠᠨ ᠂ ᠤᠷᠲᠤ ᠤᠳᠠᠭᠠᠨ ᠬᠥᠭᠵᠢᠵᠦ ᠪᠣᠯᠬᠤᠶᠢᠴᠠ ᠪᠣᠯᠭᠠᠵᠤ ᠂ ᠲᠡᠨᠢᠭᠡᠷ ᠶᠡᠭᠡ ᠲᠠᠯ᠎ᠠ ᠨᠤᠲᠤᠭ ᠤᠨ ᠢᠶᠠᠨ ᠠᠩᠬᠢᠯᠤᠮ᠎ᠠ ᠰᠠᠶᠢᠬᠠᠨ ᠠᠮᠲᠠᠲᠤ ᠢᠳᠡᠭᠡᠨ ᠢᠶᠠᠨ ᠪᠦᠬᠦ ᠪᠥᠮᠪᠥᠷᠴᠡᠭ ᠲᠤ ᠠᠯᠳᠠᠷᠰᠢᠭᠤᠯᠤᠨ ᠮᠠᠨᠳᠤᠭᠤᠯᠤᠨ᠎ᠠ ᠃
ᠠᠵᠤ ᠦᠢᠯᠡᠳᠪᠦᠷᠢ ᠶᠢ ᠤᠷᠢᠳ ᠢᠶᠠᠷ ︽ᠳᠤᠮᠳᠠ ᠲᠦᠪᠰᠢᠨ ᠳᠤ ᠣᠷᠤᠭᠤᠯᠬᠤ ︾ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠳᠠᠪᠲᠠᠵᠤ ᠂ ᠳᠤᠲᠠᠭᠤᠳᠠᠯ ᠢᠶᠠᠨ ᠨᠥᠬᠦᠪᠦᠷᠢᠯᠡᠨ ᠂ ᠪᠦᠯᠦᠭᠵᠢᠯ ᠢ ᠪᠤᠵᠠᠭᠠᠶᠢᠷᠠᠭᠤᠯᠵᠤ ᠂ ᠲᠤᠯᠭᠠᠭᠤᠷᠢᠯᠠᠯ ᠢ ᠴᠢᠩᠭᠠᠳᠬᠠᠨ ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠢ ᠪᠣᠯᠭᠠᠨ᠎ᠠ ᠃ ᠰᠢᠨ᠎ᠡ ᠡᠨᠧᠷᠬᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠪᠠᠷᠢᠮᠲᠠᠯᠠᠵᠤ ᠂ ᠰᠢᠨ᠎ᠡ ᠬᠡᠯᠪᠡᠷᠢ ᠪᠦᠬᠦᠢ ᠠᠵᠤ ᠦᠢᠯᠡᠳᠪᠦᠷᠢᠵᠢᠯᠲᠡ ᠶᠢᠨ ︽1 + 7 ︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠪᠡᠯᠡ ᠮᠥᠩᠭᠦ ᠶᠢ ᠠᠵᠤ ᠦᠢᠯᠡᠰ ᠤᠨ ᠰᠢᠨ᠎ᠡ ᠡᠭᠦᠳᠦᠯᠲᠡ ᠂ ᠦᠢᠯᠡᠳᠬᠦ ᠦᠢᠯᠡᠰ ᠤᠨ ᠬᠥᠭᠵᠢᠯᠲᠡ ᠲᠡᠶᠢᠰᠢ ᠭᠤᠣᠯᠳᠠᠯᠭ᠎ᠠ ᠲᠠᠢ ᠬᠡᠯᠪᠡᠶᠢᠯᠭᠡᠬᠦ ᠬᠡᠷᠡᠭᠲᠡᠢ ᠃ ᠳᠠᠪᠠᠭᠤᠯᠢᠭ ᠢᠶᠠᠨ ᠳᠠᠪᠲᠠᠬᠤ ᠭᠡᠳᠡᠭ ᠨᠢ ︽ᠠᠵᠤ ᠦᠢᠯᠡᠳᠪᠦᠷᠢᠵᠢᠭᠰᠡᠨ ᠥᠪᠥᠷ ᠮᠣᠩᠭᠤᠯ ᠢ ᠳᠠᠬᠢᠨ ᠨᠢᠭᠡ ᠴᠣᠭᠴᠠᠯᠠᠬᠤ ︾ ᠬᠠᠷᠠᠯᠲᠠ ᠪᠠᠷ ᠰᠢᠨ᠎ᠡ ᠡᠨᠧᠷᠬᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠬᠤ ᠶᠢ ᠵᠢᠭᠠᠵᠤ ᠪᠣᠢ ᠃ ᠨᠡᠭᠡᠭᠡᠨ ᠬᠥᠭᠵᠢᠭᠦᠯᠬᠦ ᠳᠤ ᠬᠡᠮᠵᠢᠶ᠎ᠡ ᠪᠠᠨ ᠨᠡᠮᠡᠭᠳᠡᠭᠦᠯᠦᠨ ᠬᠤᠷᠳᠤᠴᠠ ᠪᠠᠨ ᠲᠦᠷᠭᠡᠳᠬᠡᠵᠦ ᠂ ᠰᠢᠩᠭᠡᠬᠡᠨ ᠪᠠᠭᠲᠠᠭᠠᠬᠤ ᠳᠤ ᠪᠣᠭᠤᠮᠢ ᠬᠦᠯᠢᠶᠡᠰᠦᠯᠡᠯ ᠢ ᠦᠭᠡᠶᠢᠰᠬᠡᠨ ᠠᠷᠢᠯᠭᠠᠬᠤ ᠂ ᠰᠠᠯᠬᠢ ᠪᠣᠯᠣᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠶᠡᠭᠡ ᠬᠡᠪᠴᠢᠶ᠎ᠡ ᠪᠠᠷ ᠲᠠᠶᠠᠭᠳᠠᠬᠤ ᠶᠢ ᠡᠷᠡᠰ ᠰᠡᠷᠭᠡᠶᠢᠯᠡᠨ᠎ᠡ ᠂ ᠰᠢᠨ᠎ᠡ ᠬᠡᠯᠪᠡᠷᠢ ᠪᠦᠬᠦᠢ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠪᠣᠬᠢᠷᠳᠤᠯ ᠦᠭᠡᠢ ᠴᠠᠬᠢᠯᠭᠠᠨ ᠪᠣᠬᠢᠷᠳᠤᠯ ᠦᠭᠡᠢ ᠴᠠᠬᠢᠯᠭᠠᠨ ᠤ ᠦᠨᠡᠮᠯᠡᠯ ᠤᠨ ᠠᠷᠠᠯᠵᠢᠶ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ ᠂ ᠰᠢᠨ᠎ᠡ ᠡᠨᠧᠷᠬᠢ ᠶᠢᠨ ᠲᠤᠨᠤᠭ ᠲᠥᠬᠦᠭᠡᠷᠦᠮᠵᠢ ᠦᠢᠯᠡᠳᠬᠦ ᠶᠢᠨ ᠦᠷ᠎ᠡ ᠠᠰᠢᠭ ᠢ ᠬᠦᠴᠦᠯᠡᠨ ᠨᠡᠮᠡᠭᠳᠡᠭᠦᠯᠵᠦ ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠳᠤ ᠨᠢ ᠳᠡᠭᠡᠭᠰᠢᠯᠡᠭᠦᠯᠬᠦ ᠬᠡᠷᠡᠭᠲᠡᠢ ᠃ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠪᠡᠯᠡ ᠣᠷᠤᠭᠤᠯᠤᠯᠲᠠ ᠶᠢ 3000 ᠳ᠋ᠦᠩᠰᠢᠭᠤᠷ ᠲᠥᠭᠦᠷᠢᠭ ᠴᠢᠷᠮᠠᠶᠢᠨ ᠪᠡᠶᠡᠯᠡᠭᠦᠯᠵᠦ ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠬᠠᠷᠠᠯᠲᠠ ᠶᠢ ᠵᠢᠯ ᠤᠷᠢᠳᠴᠢᠯᠠᠨ ᠪᠡᠶᠡᠯᠡᠭᠦᠯᠵᠦ ᠂ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶ᠎ᠡ ᠂ ᠪᠠᠶᠢᠭᠤᠯᠵᠤ ᠪᠠᠶᠢᠭ᠎ᠠ ᠬᠡᠪᠴᠢᠶ᠎ᠡ ᠂ ᠶᠡᠷᠦᠩᠬᠡᠢ ᠬᠡᠪᠴᠢᠶ᠎ᠡ ᠪᠠᠷ ᠢᠶᠠᠨ ᠪᠦᠬᠦ ᠤᠯᠤᠰ ᠲᠤ ᠲᠦᠷᠦᠭᠦᠯᠡᠬᠦ ᠪᠠᠨ ᠪᠠᠷᠢᠮᠲᠠᠯᠠᠬᠤ ᠪᠠᠷ ᠴᠢᠷᠮᠠᠶᠢᠨ᠎ᠠ ᠂ ᠶᠡᠷᠦᠩᠬᠡᠶᠢᠯᠡᠪᠡᠯ ᠪᠦᠬᠦ ᠤᠯᠤᠰ ᠤᠨ ᠰᠢᠨ᠎ᠡ ᠡᠨᠧᠷᠬᠢ ᠶᠢᠨ ᠲᠦᠷᠦᠭᠦᠦ ᠪᠠᠶᠢᠷᠢ ᠪᠠᠨ ᠠᠯᠳᠠᠵᠤ ᠪᠣᠯᠬᠤ ᠦᠭᠡᠢ ᠃ ᠳᠤᠲᠠᠭᠤᠳᠠᠯ ᠢᠶᠠᠨ ᠨᠥᠬᠦᠪᠦᠷᠢᠯᠡᠬᠦ ᠭᠡᠳᠡᠭ ᠨᠢ ᠤᠯᠠᠮᠵᠢᠯᠠᠯᠲᠤ ᠠᠵᠤ ᠦᠢᠯᠡᠰ ᠢ ᠲᠤᠶᠢᠯᠪᠤᠷᠢᠲᠠᠢ ᠥᠭᠡᠷᠡᠴᠢᠯᠡᠵᠦ ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ ᠂ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠦᠨ ᠪᠠᠳᠠᠷᠠᠭᠠᠬᠤ ᠶᠢ ᠵᠢᠭᠠᠵᠤ ᠪᠣᠢ ᠃ ᠡᠨᠧᠷᠬᠢ ᠂ ᠲᠡᠮᠦᠷᠯᠢᠭ ᠬᠠᠶᠢᠯᠤᠭᠤᠯᠬᠤ ᠂ ᠪᠠᠷᠢᠯᠭ᠎ᠠ ᠶᠢᠨ ᠮᠠᠲ᠋ᠧᠷᠢᠶᠠᠯ ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠪᠣᠯ ᠮᠠᠨ ᠤ ᠣᠷᠣᠨ ᠤ ᠬᠥᠭᠵᠢᠯᠲᠡ ᠶᠢᠨ ᠬᠥᠷᠥᠩᠭᠡ ᠪᠥᠭᠡᠳ ᠰᠢᠷᠭᠠᠭᠤ ᠬᠠᠲᠠᠭᠤᠵᠢᠯᠲᠠᠢ ᠪᠠᠷ ᠪᠣᠢ ᠪᠣᠯᠭᠠᠨ ᠬᠥᠭᠵᠢᠭᠦᠯᠦᠭᠰᠡᠨ ᠠᠵᠤ ᠦᠢᠯᠡᠰ ᠪᠣᠯᠬᠤᠷ ᠶᠠᠭᠠᠬᠢᠭᠰᠠᠨ ᠴᠦ ᠥᠴᠥᠬᠡᠨ ᠲᠡᠳᠦᠢ ᠪᠣᠯᠭᠠᠬᠤ ᠪᠤᠶᠤ ᠠᠯᠳᠠᠵᠤ ᠪᠣᠯᠬᠤ ᠦᠭᠡᠢ ᠂ ︽ᠳᠣᠣᠷᠠᠳᠤ ᠳᠡᠰ ᠤᠨ ᠠᠵᠤ ᠦᠢᠯᠡᠰ ︾ ᠪᠣᠯᠭᠠᠨ ᠳᠥᠭᠦᠮᠬᠡᠨ ᠢᠶᠠᠷ ᠪᠤᠴᠠᠭᠠᠨ ᠭᠠᠷᠭᠠᠵᠤ ᠨᠡᠩ ᠪᠣᠯᠬᠤ ᠦᠭᠡᠢ ᠃ ᠳᠡᠭᠡᠳᠦ ᠳᠡᠰᠵᠢᠭᠦᠯᠬᠦ ᠂ ᠣᠶᠤᠨᠴᠢᠯᠠᠬᠤ ᠂ ᠪᠣᠬᠢᠷᠳᠤᠯ ᠦᠭᠡᠢ ᠪᠣᠯᠭᠠᠬᠤ ᠬᠠᠷᠠᠯᠲᠠ ᠪᠠᠷ ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠲᠥᠬᠦᠭᠡᠷᠦᠮᠵᠢ ᠶᠢ ᠰᠢᠨᠡᠳᠬᠡᠬᠦ ᠂ ᠤᠷ᠎ᠠ ᠮᠡᠷᠭᠡᠰᠢᠯ ᠢ ᠳᠡᠰ ᠳᠡᠪᠰᠢᠭᠦᠯᠬᠦ ᠂ ᠲᠤᠭᠠᠵᠢᠭᠤᠯᠬᠤ ᠪᠠᠷ ᠬᠦᠴᠦᠨ ᠨᠡᠮᠡᠷᠢᠯᠡᠬᠦ ᠶᠢ ᠠᠬᠢᠭᠤᠯᠤᠨ᠎ᠠ ︔ ︽ᠪᠣᠬᠢᠷᠳᠤᠯ ᠦᠭᠡᠢ ᠴᠠᠬᠢᠯᠭᠠᠨ ︾ ᠢ ᠰᠠᠶᠢᠲᠤᠷ ᠬᠥᠭᠵᠢᠭᠦᠯᠵᠦ ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ ︾ ᠪᠠᠷ ᠡᠪᠴᠡᠯᠳᠦᠨ ᠬᠥᠭᠵᠢᠬᠦ ᠪᠠ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ ᠂ ᠳᠣᠣᠷ᠎ᠠ ᠨᠡᠭᠦᠷᠡᠰᠦᠲᠥ᠋ᠷᠥᠭᠴᠢᠲᠦ ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠨᠡᠩ ᠣᠯᠠᠨ ᠴᠣᠭᠴᠠᠯᠠᠵᠤ ᠂ ᠡᠨᠧᠷᠬᠢ ᠶᠡᠭᠡ ᠠᠴᠢᠶᠠᠯᠠᠬᠤ ᠲᠡᠷᠢᠭᠦᠨ ᠤ ᠠᠵᠤ ᠦᠢᠯᠡᠰ ᠢ ᠮᠠᠨ ᠤ ᠣᠷᠣᠨ ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ ᠨᠤᠲᠤᠭᠰᠢᠭᠤᠯᠤᠨ᠎ᠠ ᠃ ᠦᠬᠠᠢ ᠶᠢᠨ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠤᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠲᠡᠮᠵᠢᠨ᠎ᠡ ᠃ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠭᠠᠷᠬᠤ ᠶᠢ ᠲᠦᠷᠭᠡᠳᠬᠡᠵᠦ ᠂ ︽ᠶᠡᠭᠡ ᠠᠭᠤᠷᠬᠠᠢ ᠶᠢ ᠪᠤᠰᠢᠭᠤ ᠨᠡᠭᠡᠭᠡᠬᠦ ᠂ ᠪᠠᠶᠠᠯᠢᠭ ᠠᠭᠤᠷᠬᠠᠢ ᠶᠢ ᠨᠠᠷᠢᠯᠢᠭ ᠨᠡᠭᠡᠭᠡᠬᠦ ︾ ᠶᠢ ᠪᠠᠷᠢᠮᠲᠠᠯᠠᠨ ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠵᠠᠭᠤᠨ ᠲᠦᠮᠡᠨ ᠲᠤᠨ ᠮᠢᠩᠭᠠᠨ ᠳ᠋ᠦᠩᠰᠢᠭᠤᠷ ᠳᠡᠰ ᠠᠴᠠ ᠡᠬᠢᠯᠡᠭᠦᠯᠬᠦ ᠪᠠ ᠠᠵᠤ ᠦᠢᠯᠡᠰ ᠢ ᠪᠦᠬᠦ ᠬᠡᠯᠬᠢᠶ᠎ᠡ ᠪᠠᠷ ᠪᠦᠯᠦᠭᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠃ ᠤᠯᠠᠭᠠᠨᠬᠠᠳᠠ ᠂ ᠰᠢᠯᠢ ᠶᠢᠨ ᠭᠤᠣᠯ ᠤᠨ ᠪᠦᠬᠦ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ ᠲᠤᠷᠰᠢᠯᠲᠠ ᠶᠢᠨ ᠴᠡᠭ ᠪᠤᠯᠬᠤ ᠪᠠᠷ ᠴᠢᠷᠮᠠᠶᠢᠬᠤ ᠶᠢ ᠲᠡᠮᠵᠢᠨ᠎ᠡ ᠃ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢᠶᠠᠷ ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠪᠣᠯ ᠮᠠᠨ ᠤ ᠣᠷᠣᠨ ᠤ ᠰᠢᠨ᠎ᠡ ᠳᠠᠪᠠᠭᠤᠯᠢᠭ ᠢᠶᠠᠨ ᠪᠣᠢ ᠪᠣᠯᠭᠠᠬᠤ ᠂ ᠰᠢᠨ᠎ᠡ ᠬᠥᠳᠡᠯᠭᠡᠭᠦᠷ ᠢ ᠴᠣᠭᠴᠠᠯᠠᠬᠤ ᠶᠢᠨ ᠵᠠᠩᠭᠢᠯᠠᠭ᠎ᠠ ᠪᠠᠶᠢᠵᠤ ᠂ ᠡᠷᠬᠡᠪᠰᠢ ᠢᠳᠡᠪᠬᠢᠲᠡᠢ ᠪᠠᠷ ᠱᠠᠯᠠᠪᠳᠠᠭᠤᠯᠤᠨ ᠪᠠᠶᠢᠷᠢᠰᠢᠭᠤᠯᠵᠤ ᠂ ᠨᠢᠭᠡ ᠬᠤᠶᠠᠷ ᠴᠡᠭ ᠪᠠᠶᠢᠷᠢᠨ ᠳᠤ ᠤᠷᠢᠳ ᠢᠶᠠᠷ ᠰᠢᠪᠲᠤᠯᠤᠯᠲᠠ ᠭᠠᠷᠭᠠᠨ ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ ᠂ ᠠᠮᠢᠳᠤ ᠪᠣᠳᠠᠰ ᠤᠨ ᠡᠮ ᠡᠮᠨᠡᠯᠭᠡ ᠂ ᠬᠤᠳᠠᠯᠳᠤᠭᠠᠨ ᠤ ᠰᠠᠨᠰᠠᠷ ᠠᠶᠠᠯᠠᠯ ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠲᠠᠯ᠎ᠠ ᠪᠠᠷ ᠂ ᠬᠥᠭᠵᠢᠯᠲᠡ ᠶᠢᠨ ᠬᠠᠨᠳᠤᠰᠢ ᠶᠢ ᠡᠵᠡᠮᠳᠡᠵᠦ ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠵᠢᠯᠣᠭᠤᠳᠤᠮᠵᠢ ᠪᠣᠯᠭᠠᠵᠤ ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠂ ᠭᠤᠣᠯ ᠪᠣᠯᠬᠤ ᠰᠡᠯᠪᠢᠭ ᠲᠤᠨᠤᠭ ᠢ ᠰᠤᠳᠤᠯᠤᠨ ᠨᠡᠭᠡᠭᠡᠵᠦ ᠦᠢᠯᠡᠳᠬᠦ ᠪᠣᠭᠤᠮᠲᠠ ᠶᠢ ᠰᠢᠪᠲᠤᠯᠬᠤ ᠪᠠᠨ ᠲᠦᠷᠭᠡᠳᠬᠡᠵᠦ ᠂ ᠠᠭᠤᠰᠤᠯᠴᠠᠭᠤᠯᠵᠤ ᠪᠦᠯᠦᠭᠵᠢᠭᠦᠯᠦᠨ ᠬᠥᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ ᠂ ᠲᠦᠷᠭᠡᠬᠡᠨ ᠬᠡᠪᠴᠢᠶ᠎ᠡ ᠪᠠᠨ ᠥᠷᠭᠡᠵᠢᠭᠦᠯᠵᠦ ᠬᠤᠪᠢ ᠶᠢᠨ ᠵᠢᠩ ᠢᠶᠠᠨ ᠳᠡᠭᠡᠭᠰᠢᠯᠡᠭᠦᠯᠦᠨ᠎ᠡ ᠃ ᠲᠣᠭᠠᠵᠢᠯᠲᠣ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠠᠵᠤ ᠦᠢᠯᠡᠰ ᠤᠨ ᠲᠣᠭᠠᠵᠢᠭᠤᠯᠤᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠣᠶᠤᠨᠴᠢᠯᠠᠨ ᠳᠡᠰ ᠳᠡᠪᠰᠢᠭᠦᠯᠬᠦ ᠶᠢ ᠨᠢ ᠲᠦᠷᠭᠡᠳᠬᠡᠵᠦ ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠬᠦᠢᠰᠦ ᠵᠠᠩᠭᠢᠶᠠᠰᠤ ᠂ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ ᠂ ᠪᠡᠭᠡᠵᠢᠩ ᠲᠢᠶᠠᠨᠵᠢᠨ ᠾᠧᠪᠧᠢ ᠶᠢᠨ ᠮᠤᠨᠳᠠᠭ ᠶᠡᠭᠡ ᠵᠣᠬᠢᠶᠠᠮᠠᠯ ᠤᠶᠤᠨ ᠂ ᠲᠣᠮᠣ ᠵᠠᠭᠪᠤᠷ ᠤᠨ ᠵᠠᠬ᠎ᠠ ᠳᠡᠯᠭᠡᠭᠦᠷ ᠤᠨ ᠲᠣᠭᠤᠷᠢᠨ ᠳᠤ ᠂ ᠬᠦᠴᠦᠷᠬᠡᠭ ᠪᠥᠭᠡᠳ ᠨᠠᠶᠢᠳᠠᠪᠤᠷᠢᠲᠠᠢ ᠪᠣᠬᠢᠷᠳᠤᠯ ᠦᠭᠡᠢ ᠲᠣᠭᠠᠵᠢᠭᠤᠯᠵᠤ ᠪᠤᠳᠤᠬᠤ ᠬᠦᠴᠦᠨ ᠤ ᠪᠠᠲᠤᠯᠠᠭ᠎ᠠ ᠶᠢ ᠬᠠᠩᠭᠠᠵᠤ ᠂ ᠣᠶᠤᠨᠴᠢᠯᠠᠭᠰᠠᠨ ᠲᠣᠭᠠᠵᠢᠭᠤᠯᠵᠤ ᠪᠤᠳᠤᠬᠤ ᠬᠡᠪᠴᠢᠶ᠎ᠡ ᠶᠢ 2 ᠲᠦᠮᠡᠨ P ᠠᠴᠠ ᠳᠠᠪᠠᠭᠤᠯᠬᠤ ᠪᠠᠷ ᠴᠢᠷᠮᠠᠶᠢᠨ᠎ᠠ ᠃ ᠢᠷᠡᠭᠡᠳᠦᠢ ᠶᠢᠨ ᠠᠵᠤ ᠦᠢᠯᠡᠰ ᠤᠨ ᠲᠠᠯ᠎ᠠ ᠪᠠᠷ ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ ᠂ ᠬᠤᠰᠢᠭᠤᠷᠠᠯ ᠮᠠᠲ᠋ᠧᠷᠢᠶᠠᠯ ᠂ ᠢᠷᠡᠭᠡᠳᠦᠢ ᠶᠢᠨ ᠰᠦᠯᠵᠢᠶ᠎ᠡ ᠂ ᠠᠭᠠᠷ ᠰᠠᠨᠰᠠᠷ ᠂ ᠠᠮᠢ ᠨᠠᠰᠤ ᠬᠢᠭᠡᠳ ᠡᠷᠡᠭᠦᠯ ᠴᠢᠭᠢᠷᠠᠭ ᠵᠡᠷᠭᠡ ᠲᠠᠪᠤᠨ ᠶᠡᠭᠡ ᠬᠦᠷᠢᠶ᠎ᠡ ᠴᠠᠷᠠᠭ᠎ᠠ ᠪᠠ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠂ ᠤᠰᠤᠳᠦ᠋ᠷᠦᠭᠴᠢ ᠡᠨᠧᠷᠬᠢ ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠂ ᠥᠨᠳᠥᠷ ᠪᠦᠲᠦᠮᠵᠢᠲᠡᠢ ᠲᠦᠷᠭᠡᠳᠬᠡᠬᠦ ᠮᠠᠲ᠋ᠧᠷᠢᠶᠠᠯ ᠂ ᠭᠤᠷᠪᠠᠳᠠᠭᠢ ᠦᠶ᠎ᠡ ᠶᠢᠨ ᠬᠠᠭᠠᠰ ᠳᠠᠮᠵᠢᠭᠤᠯᠤᠭᠴᠢ ᠂ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ ᠂ ᠳᠠᠭᠠᠭᠤᠯᠢ ᠤᠳᠤᠨ ᠤ ᠴᠢᠮᠡᠭᠡ ᠬᠤᠯᠪᠣᠭᠠᠨ ᠤ ᠵᠠᠮᠴᠢᠯᠠᠭᠤᠷ ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠵᠡᠷᠭᠡ ᠨᠠᠢᠮᠠᠨ ᠶᠡᠭᠡ ᠴᠢᠭᠯᠡᠯ ᠳᠤ ᠲᠥᠪᠯᠡᠷᠡᠭᠦᠯᠵᠦ ᠂ ᠠᠯᠤᠰ ᠢ ᠪᠣᠳᠣᠯᠬᠢᠯᠠᠨ ᠰᠡᠳᠦᠨ ᠲᠥᠯᠥᠪᠯᠡᠵᠦ ᠂ ᠴᠡᠭ ᠪᠠᠶᠢᠷᠢᠯᠠᠯ ᠢᠶᠠᠨ ᠣᠨᠣᠪᠴᠢᠲᠠᠢ ᠣᠯᠵᠤ ᠂ ᠵᠠᠪᠠᠯ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠃ ᠬᠥᠬᠡᠬᠤᠲᠠ ᠶᠢᠨ ᠠᠭᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠦᠲᠦᠭᠡᠨ ᠪᠠᠶᠢᠭᠤᠯᠬᠤ ᠶᠢ ᠳᠡᠮᠵᠢᠵᠦ ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠣᠭᠴᠠᠯᠠᠨ᠎ᠠ ᠃ ᠪᠦᠯᠦᠭᠵᠢᠯ ᠢ ᠪᠤᠵᠠᠭᠠᠶᠢᠷᠠᠭᠤᠯᠬᠤ ᠭᠡᠳᠡᠭ ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠬᠤ ᠶᠢ ᠵᠢᠭᠠᠵᠤ ᠪᠣᠢ ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠰᠦ ᠴᠠᠭᠠᠨ ᠢᠳᠡᠭᠡᠨ ᠤ ᠳᠡᠯᠡᠬᠡᠢ ᠶᠢᠨ ᠳᠡᠰ ᠤᠨ ᠪᠦᠯᠦᠭᠵᠢᠯ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠴᠠᠬᠢᠭᠤᠷ ᠲᠠᠯᠠᠰᠲᠤ ᠶᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢᠯᠡᠳᠬᠦ ᠤᠯᠤᠰ ᠤᠨ ᠳᠡᠰ ᠤᠨ ᠪᠦᠯᠦᠭᠵᠢᠯ ᠢ 3 ᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠂ ᠤᠰᠤᠳᠦ᠋ᠷᠦᠭᠴᠢ ᠡᠨᠧᠷᠬᠢ ᠦᠢᠯᠡᠳᠬᠦ ᠂ ᠰᠢᠨ᠎ᠡ ᠬᠡᠯᠪᠡᠷᠢ ᠶᠢᠨ ᠨᠥᠭᠡᠴᠡ ᠡᠨᠧᠷᠬᠢ ᠂ ᠠᠮᠢᠳᠤ ᠪᠣᠳᠠᠰ ᠤᠨ ᠡᠮ ᠡᠮᠨᠡᠯᠭᠡ ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠂ ᠬᠠᠶᠢᠯᠤᠰᠢ ᠶᠢᠨ ᠮᠠᠲ᠋ᠧᠷᠢᠶᠠᠯ ᠵᠡᠷᠭᠡ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠯᠦᠭᠵᠢᠯ ᠢ 9 ᠬᠦᠴᠦ ᠪᠠᠨ ᠲᠥᠪᠯᠡᠷᠡᠭᠦᠯᠦᠨ ᠴᠣᠭᠴᠠᠯᠠᠵᠤ ᠂ ᠴᠢᠨᠠᠷ ᠰᠠᠶᠢᠲᠠᠢ ᠠᠵᠤ ᠠᠬᠤᠶᠢᠯᠠᠯ ᠂ ᠡᠬᠢ ᠪᠠᠶᠠᠯᠢᠭ ᠤᠨ ᠬᠦᠴᠦᠨ ᠵᠦᠢᠯ ᠂ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠶᠢ ᠬᠡᠯᠬᠢᠶᠡᠯᠡᠨ ᠳᠦᠬᠦᠷᠵᠢᠭᠦᠯᠬᠦ ᠶᠢ ᠠᠬᠢᠭᠤᠯᠤᠨ ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷ᠎ᠠ ᠬᠡᠯᠬᠢᠶ᠎ᠡ ᠲᠡᠶᠢᠰᠢ ᠤᠷᠲᠤᠳᠬᠠᠬᠤ ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠷ᠎ᠡ ᠦᠵᠦᠭᠦᠷ ᠲᠡᠶᠢᠰᠢ ᠳᠡᠭᠡᠭᠰᠢᠯᠡᠭᠦᠯᠬᠦ ᠪᠠᠷ ᠬᠥᠲᠥᠯᠥᠨ ᠳᠠᠭᠠᠭᠤᠯᠤᠨ᠎ᠠ ᠃ ᠲᠤᠯᠭᠠᠭᠤᠷᠢᠯᠠᠯ ᠢ ᠴᠢᠩᠭᠠᠳᠬᠠᠬᠤ ᠭᠡᠳᠡᠭ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠪᠣᠳᠠᠲᠤ ᠬᠦᠴᠦᠨ ᠢ ᠶᠡᠭᠡ ᠬᠡᠮᠵᠢᠶ᠎ᠡ ᠪᠠᠷ ᠨᠡᠮᠡᠭᠳᠡᠭᠦᠯᠬᠦ ᠶᠢ ᠵᠢᠭᠠᠵᠤ ᠪᠣᠢ ᠃ ᠠᠵᠤ ᠠᠬᠤᠶᠢᠯᠠᠯ ᠢ ᠲᠠᠲᠠᠨ ᠬᠦᠷᠢᠶᠡᠯᠡᠩ ᠲᠣᠭᠤᠷᠢᠭ ᠲᠤ ᠣᠷᠤᠭᠤᠯᠬᠤ ᠂ ᠠᠵᠤ ᠠᠬᠤᠶᠢᠯᠠᠯ ᠢ ᠲᠡᠳᠬᠦᠨ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ ᠂ ᠰᠠᠭᠤᠷᠢᠰᠢᠭᠤᠯᠤᠭᠰᠠᠨ ᠲᠦᠷᠦᠯ ᠵᠦᠢᠯ ᠢᠶᠠᠷ ᠣᠯᠠᠨ ᠂ ᠬᠥᠭᠵᠢᠯᠲᠡ ᠶᠢᠨ ᠳᠠᠯᠳᠠ ᠬᠦᠴᠦᠨ ᠶᠡᠭᠡ ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠂ ᠪᠡᠯᠡ ᠣᠷᠤᠭᠤᠯᠬᠤ ᠡᠷᠴᠢᠮ ᠴᠢᠩᠭ᠎ᠠ ᠪᠠᠶᠢᠭ᠎ᠠ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ ᠭᠤᠣᠯᠳᠠᠯᠭ᠎ᠠ ᠲᠠᠢ ᠳᠡᠮᠵᠢᠨ᠎ᠡ ︔ ᠬᠡᠯᠬᠢᠶᠡᠨ ᠤ ᠭᠤᠣᠯ ᠠᠵᠤ ᠠᠬᠤᠶᠢᠯᠠᠯ ᠤᠨ ᠲᠣᠭᠤᠷᠢᠨ ᠳᠤ ᠪᠦᠬᠦ ᠲᠠᠯ᠎ᠠ ᠪᠠᠷ ᠦᠢᠯᠡᠴᠢᠯᠡᠬᠦ ᠂ ᠪᠦᠬᠦ ᠬᠦᠴᠦᠨ ᠵᠦᠢᠯ ᠢᠶᠠᠷ ᠪᠠᠲᠤᠯᠠᠬᠤ ᠂ ᠪᠦᠬᠦ ᠬᠡᠯᠬᠢᠶ᠎ᠡ ᠪᠠᠷ ᠲᠠᠲᠠᠨ ᠣᠷᠤᠭᠤᠯᠬᠤ ᠶᠢ ᠴᠢᠩᠭᠠᠳᠬᠠᠵᠤ ᠂ ᠨᠡᠩ ᠣᠯᠠᠨ ᠳᠡᠭᠡᠷ᠎ᠡ ᠳᠣᠣᠷ᠎ᠠ ᠬᠡᠯᠬᠢᠶᠡᠨ ᠤ ᠬᠤᠷᠰᠢᠭᠰᠠᠨ ᠬᠤᠳᠠᠯᠳᠤᠭᠠᠴᠢᠨ ᠂ ᠬᠠᠩᠭᠠᠯᠭ᠎ᠠ ᠶᠢᠨ ᠬᠤᠳᠠᠯᠳᠤᠭᠠᠴᠢᠨ ᠢ ᠬᠦᠷᠢᠶᠡᠯᠡᠩ ᠲᠣᠭᠤᠷᠢᠭ ᠲᠤ ᠪᠥᠭᠡᠭᠡᠨᠡᠷᠡᠭᠦᠯᠵᠦ ᠂ ᠳᠠᠩ ᠳᠠᠩ ᠢᠶᠠᠷ ᠨᠢ ᠬᠦᠴᠦᠷᠬᠡᠭᠵᠢᠭᠦᠯᠦᠨ ᠭᠢᠯᠠᠷᠠᠭᠤᠯᠵᠤ ᠂ ᠴᠡᠭ ᠴᠡᠭ ᠢᠶᠠᠷ ᠨᠢ ᠬᠡᠯᠬᠢᠶᠡᠰᠦᠯᠡᠨ ᠬᠥᠭᠵᠢᠭᠦᠯᠦᠨ᠎ᠡ ᠃
ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠶᠢᠨ ᠭᠦᠨᠵᠡᠭᠡᠢ ᠠᠭᠤᠰᠤᠯᠴᠠᠯ ᠢ ᠶᠡᠭᠡ ᠪᠠᠷ ᠠᠬᠢᠭᠤᠯᠵᠤ ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠂ ᠵᠠᠬᠢᠶᠠᠯᠠᠨ ᠬᠢᠯᠭᠡᠬᠦ ᠦᠢᠯᠡᠴᠢᠯᠡᠭᠡ ᠂ ᠪᠠᠶᠢᠴᠠᠭᠠᠨ ᠰᠢᠯᠭᠠᠵᠤ ᠬᠡᠮᠵᠢᠬᠦ ᠂ ᠮᠡᠳᠡᠭᠡ ᠵᠠᠩᠭᠢ ᠶᠢᠨ ᠯᠠᠪᠯᠠᠭ᠎ᠠ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠬᠥᠭᠵᠢᠭᠦᠯᠦᠨ ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠬᠥᠲᠥᠴᠢ ᠪᠣᠯᠬᠤ ᠨᠢᠷᠤᠭᠤᠪᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠣᠶᠢᠵᠢᠭᠤᠯᠬᠤ ᠪᠠᠷ ᠬᠦᠴᠦᠯᠡᠵᠦ ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ ᠨᠡᠷ᠎ᠡ ᠠᠯᠳᠠᠷᠰᠢᠭᠰᠠᠨ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠶᠢ ᠵᠣᠷᠢᠭᠵᠢᠭᠤᠯᠤᠨ ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠬᠤ ᠶᠢ ᠨᠢ ᠳᠡᠮᠵᠢᠵᠦ ᠂ ᠬᠥᠯᠥᠨ ᠪᠦᠢᠷ ᠤᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠢ ᠳᠠᠭᠠᠭᠠᠬᠤ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠨᠢ ᠳᠡᠮᠵᠢᠨ᠎ᠡ ᠃ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠰᠠᠷᠠᠭᠤᠯ ᠠᠭᠤᠳᠠᠮ ᠬᠡᠳᠦ ᠶᠢᠨ ᠲᠥᠯᠥᠪ ᠲᠠᠢ ᠂ ᠵᠢᠱᠢᠭᠰᠡᠨ ᠢᠶᠠᠷ 2025 ᠣᠨ ᠪᠣᠯᠬᠤ ᠳᠤ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.5 ᠳ᠋ᠦᠩᠰᠢᠭᠤᠷ ᠺᠢᠯᠣᠸᠠᠲ ᠲᠤ ᠬᠦᠷᠬᠦ ᠪᠣᠯᠣᠨ᠎ᠠ ᠂ ᠣᠶᠤᠨᠯᠢᠭ ᠢᠶᠠᠷ ᠪᠠᠶᠢᠴᠠᠭᠠᠨ ᠰᠡᠯᠪᠢᠬᠦ ᠂ ᠨᠠᠷᠢᠯᠢᠭ ᠬᠠᠮᠢᠶᠠᠷᠤᠨ ᠡᠵᠡᠮᠳᠡᠬᠦ ᠂ ᠲᠥᠬᠦᠭᠡᠷᠦᠮᠵᠢ ᠶᠢ ᠰᠢᠯᠢᠳᠡᠭᠵᠢᠭᠦᠯᠬᠦ ᠵᠡᠷᠭᠡ ᠦᠢᠯᠡᠴᠢᠯᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠲᠤᠰᠬᠠᠶᠢᠵᠢᠭᠰᠠᠨ ᠦᠢᠯᠡᠴᠢᠯᠡᠭᠡᠨ ᠤ ᠬᠤᠳᠠᠯᠳᠤᠭᠠᠴᠢᠨ ᠢ ᠪᠣᠶᠢᠵᠢᠭᠤᠯᠵᠤ ᠂ ᠪᠦᠬᠦ ᠤᠯᠤᠰ ᠤᠨ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠠᠵᠤ ᠦᠢᠯᠡᠰ ᠤᠨ ︽ᠲᠦᠷᠦᠭᠦᠦ ᠬᠤᠨᠢ ︾ ᠪᠣᠯᠬᠤ ᠪᠠᠷ ᠴᠢᠷᠮᠠᠶᠢᠬᠤ ᠬᠡᠷᠡᠭᠲᠡᠢ ᠃ ᠪᠠᠷᠠᠭᠠᠨ ᠤ ᠭᠦᠢᠯᠭᠡᠭᠡᠨ ᠤ ᠬᠦᠮᠦᠷᠭᠡᠯᠡᠯᠲᠡ ᠲᠡᠭᠡᠭᠡᠪᠦᠷᠢ ᠶᠢᠨ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ ᠂ ᠮᠠᠨ ᠤ ᠣᠷᠣᠨ ᠤ ᠭᠦᠢᠯᠭᠡᠭᠡᠨ ᠶᠡᠬᠡᠲᠡᠢ ᠲᠠᠸᠠᠷ ᠦᠢᠯᠡᠳᠪᠦᠷᠢᠯᠡᠬᠦ ᠣᠯᠠᠨ ᠂ ᠶᠡᠭᠡ ᠪᠠᠷ ᠭᠠᠳᠠᠭᠰᠢ ᠭᠠᠷᠭᠠᠬᠤ ᠶᠡᠭᠡ ᠪᠠᠷ ᠭᠠᠳᠠᠨ᠎ᠠ ᠠᠴᠠ ᠣᠷᠣᠭᠤᠯᠬᠤ ᠣᠯᠠᠨ ᠂ ᠬᠤᠯᠠ ᠵᠠᠢ ᠪᠠᠷ ᠲᠡᠭᠡᠭᠡᠪᠦᠷᠢᠯᠡᠬᠦ ᠣᠯᠠᠨ ᠵᠡᠷᠭᠡ ᠪᠣᠳᠠᠲᠠᠢ ᠳᠤ ᠰᠠᠭᠤᠷᠢᠯᠠᠨ ᠂ ︽ᠨᠡᠪᠲᠡᠷᠡᠯ ᠵᠠᠮ + ᠵᠠᠩᠭᠢᠶᠠᠰᠤ + ᠲᠣᠣᠷ ︾ ᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠂ ᠣᠷᠣᠨ ᠨᠤᠲᠤᠭ ᠤᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠲᠠᠪᠴᠠᠩᠲᠤ ᠠᠵᠤ ᠠᠬᠤᠶᠢᠯᠠᠯ ᠢ ᠪᠣᠶᠢᠵᠢᠭᠤᠯᠵᠤ ᠂ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠶᠢ ᠲᠦᠷᠭᠡᠳᠬᠡᠨ ᠠᠬᠢᠭᠤᠯᠵᠤ ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠤᠨ ᠂ ᠠᠵᠤ ᠠᠬᠤᠶᠢᠯᠠᠯ ᠢ ᠲᠡᠳᠬᠦᠨ ᠂ ᠡᠵᠡᠩᠨᠡᠯᠲᠡ ᠶᠢᠨ ᠪᠠᠶᠢᠳᠠᠯ ᠢ ᠨᠢ ᠬᠥᠭᠵᠢᠭᠦᠯᠬᠦ ᠮᠥᠷᠲᠡᠭᠡᠨ ᠠᠵᠢᠯ ᠣᠯᠭᠤᠯᠲᠠ ᠶᠢ ᠳᠠᠶᠢᠴᠢᠯᠠᠨ ᠂ ᠣᠷᠣᠯᠭ᠎ᠠ ᠶᠢ ᠨᠢ ᠳᠡᠭᠡᠭᠰᠢᠯᠡᠭᠦᠯᠦᠨ᠎ᠡ ᠃ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ ᠭᠦᠢᠯᠭᠡᠭᠡᠨ ᠤ ᠳᠠᠷᠬᠠᠨ ᠡᠭᠦᠷᠭᠡ ᠮᠥᠨ ᠂ ᠮᠥᠩᠭᠦᠨ ᠭᠦᠢᠯᠭᠡᠭᠡᠨ ᠤ ᠦᠢᠯᠡᠰ ᠲᠤ ᠲᠣᠬᠢᠶᠠᠯᠳᠤᠭᠰᠠᠨ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠂ ᠪᠣᠬᠢᠷᠳᠤᠯ ᠦᠭᠡᠢ ᠮᠥᠩᠭᠦᠨ ᠭᠦᠢᠯᠭᠡᠭᠡ ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ ᠂ ᠲᠣᠭᠠᠵᠢᠯᠲᠣ ᠮᠥᠩᠭᠦᠨ ᠭᠦᠢᠯᠭᠡᠭᠡ ᠲᠠᠪᠤᠨ ᠲᠣᠮᠣ ᠲᠦᠷᠦᠯ ᠢ ᠬᠦᠴᠦ ᠣᠷᠣᠭᠤᠯᠤᠨ ᠰᠠᠶᠢᠲᠤᠷ ᠬᠢᠵᠦ ᠂ ᠲᠦᠷᠦᠯ ᠵᠦᠢᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠶᠡᠭᠡ ᠡᠭᠦᠷᠭᠡ ︾᠂ ︽ᠵᠢᠷᠭᠤᠭᠠᠨ ᠢᠨᠵᠧᠨᠧᠷᠢᠩ ︾ ᠢ ᠳᠡᠮᠵᠢᠬᠦ ᠡᠷᠴᠢᠮ ᠢ ᠨᠢ ᠴᠢᠩᠭᠠᠷᠠᠭᠤᠯᠵᠤ ᠂ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠴᠢᠳᠠᠮᠵᠢ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ ᠂ ᠬᠦᠬᠡᠬᠤᠲᠠ ᠶᠢᠨ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠬᠦᠴᠦᠨ ᠢᠶᠠᠨ ᠲᠥᠪᠯᠡᠷᠡᠭᠦᠯᠦᠨ ᠴᠣᠭᠴᠠᠯᠠᠵᠤ ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ ︾ ᠶᠢ ᠭᠦᠨᠵᠡᠭᠡᠢ ᠬᠡᠷᠡᠭᠵᠢᠭᠦᠯᠦᠨ ᠂ ᠠᠵᠤ ᠠᠬᠤᠶᠢᠯᠠᠯ ᠢ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠯᠦᠭᠡ ᠵᠠᠯᠭᠠᠯᠳᠤᠭᠤᠯᠬᠤ ᠪᠠ ᠣᠯᠠᠨ ᠡᠰᠢᠵᠢᠭᠰᠡᠨ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠶᠢ ᠨᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠶᠢ ᠨᠢ ᠳᠡᠭᠡᠭᠰᠢᠯᠡᠭᠦᠯᠦᠨ ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃
︵ᠵᠢᠷᠭᠤᠭ᠎ᠠ ︶ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠨᠡᠭᠡᠭᠡᠯᠲᠡ ᠬᠢᠬᠦ ᠶᠢ ᠥᠷᠭᠡᠳᠬᠡᠨ᠎ᠡ ᠃ ᠣᠳᠣᠬᠢ ᠥᠪᠥᠷ ᠮᠣᠩᠭᠤᠯ ᠳᠤ ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠦᠭᠡᠯᠡᠬᠦ ᠂ ᠥᠭᠡᠷᠡᠴᠢᠯᠡᠯᠲᠡ ᠨᠡᠭᠡᠭᠡᠯᠲᠡ ᠬᠢᠬᠦ ᠪᠠ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠂ ᠨᠡᠶᠢᠭᠡᠮ ᠤᠨ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠬᠦ ᠶᠢ ᠥᠩᠭᠡᠷᠡᠭᠰᠡᠨ ᠤ ᠠᠯᠢ ᠴᠤ ᠴᠠᠭ ᠦᠶ᠎ᠡ ᠠᠴᠠ ᠢᠯᠡᠭᠦᠦ ᠲᠤᠯᠭᠠᠮ ᠱᠠᠭᠠᠷᠳᠠᠵᠤ ᠪᠠᠶᠢᠨ᠎ᠠ ᠃
ᠦᠵᠡᠯᠲᠡ ᠪᠠᠨ ᠬᠤᠪᠢᠷᠠᠭᠤᠯᠬᠤ ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠵᠣᠷᠢᠭᠲᠠᠢ ᠬᠢᠵᠦ ᠠᠵᠢᠯᠯᠠᠬᠤ ᠬᠡᠷᠡᠭᠲᠡᠢ ᠃ ᠣᠳᠣ ᠮᠠᠨ ᠤ ᠣᠷᠣᠨ ᠤ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ ᠂ ᠨᠡᠶᠢᠭᠡᠮ ᠳᠠᠶᠠᠭᠠᠷ ᠤᠨ ᠴᠥᠭᠡᠨ ᠪᠤᠰᠤ ᠮᠠᠭᠲᠠᠭᠠᠯ ᠰᠠᠶᠢᠰᠢᠶᠠᠯ ᠢ ᠣᠯᠪᠠ ᠂ ᠭᠡᠪᠡᠴᠦ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ ᠪᠠᠨ ᠬᠤᠪᠢᠷᠠᠭᠤᠯᠬᠤ ᠲᠠᠯ᠎ᠠ ᠪᠠᠷ ᠪᠠᠰᠠ ᠬᠦᠴᠦ ᠣᠷᠤᠭᠤᠯᠬᠤ ᠬᠡᠷᠡᠭᠲᠡᠢ ᠃ ᠪᠦᠬᠦ ᠤᠯᠤᠰ ᠤᠨ ᠲᠡᠷᠢᠭᠦᠨ ᠤ ᠬᠢ ᠲᠠᠢ ᠵᠣᠷᠢᠭᠲᠠᠢ ᠪᠠᠷ ᠬᠠᠷᠢᠴᠠᠭᠤᠯᠵᠤ ᠂ ᠵᠣᠷᠢᠭᠲᠠᠢ ᠰᠤᠷᠤᠯᠴᠠᠨ ᠲᠣᠯᠢᠳᠠᠵᠤ ᠂ ᠬᠥᠭᠵᠢᠭᠰᠡᠨ ᠭᠠᠵᠠᠷ ᠣᠷᠣᠨ ᠤ ᠬᠢᠨ ᠬᠢᠵᠦ ᠳᠡᠶᠢᠯᠬᠦ ᠪᠦᠬᠦᠨ ᠢ ᠪᠢᠳᠡ ᠪᠠᠰᠠ ᠬᠢᠵᠦ ᠳᠡᠶᠢᠯᠬᠦ ᠶᠣᠰᠣᠲᠠᠢ ᠂ ᠣᠷᠣᠨ ᠳᠠᠶᠠᠭᠠᠷ ᠢᠶᠠᠨ ᠬᠦᠴᠦ ᠪᠠᠨ ᠬᠠᠮᠲᠤᠳᠬᠠᠨ ᠂ ︽ᠪᠡᠯᠡ ᠣᠷᠣᠭᠤᠯᠤᠯᠲᠠ ᠶᠢᠨ ᠥᠪᠥᠷ ᠮᠣᠩᠭᠤᠯ ︾ ᠨᠡᠷᠡᠲᠦ ᠲᠡᠮᠳᠡᠭ ᠢ ᠬᠠᠮᠲᠤ ᠪᠠᠷ ᠴᠢᠷᠮᠠᠶᠢᠨ ᠠᠯᠳᠠᠷᠰᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠳᠤᠷᠠᠳᠴᠤ ᠂ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠡᠷᠬᠢᠮᠯᠡᠨ ᠂ ᠬᠡᠯᠡᠭᠰᠡᠨ ᠳᠤ ᠪᠠᠨ ᠰᠠᠭᠤᠵᠤ ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠳᠤ ᠠᠮᠠᠯᠳᠠᠭᠰᠠᠨ ᠵᠦᠢᠯ ᠢᠶᠠᠨ ᠡᠰᠡ ᠪᠡᠶᠡᠯᠡᠭᠦᠯᠬᠦ ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠪᠠᠨ ᠡᠰᠡ ᠪᠣᠳᠠᠲᠠᠶᠢᠵᠢᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠵᠠᠰᠠᠵᠤ ᠵᠠᠯᠠᠷᠠᠭᠤᠯᠤᠨ ᠂ ᠥᠪᠥᠷ ᠮᠣᠩᠭᠤᠯ ᠳᠤ ᠠᠵᠢᠯ ᠶᠠᠪᠤᠳᠠᠯ ᠭᠦᠢᠴᠡᠳᠬᠡᠬᠦ ᠳᠤ ︽ᠳᠦᠷᠢᠮ ᠢ ᠦᠨᠳᠦᠰᠦᠯᠡᠬᠦ ᠠᠴᠠ ᠪᠢᠰᠢ ᠬᠠᠷᠢᠴᠠᠭ᠎ᠠ ᠳᠤ ᠲᠦᠰᠢᠭᠯᠡᠬᠦ ᠦᠭᠡᠢ ︾ ᠨᠡᠶᠢᠭᠡᠮ ᠤᠨ ᠣᠷᠴᠢᠨ ᠠᠬᠤᠢ ᠲᠠᠢ ᠂ ᠲᠦᠷᠦᠯ ᠵᠦᠢᠯ ᠣᠷᠤᠭᠤᠯᠬᠤ ᠳᠤ ︽ᠠᠮᠠᠯᠠᠯᠲᠠ ᠶᠢᠨ ᠳᠦᠷᠢᠮ + ᠪᠦᠬᠦᠨ ᠢ ᠣᠷᠣᠯᠠᠨ ᠭᠦᠢᠴᠡᠳᠬᠡᠬᠦ ︾ ᠰᠢᠯᠢᠳᠡᠭ ᠦᠢᠯᠡᠴᠢᠯᠡᠭᠡ ᠲᠠᠢ ᠂ ︽ᠰᠢᠨ᠎ᠡ ᠲᠤᠰᠢᠶᠠᠯᠲᠠᠨ ᠨᠢ ᠴᠦ ᠬᠠᠭᠤᠴᠢᠨ ᠳᠠᠩᠰᠠ ᠶᠢ ᠬᠠᠮᠢᠶᠠᠷᠬᠤ ︾ ᠢᠷᠡᠭᠡᠳᠦᠢ ᠶᠢᠨ ᠲᠣᠭᠲᠠᠭᠤᠨ ᠵᠢᠱᠢᠯᠲᠡ ᠲᠠᠢ ᠪᠣᠯᠭᠠᠵᠤ ᠂ ᠬᠤᠳᠠᠯᠳᠤᠭᠠᠴᠢᠨ ᠢ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠳᠣᠲᠣᠨᠣᠴᠢᠯᠠᠬᠤ ᠬᠤᠳᠠᠯᠳᠤᠭᠠᠴᠢᠨ ᠢ ᠪᠠᠶᠠᠵᠢᠭᠤᠯᠬᠤ ᠶᠢ ᠤᠮᠠᠷᠠᠲᠤ ᠬᠢᠯᠢ ᠣᠷᠣᠨ ᠳᠤ ᠠᠮᠢᠳᠤᠯᠢᠭ ᠪᠣᠳᠠᠲᠤ ᠠᠬᠤᠢ ᠪᠣᠯᠭᠠᠨ᠎ᠠ ᠃ ᠵᠠᠰᠠᠭ ᠤᠨ ᠣᠷᠳᠣᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠪᠠᠷᠯᠠᠯ ᠤᠨ ᠲᠥᠰᠥᠯ ᠢ ᠨᠡᠶᠢᠲᠡᠯᠡᠵᠦ ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ ︾ ᠶᠢᠨ 13 ᠢᠵᠢ ᠦᠢᠯᠡᠴᠢᠯᠡᠭᠡ ᠭᠠᠷᠭᠠᠵᠤ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 150 ᠵᠦᠢᠯ ᠰᠢᠨ᠎ᠡ ᠪᠠᠷ ᠨᠡᠮᠡᠭᠳᠡᠭᠦᠯᠦᠨ᠎ᠡ ︔ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠤᠬᠠᠶᠢᠯᠠᠭᠰᠠᠨ ᠠᠵᠢᠯ ᠤᠨ ᠭᠤᠣᠯᠯᠠᠬᠤ ᠬᠦᠴᠦᠨ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠦᠴᠦᠨ ᠢ ᠲᠡᠭᠦᠯᠳᠡᠷᠵᠢᠭᠦᠯᠵᠦ ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠲᠤᠰᠬᠠᠶᠢᠵᠢᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠃
ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠡᠯ᠎ᠡ ᠲᠦᠷᠦᠯ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠥᠷᠨᠢᠩᠭᠦᠢ ᠪᠠᠷ ᠬᠥᠭᠵᠢᠬᠦ ᠶᠢ ᠳᠡᠮᠵᠢᠬᠦ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠯᠢ ᠨᠢ ᠴᠦ ᠭᠡᠰᠡᠨ ᠦᠭᠡᠢ ᠂ ᠬᠦᠴᠢᠷᠳᠡᠯ ᠲᠤᠯᠭᠠᠷᠠᠪᠠᠯ ᠪᠢᠳᠡ ᠪᠦᠷ ᠴᠢᠳᠠᠯ ᠤᠨ ᠬᠢᠷᠢ ᠪᠠᠷ ᠢᠶᠠᠨ ᠬᠠᠪᠰᠤᠷᠴᠤ ᠂ ᠠᠰᠠᠭᠤᠳᠠᠯ ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢᠳᠪᠦᠷᠢᠯᠡᠵᠦ ᠥᠭᠬᠦ ᠬᠡᠷᠡᠭᠲᠡᠢ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ︽ᠪᠦᠰᠡᠯᠡᠯᠲᠡ ᠰᠢᠪᠲᠤᠯᠬᠤ ︾ ᠠᠵᠢᠯᠯᠠᠭᠠᠨ ᠢ ᠥᠷᠨᠢᠭᠦᠯᠵᠦ ᠂ ᠪᠤᠭᠤᠲᠤ ᠶᠢᠨ ᠪᠣᠯᠣᠳ ᠲᠡᠮᠦᠷ ᠂ ᠴᠠᠬᠢᠯᠭᠠᠨ ᠬᠦᠴᠦᠨ ᠂ ᠥᠪᠥᠷ ᠮᠣᠩᠭᠤᠯ ᠤᠨ ᠡᠨᠧᠷᠬᠢ ᠂ ᠵᠠᠮ ᠬᠠᠷᠢᠯᠴᠠᠭ᠎ᠠ ᠂ ᠣᠢ ᠰᠢᠭᠤᠢ ᠶᠢᠨ ᠠᠵᠤ ᠦᠢᠯᠡᠳᠪᠦᠷᠢ ᠂ ᠣᠯᠠᠨ ᠤᠯᠤᠰ ᠤᠨ ᠠᠷᠠᠯᠵᠢᠶ᠎ᠠ ᠂ ᠣᠢ ᠰᠢᠭᠤᠢ ᠨᠤᠲᠤᠭ ᠪᠡᠯᠴᠢᠭᠡᠷ ᠂ ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠵᠤ ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠂ ᠨᠡᠭᠦᠷᠡᠰᠦᠨ ᠠᠭᠤᠷᠬᠠᠢ ᠶᠢᠨ ᠬᠠᠶᠢᠨ ᠪᠠᠶᠢᠴᠠᠭᠠᠯᠲᠠ ᠂ ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠂ ᠠᠶᠢᠮᠠᠭ ᠬᠤᠲᠠ ᠂ ᠬᠤᠰᠢᠭᠤ ᠰᠢᠶᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠂ ᠠᠯᠳᠠᠭᠳᠠᠯ ᠲᠠᠢ ᠠᠵᠤ ᠠᠬᠤᠶᠢᠯᠠᠯ ᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ ᠂ ᠨᠡᠩ ᠣᠯᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠨ ᠥᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠩ ᠰᠡᠳᠬᠢᠯ ᠠᠴᠠ ᠪᠠᠨ ᠳᠡᠮᠵᠢᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠠᠳᠠᠯᠢᠬᠠᠨ ᠬᠠᠨᠳᠤᠵᠤ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠠᠮᠤᠭ ᠤᠨ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ ᠂ ᠵᠠᠰᠠᠭ ᠤᠨ ᠣᠷᠳᠣᠨ ᠬᠤᠳᠠᠯᠳᠤᠨ ᠠᠪᠬᠤ ᠳᠤ ᠪᠠᠨ ᠵᠣᠬᠢᠬᠤ ᠬᠠᠷᠢᠴᠠᠯ ᠤᠨ ᠲᠤᠭ᠎ᠠ ᠨᠣᠷᠮ᠎ᠠ ᠶᠢ ᠲᠤᠰᠬᠠᠶᠢᠯᠠᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠨ ᠂ ᠥᠷᠢᠲᠦᠵᠦ ᠪᠠᠶᠢᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠪᠠᠶᠢᠩᠭᠤᠵᠢᠭᠤᠯᠤᠭᠰᠠᠨ ᠲᠣᠭᠲᠠᠴᠠ ᠪᠠᠶᠢᠭᠤᠯᠵᠤ ᠪᠠᠶᠢᠭᠠᠳ ᠲᠥᠯᠥᠵᠦ ᠳᠠᠭᠤᠰᠬᠠᠨ ᠂ ᠤᠳᠠᠭᠠᠨ ᠥᠷᠢᠲᠦᠵᠦ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠭ᠎ᠠ ᠨᠢᠭᠡ ᠪᠦᠯᠦᠭ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠥᠪᠯᠡᠷᠡᠭᠦᠯᠦᠨ ᠢᠯᠭᠠᠷᠠᠭᠤᠯᠵᠤ ᠂ ᠮᠡᠷᠭᠡᠵᠢᠯ ᠢᠶᠠᠷ ᠰᠠᠶᠢᠨ ᠂ ᠪᠦᠲᠦᠭᠡᠭᠳᠡᠬᠦᠨ ᠢᠶᠠᠷ ᠰᠠᠶᠢᠨ ᠠᠵᠤ ᠠᠬᠤᠶᠢᠯᠠᠯ ᠢ ᠣᠷᠣᠰᠢᠨ ᠲᠣᠭᠲᠠᠨᠢᠭᠤᠯᠵᠤ ᠂ ᠰᠠᠶᠢᠲᠤᠷ ᠡᠵᠡᠩᠨᠡᠭᠦᠯᠬᠦ ᠪᠠᠷ ᠴᠢᠷᠮᠠᠶᠢᠬᠤ ᠬᠡᠷᠡᠭᠲᠡᠢ ᠃ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠠᠶᠢᠭᠤᠯᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ ᠃
ᠨᠡᠭᠡᠭᠡᠯᠲᠡ ᠬᠢᠬᠦ ᠶᠢ ᠨᠡᠩ ᠰᠥᠰᠥ ᠵᠣᠷᠢᠭᠲᠠᠢ ᠪᠠᠷ ᠠᠬᠢᠭᠤᠯᠤᠨ᠎ᠠ ᠃ ︽ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠠᠶᠢᠭᠤᠯᠬᠤ ᠨᠠᠢᠮᠠᠨ ᠵᠦᠢᠯ ᠤᠨ ᠠᠵᠢᠯᠯᠠᠭᠠᠨ ᠢᠶᠠᠷ ᠠᠵᠠ ᠳᠣᠬᠢᠶᠠᠯ ᠪᠣᠯᠭᠠᠵᠤ ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠂ ᠨᠡᠩ ᠥᠷᠭᠡᠨ ᠬᠡᠪᠴᠢᠶᠡᠨ ᠤ ᠂ ᠨᠡᠩ ᠣᠯᠠᠨ ᠬᠦᠷᠢᠶ᠎ᠡ ᠴᠠᠷᠠᠭᠠᠨ ᠤ ᠂ ᠨᠡᠩ ᠭᠦᠨ ᠳᠠᠪᠬᠤᠷᠭ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠡᠨᠡ ᠵᠢᠯ ᠤᠨ ᠨᠡᠭᠡᠭᠡᠯᠲᠡ ᠬᠢᠬᠦ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ᠳᠦᠷᠢᠮ ᠳᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠶᠢᠨ ᠵᠦᠢᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠭᠠᠷᠭᠠᠵᠤ ᠂ ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ ᠠᠬᠢᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠪᠠᠭᠲᠠᠭᠠᠮᠵᠢ ᠶᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ ᠂ ᠮᠠᠨᠵᠤᠤᠷ ᠡᠷᠢᠶᠡᠨ ᠬᠤᠲᠠ ᠶᠢᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠰᠠᠭᠤᠷᠢᠨ ᠭᠠᠵᠠᠷ ᠪᠠ ᠬᠦᠬᠡᠬᠤᠲᠠ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠢ ᠲᠦᠷᠭᠡᠳᠬᠡᠨ ᠪᠠᠶᠢᠭᠤᠯᠵᠤ ᠂ ᠣᠶᠤᠨᠲᠤ ᠪᠣᠭᠤᠮᠲᠠ ᠂ ᠣᠶᠤᠨᠲᠤ ᠬᠢᠯᠢ ᠶᠢᠨ ᠪᠣᠭᠤᠮᠲᠠ ᠶᠢ ᠴᠣᠭᠴᠠᠯᠠᠵᠤ ᠂ ᠣᠷᠣᠨ ᠠᠴᠠ ᠡᠬᠢᠯᠡᠵᠦ ᠠᠶᠠᠯᠠᠬᠤ ᠡᠭᠡᠯᠵᠢ ᠶᠢᠨ ᠴᠤᠪᠤᠭ᠎ᠠ ᠲᠡᠷᠭᠡᠨ ᠤ ᠶᠡᠷᠦᠩᠬᠡᠢ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ︽ᠭᠠᠷ ᠳᠠᠮᠵᠢᠪᠠᠴᠤ ᠠᠰᠢᠭ ᠬᠦᠷᠲᠡᠬᠦ ᠦᠭᠡᠢ ︾ ᠠᠰᠠᠭᠤᠳᠠᠯ ᠢ ᠬᠦᠴᠦ ᠣᠷᠣᠭᠤᠯᠤᠨ ᠦᠷᠭᠦᠯᠵᠢᠯᠡᠨ ᠰᠢᠢᠳᠪᠦᠷᠢᠯᠡᠵᠦ ᠂ ᠵᠡᠰ ᠂ ᠲᠡᠮᠦᠷ ᠂ ᠨᠡᠭᠦᠷᠡᠰᠦ ᠂ ᠮᠣᠳᠣᠨ ᠮᠠᠲ᠋ᠧᠷᠢᠶᠠᠯ ᠂ ᠠᠮᠤ ᠪᠤᠳᠠᠭ᠎ᠠ ᠵᠡᠷᠭᠡ ᠭᠠᠳᠠᠭᠠᠳᠤ ᠠᠴᠠ ᠣᠷᠤᠭᠤᠯᠬᠤ ᠭᠤᠣᠯ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠢᠳᠡᠪᠬᠢᠲᠡᠢ ᠬᠥᠭᠵᠢᠭᠦᠯᠦᠨ ᠂ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢᠶᠠᠷ ᠵᠥᠪᠰᠢᠶᠡᠷᠡᠭᠳᠡᠬᠦ ᠶᠢ ᠠᠬᠢᠭᠤᠯᠵᠤ ᠂ ᠮᠠᠨᠵᠤᠤᠷ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠳᠡᠮᠵᠢᠵᠦ ᠂ ᠠᠯᠠᠱᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠶᠢ ᠨᠥᠭᠡᠴᠡᠯᠡᠨ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠨ᠎ᠡ ︔ ︽ᠥᠪᠥᠷ ᠮᠣᠩᠭᠤᠯ ᠤᠨ ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠦᠨ ᠂ ︽ᠥᠪᠥᠷ ᠮᠣᠩᠭᠤᠯ ᠤᠨ ᠲᠠᠸᠠᠷ ᠬᠢᠯᠢ ᠠᠴᠠ ᠭᠠᠷᠬᠤ ︾ ᠶᠢ ᠶᠡᠭᠡ ᠪᠠᠷ ᠠᠬᠢᠭᠤᠯᠵᠤ ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ 2100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ ᠂ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠃ ᠮᠠᠨ ᠤ ᠣᠷᠣᠨ ᠪᠣᠯ ᠬᠢᠯᠢ ᠳᠠᠭᠠᠤ ᠣᠷᠣᠨ ᠪᠣᠯᠪᠠᠴᠤ ᠳᠠᠯᠠᠢ ᠳᠠᠭᠠᠤ ᠣᠷᠣᠨ ᠪᠢᠰᠢ ᠪᠣᠯᠬᠤᠷ ᠨᠡᠩ ᠥᠷᠭᠡᠨ ᠬᠡᠪᠴᠢᠶᠡᠨ ᠤ ᠨᠡᠭᠡᠭᠡᠯᠲᠡ ᠬᠢᠬᠦ ᠶᠢ ᠪᠡᠶᠡᠯᠡᠭᠦᠯᠬᠦ ᠭᠡᠪᠡᠯ ᠡᠷᠬᠡᠪᠰᠢ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠲᠦᠷᠭᠡᠳᠬᠡᠨ ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ ᠬᠥᠭᠵᠢᠯᠲᠡ ᠳᠤ ᠢᠳᠡᠪᠬᠢᠲᠡᠢ ᠠᠭᠤᠰᠤᠯᠴᠠᠵᠤ ᠂ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠬᠤᠯᠪᠣᠯᠳᠤᠨ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠣᠨ ᠭᠤᠸᠠᠩᠳᠦ᠋ᠩ ᠰᠢᠶᠠᠩᠭᠠᠩ ᠣᠣᠮᠧᠨ ᠲᠠᠢ ᠬᠥᠳᠡᠯᠦᠯᠴᠡᠬᠦ ᠪᠠᠨ ᠴᠢᠩᠭᠠᠳᠬᠠᠵᠤ ᠂ ᠤᠯᠠᠭᠠᠨᠬᠠᠳᠠ ᠬᠢᠭᠡᠳ ᠵᠢᠨᠵᠧᠦ ᠭᠠᠷᠠᠮ ᠤᠨ ᠭᠦᠨᠵᠡᠭᠡᠢ ᠬᠠᠮᠲᠤᠷᠠᠯᠴᠠᠭ᠎ᠠ ᠶᠢ ᠳᠡᠮᠵᠢᠵᠦ ᠂ ᠡᠬᠡ ᠬᠠᠭᠤᠷᠠᠢ ᠪᠠ ᠭᠠᠷᠠᠮ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠰᠢᠨ᠎ᠡ ᠠᠬᠢᠴᠠ ᠶᠢ ᠠᠬᠢᠭᠤᠯᠤᠨ᠎ᠠ ᠃
︵ᠳᠤᠯᠤᠭ᠎ᠠ ︶ ︽ᠤᠯᠤᠰ ᠤᠨ ᠶᠡᠭᠡ ᠶᠠᠪᠤᠳᠠᠯ ︾ ᠤᠨ ᠥᠨᠳᠥᠷᠴᠡ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠤᠨ᠎ᠠ ᠃ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠡᠷᠬᠡᠪᠰᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ ᠃ ᠪᠢᠳᠡ ᠪᠦᠬᠦ ᠬᠦᠴᠦᠨ ᠵᠦᠢᠯ ᠪᠦᠬᠦ ᠲᠠᠯ᠎ᠠ ᠶᠢᠨ ᠠᠮᠢ ᠠᠬᠤᠢ ᠶᠢᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠣᠢ ᠪᠣᠯᠭᠠᠵᠤ ᠂ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ ᠂ ᠦᠵᠡᠰᠬᠦᠯᠡᠩᠲᠦ ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠢᠷᠮᠠᠶᠢᠨ ᠴᠣᠭᠴᠠᠯᠠᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠨᠡᠩ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠃
ᠭᠤᠣᠯ ᠬᠦᠴᠦᠨ ᠪᠥᠭᠡᠳ ᠬᠤᠰᠢᠭᠤᠴᠢ ᠪᠣᠯᠬᠤ ᠣᠪᠣᠷ ᠪᠠᠶᠢᠳᠠᠯ ᠢᠶᠠᠷ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠣᠨ᠎ᠠ ᠃ ᠡᠷᠲᠡ ᠠᠴᠠ ᠭᠠᠷᠳᠠᠵᠤ ᠡᠷᠲᠡᠬᠡᠨ ᠪᠠᠶᠢᠷᠢᠯᠠᠭᠤᠯᠵᠤ ᠂ ᠬᠠᠪᠤᠷ ᠰᠠᠭᠠᠲᠠᠮᠠᠭᠴᠠ ᠬᠥᠳᠡᠯᠦᠯᠴᠡᠵᠦ ᠂ ᠵᠢᠯ ᠤᠨ ᠳᠣᠲᠣᠷ᠎ᠠ ᠬᠠᠲᠤᠨ ᠭᠤᠣᠯ ᠤᠨ ︽ᠶᠡᠭᠡ ᠲᠣᠬᠤᠢ ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ 758 ᠲᠦᠮᠡᠨ ᠮᠦ ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ 549 ᠲᠦᠮᠡᠨ ᠮᠦ ᠂ ᠾᠧᠰᠢ ᠶᠢᠨ ᠬᠤᠩᠭᠢᠯ – ᠲᠠᠺᠯᠢᠮᠠᠺᠠᠨ ᠡᠯᠡᠰᠦᠨ ᠴᠦᠯ ᠤᠨ ᠬᠦᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ 131 ᠲᠦᠮᠡᠨ ᠮᠦ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠬᠥᠪᠴᠢ ᠶᠢᠨ ᠵᠠᠭᠪᠤᠷ ᠂ ᠳ᠋ᠧᠩᠺᠧᠥ ᠶᠢᠨ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ ᠂ ᠣᠷᠳᠣᠰ ᠤᠨ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ ︾ ᠪᠠᠶᠢᠭᠤᠯᠬᠤ ᠶᠢ ᠨᠢ ᠳᠡᠮᠵᠢᠵᠦ ᠂ ᠲᠠᠷᠢᠶᠠᠯᠠᠩ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ ᠂ ᠮᠠᠯ ᠠᠵᠤ ᠠᠬᠤᠢ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ ᠂ ᠡᠯᠡᠰᠦ ᠶᠢ ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭᠠᠨ ᠭᠠᠷᠭᠠᠵᠤ ᠪᠠᠰᠠ ᠣᠯᠠᠨ ᠲᠦᠮᠡᠨ ᠤ ᠣᠷᠣᠯᠭ᠎ᠠ ᠶᠢ ᠨᠢ ᠨᠡᠮᠡᠭᠳᠡᠭᠦᠯᠵᠦ ᠂ ᠠᠮᠢ ᠠᠬᠤᠢ ᠂ ᠦᠢᠯᠡᠳᠪᠦᠷᠢᠯᠡᠯ ᠂ ᠠᠮᠢᠳᠤᠷᠠᠯ ᠭᠤᠷᠪᠠ ᠳᠤ ᠴᠥᠮ ︽ᠠᠰᠢᠭ ᠬᠦᠷᠲᠡᠭᠡᠬᠦ ︾ ᠶᠢ ᠪᠡᠶᠡᠯᠡᠭᠦᠯᠦᠨ ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠡᠭᠦᠳᠦᠨ᠎ᠡ ᠃
ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ ᠃ ᠬᠠᠲᠤᠨ ᠭᠤᠣᠯ ᠤᠨ ᠥᠪᠥᠷ ᠮᠣᠩᠭᠤᠯ ᠢᠶᠠᠷ ᠤᠷᠤᠰᠤᠨ ᠥᠩᠭᠡᠷᠡᠬᠦ 843.5 ᠺᠢᠯᠣᠮᠧᠲᠷ ᠤᠨ ᠪᠦᠬᠦ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠡᠵᠢ ᠭᠤᠣᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠃ ᠬᠦᠬᠡᠬᠤᠲᠠ ᠪᠤᠭᠤᠲᠤ ᠣᠷᠳᠣᠰ ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ ᠂ ᠤᠰᠤᠨ ᠴᠦᠬᠦᠷᠦᠮ ᠤᠨ ᠨᠦᠯᠦᠮᠡᠯ ᠰᠢᠪᠠᠷ ᠢ ᠠᠷᠢᠯᠭᠠᠨ ᠴᠡᠪᠡᠷᠯᠡᠬᠦ ᠲᠤᠷᠰᠢᠯᠲᠠ ᠶᠢ ᠡᠬᠢᠯᠡᠭᠦᠯᠦᠨ ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠠᠵᠢᠯ ᠢ ᠰᠠᠶᠢᠲᠤᠷ ᠠᠳᠬᠤᠵᠤ ᠂ ᠨᠡᠩ ᠣᠯᠠᠨ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠵᠤ ᠂ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ ᠃
ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠶᠡᠭᠡ ᠪᠠᠷ ᠠᠬᠢᠭᠤᠯᠤᠨ᠎ᠠ ᠃ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ ︾ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ 14.6 ᠲᠦᠮᠡᠨ ᠮᠦ ᠭᠠᠵᠠᠷ ᠰᠢᠷᠣᠢ ᠂ ᠰᠤᠯᠠ ᠲᠠᠯᠪᠢᠭᠳᠠᠵᠤ ᠪᠠᠶᠢᠭ᠎ᠠ 1.2 ᠲᠦᠮᠡᠨ ᠮᠦ ᠭᠠᠵᠠᠷ ᠰᠢᠷᠣᠢ ᠶᠢ ᠰᠢᠩᠭᠡᠬᠡᠨ ᠰᠢᠢᠳᠪᠦᠷᠢᠯᠡᠨ᠎ᠡ ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠠᠬᠢᠭᠤᠯᠵᠤ ᠂ ᠲᠤᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠨ᠎ᠠ ᠃ ᠤᠰᠤᠨ ᠤ ᠡᠬᠢ ᠪᠠᠶᠠᠯᠢᠭ ᠪᠣᠯ ᠮᠠᠨ ᠤ ᠣᠷᠣᠨ ᠤ ᠬᠥᠭᠵᠢᠯᠲᠡ ᠶᠢᠨ ᠬᠠᠮᠤᠭ ᠤᠨ ᠬᠠᠲᠠᠭᠤ ᠬᠢᠵᠠᠭᠠᠷᠯᠠᠯ ᠪᠣᠯᠣᠨ᠎ᠠ ᠂ ︽ᠨᠢᠭᠡ ᠠᠶᠢᠮᠠᠭ ︵ᠬᠤᠲᠠ ︶ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ ︾ ᠰᠢᠨᠵᠢᠯᠡᠬᠦ ᠤᠬᠠᠭᠠᠨᠴᠢ ᠪᠠᠷ ᠤᠰᠤ ᠠᠷᠪᠢᠯᠠᠬᠤ ᠶᠢ ᠠᠬᠢᠭᠤᠯᠵᠤ ᠂ ᠲᠠᠷᠢᠶᠠᠯᠠᠩ ᠠᠵᠤ ᠦᠢᠯᠡᠳᠪᠦᠷᠢ ᠪᠠ ᠬᠤᠲᠠ ᠪᠠᠯᠭᠠᠰᠤᠨ ᠤ ᠤᠰᠤ ᠠᠷᠪᠢᠯᠠᠬᠤ ᠶᠢ ᠲᠦᠷᠦᠯ ᠠᠩᠭᠢᠯᠠᠨ ᠰᠠᠶᠢᠲᠤᠷ ᠠᠳᠬᠤᠵᠤ ᠂ ︽ᠬᠤᠭᠤᠰᠤᠨ ᠭᠠᠵᠠᠷ ᠢ ᠤᠰᠤᠯᠠᠬᠤ ︾᠂ ︽ᠨᠡᠯᠦᠶᠢᠲᠡᠯ᠎ᠡ ᠤᠰᠤᠯᠠᠬᠤ ︾ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠲᠦᠩᠯᠢᠶᠣᠣ ᠪᠠᠶᠠᠨᠨᠠᠭᠤᠷ ᠤᠨ ᠣᠳᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠨᠢ ᠳᠡᠮᠵᠢᠨ᠎ᠡ ᠃ ︽ᠬᠠᠶᠠᠭᠳᠠᠮᠠᠯ ᠢ ᠬᠡᠷᠡᠭᠴᠡᠭᠡ ᠲᠠᠢ ᠵᠦᠢᠯ ᠪᠣᠯᠭᠠᠨ ᠠᠰᠢᠭᠯᠠᠬᠤ ︾ ᠲᠠᠯ᠎ᠠ ᠪᠠᠷ ᠮᠠᠨ ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ ᠂ ᠨᠢᠭᠡ ᠲᠠᠯ᠎ᠠ ᠪᠠᠷ ᠨᠤᠨᠳᠠᠭ ᠨᠡᠭᠦᠷᠡᠰᠦᠨ ᠤ ᠦᠨᠡᠰᠦ ᠂ ᠨᠡᠭᠦᠷᠡᠰᠦᠨ ᠴᠢᠯᠠᠭᠤ ᠵᠡᠷᠭᠡ ᠶᠡᠭᠡ ᠬᠡᠮᠵᠢᠶᠡᠨ ᠤ ᠤᠯᠠᠮᠵᠢᠯᠠᠯᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠤᠯᠠᠷᠢᠭᠤᠯᠤᠨ ᠠᠰᠢᠭᠯᠠᠬᠤ ᠶᠢ ᠠᠳᠬᠤᠵᠤ ᠂ ᠨᠥᠭᠦᠭᠡ ᠲᠠᠯ᠎ᠠ ᠪᠠᠷ ᠴᠢᠳᠠᠮᠵᠢ ᠨᠢ ᠪᠠᠭᠤᠷᠠᠭᠰᠠᠨ ᠳ᠋ᠢᠶᠠᠨ ᡂᠢ ᠂ ᠭᠡᠷᠡᠯᠴᠢ ᠴᠡᠨᠡᠭ ᠤᠨ ᠲᠣᠨᠣᠭᠯᠠᠯ ᠂ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠠᠳᠬᠤᠵᠤ ᠂ ᠪᠤᠭᠤᠲᠤ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠴᠢᠳᠠᠮᠵᠢ ᠨᠢ ᠪᠠᠭᠤᠷᠠᠭᠰᠠᠨ ᠲᠤᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ ᠠᠰᠢᠭᠯᠠᠬᠤ ᠶᠢᠨ ᠵᠢᠱᠢᠶ᠎ᠡ ᠦᠵᠡᠭᠦᠯᠬᠦ ᠣᠷᠣᠨ ᠂ ᠣᠷᠳᠣᠰ ᠤᠨ ᠨᠤᠨᠳᠠᠭ ᠨᠡᠭᠦᠷᠡᠰᠦᠨ ᠦᠨᠡᠰᠦ ᠠᠴᠠ ᠰᠠᠯᠭᠠᠨ ᠠᠪᠤᠭᠰᠠᠨ ᠢᠰᠦᠯᠳᠦᠭᠰᠡᠨ ᠬᠥᠩᠭᠡᠨᠴᠠᠭᠠᠨ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ ᠃ ᠤᠯᠤᠰ ᠤᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠠᠴᠠ ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ ᠂ ᠡᠨᠧᠷᠬᠢ ᠶᠢᠨ ᠰᠠᠭᠤᠷᠢ ᠪᠡᠯᠡᠳᠬᠡᠮᠵᠢ ᠂ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠂ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭᠠᠨ ᠳᠤ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠦᠨ᠎ᠡ ᠃ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ︽ᠰᠠᠶᠢᠨ ᠠᠷᠠᠯᠵᠢᠶ᠎ᠠ ︾ ᠶᠢ ᠶᠡᠭᠡ ᠪᠠᠷ ᠬᠥᠭᠵᠢᠭᠦᠯᠬᠦ ᠪᠠᠷ ᠴᠢᠷᠮᠠᠶᠢᠨ᠎ᠠ ᠂ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ ᠂ ᠤᠯᠤᠰ ᠤᠨ ᠨᠡᠭᠦᠷᠡᠰᠦᠳᠦ᠋ᠷᠦᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠨ ᠂ ᠬᠥᠯᠥᠨ ᠪᠦᠢᠷ ᠂ ᠬᠢᠩᠭᠠᠨ ᠠᠶᠢᠮᠠᠭ ᠂ ᠤᠯᠠᠭᠠᠨᠬᠠᠳᠠ ᠵᠡᠷᠭᠡ ᠭᠠᠵᠠᠷ ᠤᠨ ᠠᠮᠢ ᠠᠬᠤᠢ ᠶᠢᠨ ᠪᠦᠲᠦᠭᠡᠭᠳᠡᠬᠦᠨ ᠤ ᠦᠨ᠎ᠡ ᠥᠷᠲᠡᠭ ᠤᠨ ᠪᠡᠶᠡᠯᠡᠭᠳᠡᠯ ᠤᠨ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠵᠦ ᠂ ᠠᠭᠤᠳᠠᠮ ᠲᠡᠨᠢᠭᠡᠷ ᠲᠠᠯ᠎ᠠ ᠨᠤᠲᠤᠭ ᠂ ᠢᠭᠴᠤ ᠰᠠᠬᠤᠯᠢᠭ ᠣᠢ ᠰᠢᠭᠤᠢ ᠂ ᠨᠡᠯᠦᠶᠢᠮᠡ ᠶᠡᠭᠡ ᠨᠤᠭᠤ ᠭᠠᠵᠠᠷ ᠠᠴᠠ ᠨᠡᠩ ᠣᠯᠠᠨ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭᠠᠨ᠎ᠠ ᠃
︵ᠨᠠᠢᠮᠠ ︶ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ ᠃ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ 60 ᠵᠤᠷᠪᠤᠰ ᠢ ᠪᠣᠳᠠᠲᠠᠶᠢᠵᠢᠭᠤᠯᠬᠤ ᠶᠢ ᠳᠡᠮᠵᠢᠵᠦ ᠂ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠪᠠᠷ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠵᠤ ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠦᠨᠡᠨ ᠬᠦ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ︽ᠪᠤᠬ᠎ᠠ ᠲᠡᠷᠭᠡ︾ ᠪᠣᠯᠭᠠᠨ᠎ᠠ ᠃ ᠬᠦᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ ᠂ ᠦᠨᠡᠨ ᠬᠦ ︽ᠬᠦᠴᠦᠷᠬᠡᠭᠵᠢᠨ ︾᠂ ︽ᠲᠥᠪᠯᠡᠨ ᠲᠡᠷᠢᠭᠦᠯᠡᠵᠦ ︾᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠰᠠᠭᠤᠷᠢᠨ ᠭᠠᠵᠠᠷ ᠢ ᠴᠣᠭᠴᠠᠯᠠᠵᠤ ᠂ ︽ᠳᠡᠯᠡᠬᠡᠢ ᠶᠢᠨ ᠰᠦ ᠰᠠᠭᠠᠯᠢ ᠶᠢᠨ ᠬᠤᠲᠠ ︾ ᠶᠢ ᠪᠦᠲᠦᠭᠡᠨ ᠪᠠᠶᠢᠭᠤᠯᠬᠤ ᠬᠡᠷᠡᠭᠲᠡᠢ ᠃ ᠪᠤᠭᠤᠲᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠤᠭᠰᠠᠨ ᠤ ᠬᠤᠪᠢ ᠳᠤ ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠨ ᠲᠦᠷᠭᠡᠳᠬᠡᠵᠦ ᠂ ︽ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠬᠦ ᠬᠤᠪᠣᠷ ᠰᠢᠷᠣᠢ ᠶᠢᠨ ᠬᠡᠷᠡᠭᠯᠡᠯᠲᠡ ᠶᠢᠨ ᠰᠠᠭᠤᠷᠢᠨ ᠭᠠᠵᠠᠷ ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠃ ᠣᠷᠳᠣᠰ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠠᠶᠢᠨ ︽ᠨᠢᠷᠤᠭᠤ ᠲᠤᠯᠭᠠᠭᠤᠷᠢ ︾᠂ ︽ᠬᠤᠰᠢᠭᠤᠴᠢ ᠴᠡᠷᠢᠭ ︾ ᠪᠣᠯᠵᠤ ᠂ ᠤᠯᠤᠰ ᠤᠨ ᠳᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠲᠦᠭᠡᠨ ᠪᠠᠶᠢᠭᠤᠯᠵᠤ ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠬᠡᠷᠡᠭᠲᠡᠢ ᠃ ᠤᠯᠠᠭᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠂ ᠬᠢᠯᠢ ᠬᠢᠵᠠᠭᠠᠷ ᠪᠠ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠬᠦ ᠬᠦᠢᠰᠦ ᠪᠣᠯᠬᠤ ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ ᠤᠯᠠᠭᠠᠨᠬᠠᠳᠠ ᠂ ᠲᠦᠩᠯᠢᠶᠣᠣ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ ᠂ ᠠᠵᠠ ᠲᠣᠬᠢᠶᠠᠯ ᠢᠶᠠᠨ ᠨᠠᠨᠳᠢᠩᠨᠠᠨ ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ ᠂ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢᠶᠠᠨ ᠴᠢᠩᠭᠠᠷᠠᠭᠤᠯᠵᠤ ᠂ ᠪᠣᠬᠢᠷᠳᠤᠯ ᠦᠭᠡᠢ ᠤᠰᠤᠳᠦ᠋ᠷᠦᠭᠴᠢ ᠂ ᠪᠣᠬᠢᠷᠳᠤᠯ ᠦᠭᠡᠢ ᠠᠮᠢᠨᠤ᠋ ᠂ ᠪᠣᠬᠢᠷᠳᠤᠯ ᠦᠭᠡᠢ ᠠᠯᠺᠤᠤᠯ ᠵᠡᠷᠭᠡ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠦᠴᠦᠯᠡᠨ ᠂ ︽ᠬᠤᠶᠠᠷ ᠬᠥᠪᠡᠭᠦᠨ ᠣᠳᠣ ︾ ᠶᠢᠨ ᠦᠳᠲᠡᠷ ᠲᠦᠷᠭᠡᠨ ᠬᠥᠭᠵᠢᠯᠲᠡ ᠪᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠦᠬᠦ ᠲᠠᠯ᠎ᠠ ᠶᠢᠨ ᠬᠥᠭᠵᠢᠯᠲᠡ ᠮᠠᠨᠳᠤᠯᠲᠠ ᠳᠤ ᠬᠤᠷᠳᠤ ᠨᠡᠮᠡᠬᠦ ᠶᠢ ᠳᠠᠶᠢᠴᠢᠯᠠᠬᠤ ᠬᠡᠷᠡᠭᠲᠡᠢ ᠃ ᠤᠯᠠᠭᠠᠨᠬᠠᠳᠠ ︽ᠥᠩᠭᠡᠲᠦ ᠲᠡᠮᠦᠷᠯᠢᠭ ᠤᠨ ᠨᠤᠲᠤᠭ ︾ ᠤᠨ ᠨᠡᠷ᠎ᠡ ᠨᠢᠳᠡᠷ ᠲᠤ ᠪᠠᠨ ᠦᠨᠡᠨ ᠬᠦ ᠲᠡᠩᠴᠡᠬᠦ ᠪᠠᠷ ᠴᠢᠷᠮᠠᠶᠢᠬᠤ ᠬᠡᠷᠡᠭᠲᠡᠢ ᠂ ᠪᠣᠬᠢᠷᠳᠤᠯ ᠦᠭᠡᠢ ᠯᠢᠲ᠋ᠢ ᠶᠢᠨ ᠰᠠᠭᠤᠷᠢ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠃ ᠲᠦᠩᠯᠢᠶᠣᠣ ᠵᠡᠭᠦᠨ ᠬᠤᠶᠢᠲᠤ ᠭᠠᠵᠠᠷ ᠣᠷᠣᠨ ᠤ ᠬᠠᠮᠤᠭ ᠤᠨ ᠲᠣᠮᠣ ᠡᠬᠡ ᠬᠠᠭᠤᠷᠠᠢ ᠶᠢᠨ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠃
︵ᠶᠢᠰᠦ ︶ ᠠᠷᠠᠳ ᠤᠨ ᠠᠮᠢᠳᠤᠷᠠᠯ ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶᠢᠵᠤ ᠂ ᠡᠷᠬᠡᠪᠰᠢ ᠪᠣᠳᠠᠲᠠᠢ ᠭᠦᠢᠴᠡᠳᠬᠡᠵᠦ ᠰᠠᠶᠢᠲᠤᠷ ᠭᠦᠢᠴᠡᠳᠬᠡᠬᠦ ᠬᠡᠷᠡᠭᠲᠡᠢ ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ ᠪᠤᠶᠤ ᠳᠠᠪᠠᠭᠤᠯᠬᠤ ᠶᠢ ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠠᠳ ᠤᠨ ᠠᠮᠢᠳᠤᠷᠠᠯ ᠤᠨ ᠠᠵᠢᠯ ᠤᠨ ᠬᠠᠲᠠᠭᠤ ᠡᠭᠦᠷᠭᠡ ᠪᠣᠯᠣᠨ᠎ᠠ ᠂ ᠪᠣᠢ ᠪᠦᠬᠦᠢ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠡᠮᠬᠢᠯᠡᠵᠦ ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠠᠶᠢᠭ᠎ᠠ ᠶᠢ ᠨᠢ ᠳᠡᠭᠡᠭᠰᠢᠯᠡᠭᠦᠯᠵᠦ ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠢᠰᠢ ᠳᠤ ᠨᠢ ᠲᠣᠭᠲᠠᠭᠤᠨ ᠢᠶᠠᠷ ᠠᠶᠠᠨᠳᠠᠭᠠᠨ ᠨᠡᠮᠡᠭᠳᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ ᠃ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠳᠤᠷᠠᠳᠴᠤ ᠂ ᠡᠷᠬᠡᠪᠰᠢ ᠨᠢᠭᠡ ᠶᠢ ᠬᠢᠪᠡᠯ ᠨᠢᠭᠡ ᠶᠢ ᠪᠦᠲᠦᠭᠡᠵᠦ ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ ᠃
ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠶᠢᠨ ᠢᠨᠵᠧᠨᠧᠷᠢᠩ ᠪᠣᠯᠣᠨ᠎ᠠ ᠃ ᠬᠤᠲᠠ ᠶᠢᠨ ᠰᠢᠨᠡᠳᠬᠡᠯ ᠤᠨ ᠠᠵᠢᠯᠯᠠᠭᠠᠨ ᠲᠠᠢ ᠤᠶᠠᠯᠳᠤᠭᠤᠯᠤᠨ ᠂ ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠬᠦ ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠨᠢᠭᠡ ᠴᠣᠭᠴᠠ ᠪᠠᠷ ᠠᠬᠢᠭᠤᠯᠤᠨ ᠂ ᠪᠦᠬᠦ ᠵᠢᠯ ᠳᠤ ᠰᠢᠲᠠᠮᠠᠬᠠᠢ ᠬᠡᠢ ᠂ ᠢᠯᠴᠢ ᠬᠠᠩᠭᠠᠬᠤ ᠂ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠲᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ ᠂ ᠬᠤᠲᠠ ᠶᠢᠨ ᠳᠤᠮᠳᠠᠬᠢ ᠲᠤᠰᠬᠤᠨ ᠂ ᠬᠤᠲᠠ ᠶᠢᠨ ᠵᠠᠬ᠎ᠠ ᠶᠢᠨ ᠲᠤᠰᠬᠤᠨ ᠤ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠭᠦᠯᠵᠦ ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ᠃
ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ ᠃ ᠬᠥᠭᠵᠢᠯᠲᠡ ᠶᠢᠨ ᠳᠤᠮᠳᠠ ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ ᠂ ᠵᠠᠮ ᠬᠠᠷᠢᠯᠴᠠᠭ᠎ᠠ ᠲᠡᠭᠡᠭᠡᠪᠦᠷᠢ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠣᠯᠠᠨ ᠲᠦᠮᠡᠨ ᠢ ᠨᠡᠩ ᠣᠯᠠᠨ ᠣᠷᠣᠯᠴᠠᠭᠤᠯᠵᠤ ᠂ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ ᠃ ᠪᠣᠳᠠᠲᠠᠢ ᠶᠢ ᠤᠯᠠᠮ ᠢᠯᠡᠭᠦᠦ ᠡᠷᠬᠢᠮᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠨᠡᠩ ᠣᠯᠠᠨ ᠣᠶᠤᠲᠠᠳ ᠢ ᠥᠪᠥᠷ ᠮᠣᠩᠭᠤᠯ ᠳᠤ ᠢᠷᠡᠭᠦᠯᠵᠦ ᠂ ᠥᠪᠥᠷ ᠮᠣᠩᠭᠤᠯ ᠳᠤ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠯᠭᠠᠨ᠎ᠠ ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ ᠃ ᠡᠯ᠎ᠡ ᠠᠶᠢᠮᠠᠭ ᠬᠤᠲᠠ ᠶᠢᠨ ᠬᠢᠨ ᠨᠢᠭᠡ ᠪᠦᠯᠦᠭ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ ᠲᠦᠷᠭᠡᠳᠬᠡᠨ ᠪᠠᠶᠢᠭᠤᠯᠵᠤ ᠂ ᠣᠯᠠᠨ ᠲᠦᠮᠡᠨ ᠤ ᠠᠵᠢᠯ ᠣᠯᠬᠤ ᠳᠤ ᠳᠦᠭᠦᠮ ᠦᠵᠡᠭᠦᠯᠬᠦ ᠬᠡᠷᠡᠭᠲᠡᠢ ᠃
ᠰᠤᠷᠭᠠᠨ ᠬᠥᠮᠦᠵᠢᠯ ᠨᠢ ᠦᠢ ᠲᠦᠮᠡᠨ ᠠᠶᠢᠯ ᠡᠷᠦᠬᠡ ᠳᠤ ᠬᠤᠯᠪᠣᠭᠳᠠᠨ᠎ᠠ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ ᠬᠠᠷᠠᠭᠠᠯᠵᠠᠯᠲᠤ ᠬᠥᠭᠵᠢᠯᠲᠡ ᠶᠢ ᠳᠣᠪᠦ᠋ᠢᠯᠭᠠᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ ᠂ ᠣᠨᠴᠠᠯᠢᠬᠵᠢᠭᠤᠯᠤᠨ ᠬᠥᠭᠵᠢᠭᠦᠯᠵᠦ ᠂ 126 ᠬᠡᠦᠬᠡᠳ ᠤᠨ ᠴᠡᠴᠡᠷᠯᠢᠭ ᠂ 578 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠥᠭᠡᠷᠡᠴᠢᠯᠡᠨ ᠰᠠᠶᠢᠵᠢᠷᠠᠭᠤᠯᠵᠤ ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠠᠶᠢᠲᠤᠷ ᠡᠷᠬᠢᠯᠡᠵᠦ ᠂ ᠬᠤᠰᠢᠭᠤ ᠰᠢᠶᠠᠨ ᠪᠦᠷᠢ ᠠᠳᠠᠭ ᠲᠤ ᠪᠠᠨ ᠨᠢᠭᠡ ᠴᠢᠨᠠᠷᠯᠢᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠡᠷᠡᠯᠬᠡᠭ ᠵᠣᠷᠢᠭ ᠠᠤᠭ᠎ᠠ ᠬᠦᠰᠡᠯ ᠢ ᠡᠪᠦᠷᠯᠡᠨ ᠂ ᠲᠡᠷᠢᠭᠦᠨ ᠳᠡᠰ ᠤᠨ ᠪᠠᠷᠢᠮᠵᠢᠶ᠎ᠠ ᠪᠠᠷ ᠬᠠᠷᠠᠯᠲᠠ ᠪᠠᠨ ᠪᠣᠯᠭᠠᠵᠤ ᠂ ᠲᠡᠷᠢᠭᠦᠨ ᠳᠡᠰ ᠤᠨ ᠲᠤᠰᠬᠠᠢ ᠮᠡᠷᠭᠡᠵᠢᠯ ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠴᠣᠭᠴᠠᠯᠠᠨ ᠂ ᠬᠤᠪᠣᠷ ᠰᠢᠷᠣᠢ ᠂ ᠰᠦ ᠰᠠᠭᠠᠯᠢ ᠶᠢᠨ ᠦᠢᠯᠡᠰ ᠂ ᠡᠨᠧᠷᠬᠢ ᠂ ᠲᠡᠷᠢᠭᠦᠨ ᠤ ᠦᠢᠯᠡᠳᠬᠦ ᠠᠵᠢᠯ ᠤᠨ ᠲᠣᠭᠤᠷᠢᠨ ᠳᠤ ᠰᠤᠷᠭᠠᠨ ᠬᠥᠮᠦᠵᠢᠯ ᠤᠨ ᠶᠠᠮᠤᠨ ᠯᠤᠭ᠎ᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠵᠤ ᠂ ᠠᠮᠢᠳᠤ ᠪᠣᠳᠠᠰ ᠂ ᠠᠮᠢ ᠠᠬᠤᠢ ᠂ ᠡᠪᠡᠰᠦᠨ ᠤ ᠤᠬᠠᠭᠠᠨ ᠂ ᠲᠡᠮᠦᠷᠯᠢᠭ ᠬᠠᠶᠢᠯᠤᠭᠤᠯᠬᠤ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠰᠠᠶᠢᠲᠤᠷ ᠪᠠᠶᠢᠭᠤᠯᠵᠤ ᠂ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢ 23 ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ ᠶᠢ 6 ᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 2 ᠰᠠᠶᠢᠲᠤᠷ ᠴᠣᠭᠴᠠᠯᠠᠨ ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠤᠰᠬᠠᠢ ᠮᠡᠷᠭᠡᠵᠢᠯ ᠤᠨ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠨᠡᠩ ᠣᠯᠠᠨ ᠴᠢᠷᠮᠠᠶᠢᠨ ᠬᠥᠮᠥᠵᠢᠭᠦᠯᠬᠦ ᠬᠡᠷᠡᠭᠲᠡᠢ ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ ᠂ ᠬᠥᠯᠥᠨ ᠪᠦᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠥᠭᠵᠢᠭᠦᠯᠬᠦ ᠶᠢ ᠨᠢ ᠳᠡᠮᠵᠢᠵᠦ ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠤᠷᠠᠨ ᠳᠠᠷᠬᠠᠨ ᠤ ᠠᠩᠭᠢ ︾᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ ︾ ᠳᠤ ᠬᠥᠮᠥᠵᠢᠭᠦᠯᠵᠦ ᠪᠠᠶᠢᠭ᠎ᠠ ᠰᠤᠷᠤᠭᠴᠢ ᠶᠢ 3 ᠲᠦᠮᠡ ᠠᠴᠠ ᠳᠡᠭᠡᠭᠰᠢ ᠳᠤ ᠬᠦᠷᠭᠡᠵᠦ ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠣᠶᠢᠵᠢᠭᠤᠯᠤᠨ᠎ᠠ ᠃ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠦᠷᠭᠦᠯᠵᠢᠯᠡᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠬᠥᠯ ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠰᠤᠷᠤᠭᠴᠢᠳ ᠤᠨ ᠮᠣᠷᠠᠯ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠠᠶᠢᠨ ᠵᠠᠬᠢᠷᠤᠯ ᠂ ᠰᠠᠶᠢᠨ ᠪᠠᠭᠰᠢ ᠪᠣᠯ ᠵᠠᠩᠭᠢᠯᠠᠭ᠎ᠠ ᠶᠤᠮ ᠂ ᠨᠡᠷᠡᠲᠦ ᠪᠠᠭᠰᠢ ᠨᠡᠷᠡᠲᠦ ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠᠷ ᠠᠵᠠ ᠳᠣᠬᠢᠶᠠᠯ ᠪᠣᠯᠭᠠᠨ ᠂ ᠨᠡᠩ ᠣᠯᠠᠨ ᠪᠡᠭᠡᠵᠢᠩ ᠤᠨ ᠪᠠᠭᠰᠢ ᠶᠢ ᠥᠪᠥᠷ ᠮᠣᠩᠭᠤᠯ ᠳᠤ ᠲᠠᠲᠠᠨ ᠢᠷᠡᠭᠦᠯᠵᠦ ᠂ ᠣᠨᠴᠠᠭᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠤᠯᠤᠰ ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ ᠂ ᠥᠪᠥᠷ ᠮᠣᠩᠭᠤᠯ ᠤᠨ ᠢᠶᠠᠨ ᠬᠡᠦᠬᠡᠳ ᠤᠳ ᠲᠤ ᠪᠠᠨ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ ᠃
ᠨᠡᠩ ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠨᠢ ᠣᠯᠠᠨ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠣᠨ᠎ᠠ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠂ ᠥᠪᠥᠷ ᠮᠣᠩᠭᠤᠯ ᠯᠢᠶᠣᠤᠨᠢᠩ ᠂ ᠥᠪᠥᠷ ᠮᠣᠩᠭᠤᠯ ᠱᠠᠩᠬᠠᠢ ᠶᠢᠨ ᠡᠮᠴᠢᠯᠡᠭᠡᠨ ᠤ ᠬᠠᠮᠲᠤᠷᠠᠯᠴᠠᠭ᠎ᠠ ᠶᠢ ᠥᠷᠭᠡᠳᠬᠡᠵᠦ ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4 ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠵᠤ ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ ᠂ ᠣᠯᠠᠨ ᠳᠡᠰ ᠳᠠᠪᠬᠤᠷᠭᠠᠲᠤ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠤᠨ ᠂ ᠬᠢᠲᠠᠳ ︵ᠮᠣᠩᠭᠤᠯ ︶ ᠡᠮᠨᠡᠯᠭᠡ ᠶᠢᠨ ᠡᠮᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠤᠪᠢᠯᠠᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ ᠂ ᠡᠯ᠎ᠡ ᠭᠠᠵᠠᠷ ᠤᠨ ᠣᠨᠴᠠ ᠬᠡᠷᠡᠭᠴᠡᠭᠡᠨ ᠤ ᠡᠭᠦᠳᠡᠨ ᠡᠮᠨᠡᠯᠭᠡ ᠂ ᠣᠨᠴᠠ ᠬᠡᠷᠡᠭᠴᠡᠭᠡᠨ ᠤ ᠡᠪᠡᠳᠴᠢᠲᠡᠨ ᠤ ᠥᠷᠥᠭᠡ ᠶᠢ ᠨᠡᠭᠡᠭᠡᠨ ᠲᠣᠬᠢᠷᠠᠭᠤᠯᠬᠤ ᠶᠢ ᠳᠡᠮᠵᠢᠵᠦ ᠂ ᠰᠠᠶᠢᠨ ᠡᠮᠨᠡᠯᠭᠡ ᠶᠢᠨ ᠬᠤᠷᠢᠶᠠᠨ ᠳᠠᠷᠤᠭ᠎ᠠ ᠶᠢ ᠰᠣᠩᠭᠤᠨ ᠲᠣᠮᠢᠯᠠᠵᠤ ᠂ ᠰᠢᠯᠢᠳᠡᠭ ᠡᠮᠴᠢ ᠶᠢ ᠬᠥᠮᠥᠵᠢᠭᠦᠯᠵᠦ ᠂ ᠣᠯᠠᠨ ᠲᠦᠮᠡᠨ ᠳᠤ ᠭᠡᠷ ᠤᠨ ᠬᠠᠶᠠᠭᠠᠨ ᠳᠤ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ ᠃
︽ᠨᠠᠰᠤᠲᠠᠶᠢᠴᠤᠳ ᠪᠠ ᠨᠢᠯᠬᠠᠰ ︾ ᠲᠤ ᠨᠡᠩ ᠣᠯᠠᠨ ᠬᠠᠶᠢᠷ᠎ᠠ ᠬᠠᠯᠠᠮᠵᠢ ᠬᠦᠷᠲᠡᠭᠡᠨ᠎ᠡ ᠃ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠳᠡᠰ ᠢ ᠳᠡᠪᠰᠢᠭᠦᠯᠬᠦ ᠂ ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠠᠭᠤᠷᠢ ᠶᠢ ᠪᠠᠲᠤᠳᠬᠠᠬᠤ 4 ᠵᠦᠢᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠨ᠎ᠡ ᠃ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠬᠡᠦᠬᠡᠳ ᠰᠠᠭᠠᠲᠠᠭᠤᠯᠵᠤ ᠠᠰᠠᠷᠠᠬᠤ ᠲᠦᠭᠡᠮᠡᠯ ᠬᠠᠷᠠᠭᠠᠯᠵᠠᠯᠲᠤ ᠦᠢᠯᠡᠴᠢᠯᠡᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ ᠃
ᠠᠵᠤ ᠲᠦᠷᠦᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ ᠃ ︽ᠮᠢᠩᠭ᠎ᠠ ᠲᠦᠮᠡ ᠶᠢᠨ ᠢᠨᠵᠧᠨᠧᠷᠢᠩ ︾ ᠤᠨ ᠲᠤᠷᠰᠢᠯᠭ᠎ᠠ ᠶᠢ ᠰᠤᠷᠤᠯᠴᠠᠨ ᠬᠡᠷᠡᠭᠵᠢᠭᠦᠯᠵᠦ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠂ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠂ ᠬᠥᠳᠡᠭᠡ ᠲᠤᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ᠂ ᠲᠠᠷᠢᠶᠠᠴᠢᠨ ᠮᠠᠯᠴᠢᠳ ᠢ ᠲᠤᠬᠠᠢ ᠶᠢᠨ ᠭᠠᠵᠠᠷ ᠲᠤ ᠨᠢ ᠣᠳᠣ ᠦᠶ᠎ᠡ ᠶᠢᠨ ᠪᠣᠯᠪᠠᠰᠤᠨ ᠠᠮᠢᠳᠤᠷᠠᠯ ᠲᠠᠢ ᠪᠣᠯᠭᠠᠨ᠎ᠠ ᠃ ᠪᠤᠶᠢᠲᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠤᠶᠢᠲᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂ ᠬᠢᠯᠢ ᠶᠢᠨ ᠰᠡᠷᠭᠡᠶᠢᠯᠡᠯᠲᠡ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠦ ᠂ ᠪᠦᠬᠦ ᠣᠷᠣᠨ ᠤ ᠵᠠᠰᠠᠭ ᠵᠠᠬᠢᠷᠭᠠᠨ ᠤ ᠲᠤᠰᠬᠤᠨ ᠳᠤ ᠴᠠᠬᠢᠯᠭᠠᠨ ᠨᠡᠪᠲᠡᠷᠡᠭᠦᠯᠬᠦ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ ᠃ ᠬᠥᠮᠥᠨ ᠠᠮᠠ ᠬᠠᠷᠢᠴᠠᠩᠭᠤᠢ ᠲᠥᠪᠯᠡᠷᠡᠭᠰᠡᠨ ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠬᠠᠮᠤᠷᠬᠤ ᠬᠡᠪᠴᠢᠶ᠎ᠡ ᠶᠢ 80% ᠠᠴᠠ ᠳᠠᠪᠠᠭᠤᠯᠵᠤ ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠠᠪᠠᠭᠤᠯᠬᠤ ᠪᠠᠷ ᠴᠢᠷᠮᠠᠶᠢᠨ᠎ᠠ ᠃
︵ᠠᠷᠪᠠ ︶ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ ︾ ᠶᠢ ᠡᠷᠡᠰ ᠰᠠᠶᠢᠲᠤᠷ ᠰᠠᠬᠢᠵᠤ ᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ ︾ ᠪᠣᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠃ ᠡᠯ᠎ᠡ ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠥᠨᠳᠥᠷ ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠤᠨ᠎ᠠ ᠃ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠡᠷᠭᠢᠯᠲᠡ ᠭᠠᠷᠭᠠᠬᠤ ᠠᠵᠢᠯᠯᠠᠭ᠎ᠠ ᠶᠢ ᠰᠠᠶᠢᠲᠤᠷ ᠬᠢᠨ᠎ᠡ ᠃ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠡᠬᠢᠯᠡᠭᠦᠯᠦᠨ ᠬᠡᠷᠡᠭᠵᠢᠭᠦᠯᠵᠦ ᠂ ᠡᠬᠢᠨ ᠠᠴᠠ ᠨᠢ ᠭᠠᠷᠳᠠᠨ ᠠᠵᠢᠯᠯᠠᠵᠤ ᠂ ᠨᠢᠭᠡᠳᠦᠭᠡᠷ ᠹᠷᠣᠨᠲ ᠢ ᠴᠢᠩᠭ᠎ᠠ ᠠᠳᠬᠤᠵᠤ ᠪᠣᠳᠠᠲᠠᠢ ᠠᠳᠬᠤᠨ ᠂ ᠭᠤᠣᠯᠳᠠᠯᠭ᠎ᠠ ᠲᠠᠢ ᠬᠦᠷᠢᠶ᠎ᠡ ᠪᠠ ᠭᠤᠭᠴᠤᠭ᠎ᠠ ᠶᠢ ᠳᠣᠪᠦ᠋ᠢᠯᠭᠠᠵᠤ ᠂ ᠡᠯ᠎ᠡ ᠵᠦᠢᠯ ᠤᠨ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠡᠯ᠎ᠡ ᠲᠥᠷᠥᠯ ᠤᠨ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠡᠮᠵᠢᠯᠡᠨ ᠰᠡᠷᠭᠡᠶᠢᠯᠡᠨ᠎ᠡ ᠃ ᠠᠶᠤᠯ ᠦᠭᠡᠢ ᠦᠢᠯᠡᠳᠪᠦᠷᠢᠯᠡᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠬᠤ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ ᠂ ︽ᠵᠣᠬᠢᠶᠠᠮᠠᠯ ᠤᠶᠤᠨ +︾ ᠠᠵᠢᠯᠯᠠᠭᠠᠨ ᠢ ᠥᠷᠨᠢᠭᠦᠯᠵᠦ ᠂ ᠠᠭᠤᠷᠬᠠᠢ ᠂ ᠠᠶᠤᠯᠲᠠᠢ ᠬᠢᠮᠢ ᠶᠢᠨ ᠪᠣᠳᠠᠰ ᠪᠠ ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠮᠧᠬᠠᠨᠢᠭᠵᠢᠯᠲᠠ ᠪᠠᠷ ᠬᠥᠮᠥᠨ ᠢ ᠰᠣᠯᠢᠬᠤ ᠂ ᠠᠦ᠋ᠲ᠋ᠣᠴᠢᠯᠠᠯᠲᠠ ᠪᠠᠷ ᠬᠥᠮᠥᠨ ᠢ ᠴᠥᠭᠡᠳᠬᠡᠬᠦ ᠂ ᠣᠶᠤᠨᠴᠢᠯᠠᠯᠲᠠ ᠪᠠᠷ ᠬᠥᠮᠥᠨ ᠢ ᠣᠷᠣᠯᠠᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠪᠦᠬᠦ ᠬᠦᠴᠦᠨ ᠵᠦᠢᠯ ᠪᠦᠬᠦ ᠴᠤᠪᠤᠷᠠᠯ ᠳᠤ ᠪᠣᠳᠠᠲᠤ ᠰᠣᠷᠢᠯᠲᠠ ᠶᠢ ᠥᠷᠨᠢᠭᠦᠯᠦᠨ ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ ᠃
ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ ᠃ ︽ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠡᠷᠡᠰ ᠬᠤᠷᠢᠭᠯᠠᠬᠤ ︾ ᠶᠢ ᠪᠠᠷᠢᠮᠲᠠᠯᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ ᠂ ︽1 + 8 ︾ ᠥᠷᠢ ᠥᠭᠴᠡᠭᠡ ᠶᠢ ᠠᠷᠢᠯᠭᠠᠬᠤ ᠲᠥᠰᠥᠯ ᠢ ᠨᠠᠶᠢᠳᠠᠪᠤᠷᠢᠵᠢᠭᠤᠯᠵᠤ ᠂ ᠨᠢᠭᠡ ᠪᠦᠯᠦᠭ ᠲᠤ ᠨᠢ ᠳᠠᠮ ᠬᠦᠦ ᠮᠥᠩᠭᠦ ᠥᠭᠬᠦ ᠂ ᠨᠢᠭᠡ ᠪᠦᠯᠦᠭ ᠢ ᠨᠢ ᠬᠠᠰᠤᠬᠤ ᠂ ᠨᠢᠭᠡ ᠪᠦᠯᠦᠭ ᠢ ᠨᠢ ᠤᠯᠠᠪᠤᠷ ᠥᠩᠭᠡ ᠶᠢᠨ ᠳᠡᠰ ᠠᠴᠠ ᠭᠠᠷᠭᠠᠬᠤ ᠂ ᠨᠢᠭᠡ ᠪᠦᠯᠦᠭ ᠤᠨ ᠬᠢᠨᠢ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠠᠪᠴᠤ ᠂ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠦᠷᠭᠦᠯᠵᠢᠯᠡᠨ ᠳᠡᠮᠵᠢᠨ᠎ᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ ᠂ 2.5 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ ᠂ ᠵᠠᠬ᠎ᠠ ᠶᠢᠨ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ︽ᠥᠷᠭᠡᠰᠦ ᠰᠢᠪᠦᠭᠡ ᠲᠠᠢ ︾ ᠴᠢᠩᠭ᠎ᠠ ᠬᠡᠷᠡᠭᠵᠢᠭᠦᠯᠵᠦ ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠡᠬᠦ ᠶᠢ ᠦᠨᠡᠨ ᠬᠦ ᠪᠠᠲᠤᠯᠠᠨ᠎ᠠ ᠃
ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠦᠦᠰᠢᠨ ᠬᠤᠰᠢᠭᠤᠨ ᠤ ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ ︾ ᠶᠢ ᠳ᠋ᠦᠩᠨᠡᠨ ᠳᠡᠯᠭᠡᠷᠡᠭᠦᠯᠵᠦ ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠡᠶᠡᠳᠡᠭᠦᠯᠦᠨ ᠰᠢᠢᠳᠪᠦᠷᠢᠯᠡᠵᠦ ᠂ ᠴᠣᠬᠤᠢᠢᠮᠠᠭᠴᠠ ᠠᠷᠢᠯᠭᠠᠬᠤ ᠪᠠᠷ ᠴᠢᠷᠮᠠᠶᠢᠨ᠎ᠠ ᠃ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ︽ᠲᠣᠮᠣ ᠳ᠋ᠠᠶᠢᠲ᠋ᠠ + ᠲᠣᠣᠷᠯᠢᠬᠵᠢᠯ ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠪᠦᠷᠢᠨᠰᠢᠭᠦᠯᠦᠨ ᠂ ᠬᠢᠯᠢ ᠬᠢᠵᠠᠭᠠᠷ ᠤᠨ ᠭᠠᠵᠠᠷ ᠣᠷᠣᠨ ᠤ ︽ᠬᠥᠨᠳᠡᠶᠢᠷᠡᠬᠦ︾ ᠠᠰᠠᠭᠤᠳᠠᠯ ᠢ ᠰᠢᠢᠳᠪᠦᠷᠢᠯᠡᠵᠦ ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠠᠬᠢᠯᠡᠵᠦ ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠬᠢᠬᠠᠵᠤ ᠮᠡᠬᠡᠯᠡᠬᠦ ᠳᠤ ᠴᠢᠩᠭ᠎ᠠ ᠴᠣᠬᠢᠯᠲᠠ ᠥᠭᠴᠦ ᠂ ᠣᠯᠠᠨ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠰᠠᠶᠢᠲᠤᠷ ᠬᠠᠮᠠᠭᠠᠯᠠᠨ᠎ᠠ ᠃
ᠲᠥᠯᠥᠭᠡᠯᠡᠭᠴᠢᠳ ᠠ᠋︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠪᠣᠯᠣᠨ᠎ᠠ ᠂ ᠡᠯ᠎ᠡ ᠱᠠᠲᠤᠨ ᠤ ᠵᠠᠰᠠᠭ ᠤᠨ ᠣᠷᠳᠣᠨ ᠠᠯᠢᠪᠠ ᠠᠵᠢᠯ ᠢᠶᠠᠨ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ ᠨᠢᠭᠲᠠ ᠤᠶᠠᠯᠳᠤᠭᠤᠯᠤᠨ ᠂ ᠥᠴᠥᠬᠡᠨ ᠲᠡᠳᠦᠢ ᠴᠦ ᠬᠡᠯᠪᠡᠶᠢᠯᠭᠡᠬᠦ ᠦᠭᠡᠢ ᠪᠠᠶᠢᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︾ ᠢ ᠲᠣᠭᠲᠠᠭᠠᠵᠤ ᠂ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠢᠮᠠᠭᠲᠠ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠪᠠᠲᠤ ᠴᠡᠭᠡᠵᠢᠯᠡᠨ ᠂ ︽ᠳᠣᠯᠤᠭᠠᠨ ᠲᠠᠯ᠎ᠠ ᠪᠠᠷ ᠵᠢᠱᠢᠶᠡᠴᠢ ᠪᠣᠯᠬᠤ ︾ ᠲᠠᠯ᠎ᠠ ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠬᠦᠯᠬᠦ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠃ ᠮᠠᠨ ᠤ ᠥᠪᠥᠷ ᠮᠣᠩᠭᠤᠯ ᠤᠨ ᠺᠠᠳ᠋ᠷ ᠣᠯᠠᠨ ᠲᠦᠮᠡᠨ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠮᠵᠢ ᠳᠣᠣᠷ᠎ᠠ ᠣᠯᠣᠭᠰᠠᠨ ᠶᠤᠮ ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ ᠭᠡᠳᠡᠭ ᠢ ᠣᠨᠴᠠᠭᠠᠶᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ ᠃ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠂ ᠬᠥᠮᠥᠨ ᠪᠦᠬᠦᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠃ ᠲᠠᠪᠢᠭᠠᠳ ᠣᠨ ᠠᠴᠠ ︽ᠥᠩᠭᠡ ᠶᠢᠨ ᠴᠡᠴᠡᠭᠡᠰ ᠪᠠᠭᠰᠢᠷᠠᠨ ᠳᠡᠯᠭᠡᠷᠡᠵᠦ ᠂ ᠦᠨᠳᠦᠰᠦᠲᠡᠨ ᠪᠦᠬᠦᠨ ᠨᠢᠭᠡ ᠭᠡᠷ ᠶᠤᠮ ᠠ᠋ ᠂ ᠥᠨᠢ ᠡᠭᠦᠷᠢᠳᠡ ᠨᠢᠭᠲᠠᠷᠠᠨ ᠪᠦᠯᠬᠦᠮᠳᠡᠵᠦ ᠂ ᠦᠶ᠎ᠡ ᠶᠢᠨ ᠦᠶ᠎ᠡ ᠳᠤ ᠨᠠᠮ ᠢᠶᠠᠨ ᠳᠠᠭᠠᠨ᠎ᠠ ︾ ᠭᠡᠬᠦ ᠳᠠᠭᠤᠤ ᠥᠷᠭᠡᠨ ᠢᠶᠠᠷ ᠳᠠᠭᠤᠯᠠᠭᠳᠠᠭᠰᠠᠨ ᠶᠤᠮ ᠂ ᠡᠨᠡ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠮᠢᠳᠤᠯᠢᠭ ᠵᠢᠷᠤᠭᠯᠠᠯ ᠮᠥᠨ ᠂ ᠪᠠᠰᠠ ᠴᠦ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ ᠬᠠᠮᠲᠤ ᠶᠢᠨ ᠳᠠᠭᠤᠨ ᠬᠤᠭᠤᠯᠠᠢ ᠪᠣᠯᠣᠨ᠎ᠠ︕
ᠰᠢᠨ᠎ᠡ ᠪᠠᠶᠢᠳᠠᠯ ᠂ ᠰᠢᠨ᠎ᠡ ᠡᠭᠦᠷᠭᠡ ᠂ ᠰᠢᠨ᠎ᠡ ᠥᠷᠢᠰᠦᠯᠳᠦᠭᠡᠨ ᠳᠤ ᠴᠢᠭᠯᠡᠭᠦᠯᠦᠨ ᠂ ᠡᠯ᠎ᠡ ᠱᠠᠲᠤᠨ ᠤ ᠵᠠᠰᠠᠭ ᠤᠨ ᠣᠷᠳᠣᠨ ︽ᠤᠯᠤᠰ ᠤᠨ ᠶᠡᠭᠡ ᠶᠠᠪᠤᠳᠠᠯ ︾ ᠢ ᠴᠠᠭ ᠢᠮᠠᠭᠲᠠ ᠪᠠᠲᠤ ᠴᠡᠭᠡᠵᠢᠯᠡᠵᠦ ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ ᠳᠤ ᠨᠡᠶᠢᠳᠡᠮ ᠲᠤᠭᠤᠰᠢᠯᠠᠭᠤᠯᠤᠨ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ ︾ ᠳᠦᠷᠢᠮ ᠢ ᠨᠠᠶᠢᠳᠠᠪᠤᠷᠢᠵᠢᠭᠤᠯᠤᠨ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ ᠂ ᠭᠠᠷᠮᠠᠭᠠᠢ ᠦᠢᠯᠡᠳᠦᠯᠭᠡᠵᠢᠭᠦᠯᠦᠭᠴᠢ ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠵᠠᠰᠠᠭ ᠤᠨ ᠣᠷᠳᠣᠨ ᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ ᠂ ᠤᠯᠤᠰ ᠲᠦᠷᠦ ᠶᠢ ᠡᠷᠬᠢᠮᠯᠡᠬᠦ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠵᠤ ᠂ ︽ᠬᠤᠶᠠᠷ ᠢ ᠲᠣᠭᠲᠠᠭᠠᠭᠰᠠᠨ ︾ ᠢ ᠪᠠᠲᠤ ᠴᠢᠩᠭ᠎ᠠ ᠪᠠᠷ ᠬᠦᠷᠢᠶᠡᠯᠡᠵᠦ ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠦᠨ ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ ᠃ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠵᠦ ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠵᠦ ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠂ ᠬᠢᠨᠠᠨ ᠪᠣᠳᠣᠯᠲᠠ ᠂ ᠡᠳ᠋ ᠤᠨ ᠵᠠᠰᠠᠭ ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠷᠬᠡ ᠶᠢ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ ᠃ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ︽ᠲᠡᠷᠡ ᠶᠣᠰᠣᠭᠠᠷ ᠨᠢ ᠂ ᠡᠷᠡᠰ ᠰᠢᠭᠤᠷᠬᠠᠢ ᠪᠠᠷ ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ ᠂ ᠵᠣᠷᠢᠭᠲᠠᠢ ᠣᠷᠣᠯᠳᠣᠨ ᠴᠢᠳᠠᠮᠠᠭᠠᠢ ᠬᠢᠬᠦ ︾ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠲᠣᠭᠲᠠᠭᠰᠠᠨ ᠶᠠᠪᠤᠳᠠᠯ ᠢᠶᠠᠨ ᠴᠢᠩᠭ᠎ᠠ ᠠᠳᠬᠤᠨ ᠲᠦᠷᠭᠡᠨ ᠭᠦᠢᠴᠡᠳᠬᠡᠵᠦ ᠂ ᠤᠷᠤᠭᠰᠢ ᠠᠬᠢᠭᠤᠯᠵᠤ ᠳᠡᠶᠢᠯᠬᠦ ᠶᠢ ᠨᠢ ᠤᠷᠤᠭᠰᠢ ᠠᠬᠢᠭᠤᠯᠤᠨ ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠨᠢ ᠰᠢᠢᠳᠪᠦᠷᠢᠯᠡᠵᠦ ᠂ ᠬᠤᠳᠠᠯ ᠬᠠᠭᠤᠷᠮᠠᠭ ᠂ ᠵᠠᠪᠰᠢᠨ ᠳᠠᠯᠢᠮᠳᠠᠭᠤᠯᠬᠤ ᠂ ᠲᠤᠭ᠎ᠠ ᠪᠠᠷᠢᠮᠲᠠ ᠶᠢ ᠬᠠᠭᠤᠷᠮᠠᠭᠯᠠᠬᠤ ᠵᠦᠢᠯ ᠢ ᠶᠠᠭᠠᠬᠢᠭᠰᠠᠨ ᠴᠦ ᠬᠢᠬᠦ ᠦᠭᠡᠢ ᠂ ᠠᠪᠤᠨ ᠳᠣᠣᠷ᠎ᠠ ᠪᠠᠨ ᠠᠰᠢᠭ ᠣᠯᠬᠤ ᠶᠢ ᠶᠠᠭᠠᠷᠠᠬᠤ ᠂ ᠠᠷᠠᠳ ᠢ ᠵᠦᠳᠡᠭᠡᠵᠦ ᠡᠳ᠋ ᠢ ᠰᠦᠢᠳᠬᠡᠬᠦ ᠂ ᠬᠤᠭᠤᠰᠤᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ ᠬᠡᠷᠡᠭ ᠢ ᠶᠠᠭᠠᠬᠢᠭᠰᠠᠨ ᠴᠦ ᠬᠢᠬᠦ ᠦᠭᠡᠢ ᠃ ᠴᠡᠪᠡᠷ ᠡᠷᠬᠢᠮ ᠠᠷᠢᠭᠤᠨ ᠴᠢᠬᠡᠴᠢ ᠪᠠᠶᠢᠵᠤ ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ ᠪᠠᠷᠢᠮᠲᠠᠯᠠᠨ ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠠᠷᠪᠢᠴᠢ ᠭᠠᠮᠲᠠᠢ ᠠᠮᠢᠳᠤᠷᠠᠬᠤ ᠶᠢ ᠳᠠᠳᠬᠠᠯ ᠪᠤᠯᠭᠠᠵᠤ ᠂ ᠦᠨᠡᠨ ᠢ ᠪᠠᠷᠢᠮᠲᠠᠯᠠᠨ ᠬᠠᠲᠠᠭᠤ ᠲᠠᠢ ᠬᠦᠨᠳᠡᠵᠦ ︽ᠳᠥᠷᠪᠡᠨ ᠰᠤᠷᠲᠠᠯ ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠪᠠ ︽ᠤᠳᠠᠭᠠᠨ ᠪᠦᠳᠦᠭᠦᠯᠢᠭ ᠬᠡᠶᠢᠰᠪᠦᠷᠢ ︾ ᠣᠪᠣᠷ ᠰᠤᠷᠲᠠᠯ ᠤᠨ ᠠᠷᠬᠠᠭ ᠢ ᠡᠷᠡᠰ ᠵᠠᠰᠠᠨ ᠵᠠᠯᠠᠷᠠᠭᠤᠯᠵᠤ ᠂ ᠣᠬᠤᠷᠬᠠᠨ ᠬᠤᠷᠠᠯ ᠬᠢᠵᠦ ᠂ ᠠᠪᠰᠠᠷᠬᠠᠨ ᠶᠠᠷᠢᠶ᠎ᠠ ᠲᠠᠯᠪᠢᠨ ᠂ ᠪᠣᠳᠠᠲᠠᠢ ᠠᠷᠭ᠎ᠠ ᠬᠡᠮᠵᠢᠶ᠎ᠡ ᠲᠠᠢ ᠪᠢᠴᠢᠭ ᠮᠠᠲ᠋ᠧᠷᠢᠶᠠᠯ ᠢ ᠲᠠᠷᠬᠠᠭᠠᠵᠤ ᠂ ᠠᠰᠠᠭᠤᠳᠠᠯ ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠃
ᠲᠥᠯᠥᠭᠡᠯᠡᠭᠴᠢᠳ ᠠ᠋︕ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕
ᠳᠠᠭᠠᠯᠳᠤᠭᠤᠯᠤᠯ 1
ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ
ᠨᠢᠭᠡ ᠂ ᠣᠯᠠᠨ ᠲᠦᠮᠡᠨ ᠳᠤ ᠠᠵᠢᠯ ᠣᠯᠭᠤᠵᠤ ᠣᠷᠤᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ᠬᠢ 5 ᠵᠦᠢᠯ
1. ᠠᠵᠢᠯ ᠣᠯᠬᠤ ᠳᠤ ᠬᠦᠴᠢᠷᠳᠡᠵᠦ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ 5 ᠲᠦᠮᠡᠨ ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶᠃
2. 8000 ᠢᠯᠡᠭᠦᠦ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ︶᠃
3. ᠭᠡᠷ ᠠᠬᠤᠢ ᠶᠢᠨ ᠦᠢᠯᠡᠴᠢᠯᠡᠭᠡᠨ ᠤ ᠠᠵᠢᠯ ᠬᠢᠭᠰᠡᠳ ᠢ ᠲᠦᠮᠡᠨ ᠬᠥᠮᠥᠨ ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠭᠴᠢ ᠶᠢ ᠲᠦᠮᠡᠨ ᠬᠥᠮᠥᠨ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︶᠃
4. ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠢ ᠥᠷᠭᠦᠯᠵᠢᠯᠡᠨ ᠭᠦᠨᠵᠡᠭᠡᠶᠢᠷᠡᠭᠦᠯᠵᠦ ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤ ᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶᠃
5. ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠬᠡᠯᠬᠢᠶ᠎ᠡ ᠂ ᠪᠦᠬᠦ ᠭᠤᠭᠴᠣᠭᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠲᠤᠰᠬᠠᠢ ᠮᠡᠷᠭᠡᠵᠢᠯ ᠤᠨ ᠦᠢᠯᠡᠴᠢᠯᠡᠭᠡ ᠬᠠᠩᠭᠠᠵᠤ ᠂ ᠦᠢᠯᠡᠴᠢᠯᠡᠭᠡ ᠬᠠᠩᠭᠠᠬᠤ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶᠃
ᠬᠤᠶᠠᠷ ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠬᠢ 11 ᠵᠦᠢᠯ
6. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ ᠂ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠥᠮᠥᠨ ᠢ 1769 ᠲᠦᠮᠡ ᠳᠤ ᠬᠦᠷᠭᠡᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︶᠃
7. ᠭᠤᠷᠪᠠᠳᠤᠭᠠᠷ ᠳᠡᠰ ᠂ ᠬᠤᠶᠠᠳᠤᠭᠠᠷ ᠳᠡᠰ ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠶᠢᠨ ᠡᠬᠢᠯᠡᠵᠦ ᠲᠥᠯᠥᠬᠦ ᠬᠢᠵᠠᠭᠠᠷ ᠱᠤᠭᠤᠮ ᠢ ᠨᠢᠭᠡᠳᠦᠯᠲᠡᠢ 1000 ᠲᠥᠭᠦᠷᠢᠭ ᠠᠴᠠ ᠲᠤᠰ ᠲᠤᠰ 500 ᠲᠥᠭᠦᠷᠢᠭ ᠂ 300 ᠲᠥᠭᠦᠷᠢᠭ ᠂ 200 ᠲᠥᠭᠦᠷᠢᠭ ᠪᠣᠯᠭᠠᠨ ᠪᠠᠭᠤᠷᠠᠭᠤᠯᠵᠤ ᠂ ᠠᠵᠢᠯ ᠠᠴᠠ ᠪᠠᠨ ᠪᠠᠭᠤᠭᠰᠠᠳ ᠤᠨ ᠪᠣᠯ ᠲᠤᠰ ᠲᠤᠰ 300 ᠲᠥᠭᠦᠷᠢᠭ ᠂ 200 ᠲᠥᠭᠦᠷᠢᠭ ᠂ 50 ᠲᠥᠭᠦᠷᠢᠭ ᠪᠣᠯᠭᠠᠨ ᠪᠠᠭᠤᠷᠠᠭᠤᠯᠤᠨ᠎ᠠ ︔ ᠭᠠᠴᠠᠭ᠎ᠠ ᠲᠤᠰᠬᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠡᠭ ᠢ 3176 ᠰᠢᠨ᠎ᠡ ᠪᠠᠷ ᠪᠠᠶᠢᠭᠤᠯᠵᠤ ᠂ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︶᠃
8. 1.3 ᠲᠦᠮᠡᠨ ᠡᠷᠥᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠵᠣᠯ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠵᠦ ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠨᠢ ᠲᠤᠰᠠᠯᠠᠬᠤ ᠴᠡᠭ ᠢ 1200 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︶᠃
9. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ ᠂ ᠪᠦᠬᠦ ᠣᠷᠣᠨ ᠤ ᠬᠤᠰᠢᠭᠤ ᠰᠢᠶᠠᠨ ︵ᠬᠤᠲᠠ ᠂ ᠲᠣᠭᠤᠷᠢᠭ︶ ᠪᠦᠷᠢ ᠳᠤ ᠠᠳᠠᠭ ᠲᠤ ᠪᠠᠨ 1 ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠦᠲᠦᠭᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶᠃
10. ᠨᠡᠭᠦᠳᠡᠯ ᠬᠡᠦᠬᠡᠳ ᠪᠠᠭᠠᠴᠤᠳ ᠤᠨ ᠰᠠᠭᠤᠭ᠎ᠠ ᠭᠠᠵᠠᠷ ᠲᠤ ᠪᠠᠨ ᠬᠠᠶᠢᠷ᠎ᠠ ᠬᠠᠯᠠᠮᠵᠢ ᠬᠦᠷᠲᠡᠬᠦ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠪᠠᠶᠢᠭᠤᠯᠵᠤ ᠂ ᠰᠢᠶᠠᠨ ᠤ ᠱᠠᠲᠤᠨ ᠤ ︵ᠬᠤᠲᠠ ᠶᠢᠨ ᠬᠠᠷᠢᠶ᠎ᠠ ᠲᠣᠭᠤᠷᠢᠭ ᠢ ᠪᠠᠭᠲᠠᠭᠠᠬᠤ ᠦᠭᠡᠢ ︶ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 7 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠶᠢᠨ 93% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︶᠃
11. ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ ︶ ᠤᠨ ᠭᠡᠷ ᠢ 50 ᠰᠢᠨ᠎ᠡ ᠪᠠᠷ ᠪᠠᠶᠢᠭᠤᠯᠵᠤ ᠂ ᠬᠢᠯᠢ ᠬᠢᠵᠠᠭᠠᠷ ᠂ ᠵᠠᠬ᠎ᠠ ᠬᠢᠵᠠᠭᠠᠷ ᠤᠨ ᠬᠤᠰᠢᠭᠤ ᠰᠢᠶᠠᠨ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︶᠃
12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ ᠥᠭᠡᠷᠡᠴᠢᠯᠡᠨ ᠰᠢᠨᠡᠳᠬᠡᠵᠦ ᠂ ᠣᠶᠤᠨ ᠤᠬᠠᠭᠠᠨ ᠂ ᠣᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ ᠤ ᠬᠥᠮᠥᠰ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ︶᠃
13. ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠲᠣᠬᠢᠷᠠᠬᠤ ᠨᠠᠰᠤᠨ ᠤ ᠡᠮᠡᠭᠲᠡᠶᠢᠴᠦᠳ ᠲᠤ ︽ᠬᠤᠶᠠᠷ ᠵᠦᠢᠯ ᠤᠨ ᠦᠮᠠᠨ ᠡᠪᠡᠳᠴᠢᠨ ︾ ᠢ ᠰᠢᠭᠰᠢᠪᠡᠰᠦ ᠵᠣᠬᠢᠬᠤ ᠪᠦᠬᠦᠨ ᠢ ᠨᠢ ᠰᠢᠭᠰᠢᠵᠦ ᠂ ᠪᠠᠶᠢᠴᠠᠭᠠᠪᠠᠰᠤ ᠵᠣᠬᠢᠬᠤ ᠪᠦᠬᠦᠨ ᠢ ᠨᠢ ᠪᠠᠶᠢᠴᠠᠭᠠᠨ ᠥᠭᠬᠦ ᠶᠢ ᠪᠡᠶᠡᠯᠡᠭᠦᠯᠦᠨ ᠂ ᠰᠠᠪᠠᠨ ᠬᠦᠵᠦᠭᠦᠨ ᠤ ᠦᠮᠡᠨ ᠤ 9 ᠸᠠᠯᠧᠨ᠋ᠲᠲᠦ ᠸᠠᠺᠼᠢᠨ ᠢ 100 ᠲᠦᠮᠡᠨ ᠬᠥᠮᠥᠨ ᠤ ᠬᠤᠪᠢ ᠰᠢᠨ᠎ᠡ ᠪᠠᠷ ᠨᠡᠮᠡᠭᠳᠡᠭᠦᠯᠵᠦ ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠸᠠᠺᠼᠢᠨ ᠲᠠᠷᠢᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ ᠂ ᠲᠠᠷᠢᠭᠤᠯᠬᠤ ᠬᠦᠰᠡᠯ ᠲᠠᠢ ᠪᠣᠯᠭᠠᠨ ᠳᠤ ᠲᠠᠷᠢᠵᠤ ᠥᠭᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶︔ ᠨᠥᠬᠦᠴᠡᠯ ᠳᠤ ᠨᠡᠶᠢᠴᠡᠭᠰᠡᠨ ᠣᠷᠣᠯᠭ᠎ᠠ ᠪᠠᠭᠠᠲᠠᠢ ᠭᠡᠷ ᠪᠦᠯᠢ ᠶᠢᠨ ︽ᠬᠤᠶᠠᠷ ᠵᠦᠢᠯ ᠤᠨ ᠦᠮᠠᠨ ᠡᠪᠡᠳᠴᠢᠨ ︾ ᠢᠶᠠᠷ ᠣᠨᠣᠰᠢᠯᠠᠭᠳᠠᠭᠰᠠᠨ ᠡᠮᠡᠭᠲᠡᠢ ᠪᠦᠷᠢ ᠳᠤ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ︶᠃
14. ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭᠠᠷ ᠤᠨ ᠬᠤᠰᠢᠭᠤ ᠬᠤᠲᠠ ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠴᠠᠭᠠᠨ ᠬᠠᠷᠠᠩ ᠲᠠᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠢ 3500 ᠭᠠᠷᠤᠢ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃
15. ᠬᠢᠯᠢ ᠬᠢᠵᠠᠭᠠᠷ ᠭᠠᠵᠠᠷ ᠣᠷᠣᠨ ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠳᠤ ᠰᠦᠢᠳᠬᠡᠯ ᠬᠤᠷᠢᠶᠠᠬᠤ ᠦᠭᠡᠢ ᠪᠠᠷ ᠡᠪᠦᠳᠦᠭ ᠰᠡᠭᠦᠵᠢ ᠶᠢᠨ ᠦᠶ᠎ᠡ ᠬᠠᠯᠠᠬᠤ ᠮᠡᠰᠡ ᠵᠠᠰᠠᠯ ᠢ 200 ᠭᠠᠷᠤᠢ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︶᠃
16. ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠰᠤᠪᠢᠯᠠᠯᠲᠠ ᠶᠢᠨ ᠦᠨᠡᠮᠯᠡᠯ ᠣᠯᠭᠤᠬᠤ ᠪᠣᠯᠪᠠᠰᠤᠷᠠᠯ ᠢ 6 ᠲᠦᠮᠡᠨ ᠬᠥᠮᠥᠨ ᠳᠤ ᠬᠦᠷᠲᠡᠭᠡᠵᠦ ᠂ ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ ᠢ 20 ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︶᠃
ᠭᠤᠷᠪᠠ ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠰᠢᠯᠢᠳᠡᠭᠵᠢᠭᠦᠯᠬᠦ ᠲᠠᠯ᠎ᠠ ᠪᠠᠷ ᠬᠢ 6 ᠵᠦᠢᠯ
17. ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠷᠭᠠᠭᠤᠯᠢ ᠶᠢᠨ ᠨᠡᠷᠡᠲᠦ ᠵᠠᠬᠢᠷᠤᠯ ᠤᠨ ᠠᠵᠢᠯᠯᠠᠬᠤ ᠲᠠᠰᠤᠭ ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠢ ᠲᠤᠰ ᠲᠤᠰ 30 ᠪᠠᠶᠢᠭᠤᠯᠵᠤ ᠂ ᠬᠤᠲᠠ ᠲᠣᠭᠤᠷᠢᠭ ᠤᠨ 1000 ᠭᠠᠷᠤᠢ ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︶᠃
18. ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4 ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠤᠨ ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶᠃
19. ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠲᠤᠷᠰᠢᠯᠲᠠ ᠶᠢᠨ ᠴᠡᠭ ᠪᠤᠯᠬᠤ 6 ᠠᠶᠢᠮᠠᠭ ᠬᠤᠲᠠ ᠶᠢᠨ ᠬᠤᠰᠢᠭᠤ ᠰᠢᠶᠠᠨ ︵ᠬᠤᠲᠠ ᠂ ᠲᠣᠭᠤᠷᠢᠭ ︶ ᠪᠦᠷᠢ ᠳᠤ ᠠᠳᠠᠭ ᠲᠤ ᠪᠠᠨ 1 ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠡᠪᠡᠳᠴᠢᠲᠡᠨ ᠤ ᠲᠣᠭᠤᠷᠢᠭ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶᠃
20. ︽ᠤᠯᠠᠭᠠᠨᠮᠥ᠋ᠴᠢᠷ ᠤᠨ ᠲᠣᠭᠯᠠᠯᠲᠠ ᠶᠢ ᠲᠦᠮᠡᠨ ᠲᠤᠰᠬᠤᠨ ᠳᠤ ᠬᠦᠷᠭᠡᠬᠦ ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠪᠠ ᠦᠨᠳᠦᠰᠦᠨ ᠱᠠᠲᠤᠨ ᠤ ᠦᠢᠯᠡᠴᠢᠯᠡᠭᠡᠨ ᠢ ᠲᠦᠮᠡ ᠭᠠᠷᠤᠢ ᠲᠠᠯᠠᠪᠤᠷ ᠤᠳᠠᠭ᠎ᠠ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︶᠃
21. ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ ︾ ᠢᠵᠢ ᠦᠢᠯᠡᠴᠢᠯᠡᠭᠡ ᠶᠢ 13 ᠨᠡᠶᠢᠲᠡᠯᠡᠵᠦ ᠂ ᠬᠠᠯᠠᠮᠰᠢᠯ ᠤᠲᠠᠰᠤ 12345 ᠪᠠᠷ ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 150 ᠰᠢᠨ᠎ᠡ ᠪᠠᠷ ᠨᠡᠮᠡᠭᠳᠡᠭᠦᠯᠵᠦ ᠂ ᠬᠡᠪ ᠳᠠᠭᠤᠷᠢᠶᠠᠯ ᠪᠣᠯᠬᠤᠶᠢᠴᠠ ᠦᠨᠳᠦᠰᠦᠨ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ ︶ ᠢ 24 ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠥᠷᠲᠡᠭᠡ ᠶᠢ 10 ᠴᠣᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶᠃
22. ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 100 ᠪᠠ ︽ᠨᠢᠭᠡ ᠥᠷᠲᠡᠭᠡᠴᠢᠯᠡᠭᠰᠡᠨ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ 100 ᠴᠣᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︶᠃
ᠳᠥᠷᠪᠡ ᠂ ᠣᠯᠠᠨ ᠲᠦᠮᠡᠨ ᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠬᠢ 11 ᠵᠦᠢ᠊ᠯ
23. ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ ᠂ ᠢᠯᠴᠢ ᠬᠠᠩᠭᠠᠬᠤ ᠬᠤᠭᠤᠯᠠᠢ ᠭᠤᠤᠷᠰᠤ ᠶᠢ 420 ᠺᠢᠯᠣᠮᠧᠲᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶︔ ᠲᠠᠷᠢᠶᠠᠴᠢᠨ ᠮᠠᠯᠴᠢᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ 320 ᠲᠦᠮᠡ ᠭᠠᠷᠤᠢ ᠲᠣᠨ ᠨᠠᠶᠢᠳᠠᠪᠤᠷᠢᠵᠢᠭᠤᠯᠤᠨ ᠂ ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠳᠤ ᠬᠠᠩᠭᠠᠯᠭ᠎ᠠ ᠶᠢ ᠪᠠᠲᠤᠯᠠᠬᠤ ᠳᠤ ᠬᠡᠷᠡᠭᠯᠡᠬᠦ ᠨᠡᠭᠦᠷᠡᠰᠦ ᠶᠢ 1600 ᠲᠦᠮᠡ ᠭᠠᠷᠤᠢ ᠲᠣᠨ ᠨᠠᠶᠢᠳᠠᠪᠤᠷᠢᠵᠢᠭᠤᠯᠵᠤ ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ ︶᠃
24. ᠤᠰᠤ ᠬᠠᠩᠭᠠᠵᠤ ᠭᠠᠳᠠᠭᠰᠢᠯᠠᠭᠤᠯᠬᠤ ᠬᠠᠭᠤᠴᠢᠨ ᠬᠤᠭᠤᠯᠠᠢ ᠭᠤᠤᠷᠰᠤ ᠶᠢ 870 ᠺᠢᠯᠣᠮᠧᠲᠷ ᠂ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢ 210 ᠺᠢᠯᠣᠮᠧᠲᠷ ᠥᠭᠡᠷᠡᠴᠢᠯᠡᠨ ᠰᠢᠨᠡᠳᠬᠡᠵᠦ ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ 3 ᠲᠦᠮᠡ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶᠃
25. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185 ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶᠃
26. ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠪᠠᠶᠢᠭᠤᠯᠵᠤ ᠂ 2 ᠲᠦᠮᠡᠨ ᠡᠷᠦᠭᠡ ᠬᠤᠲᠠ ᠪᠠᠯᠭᠠᠰᠤᠨ ᠤ ᠪᠠᠲᠤᠯᠠᠭ᠎ᠠ ᠶᠢᠨ ᠣᠷᠣᠨ ᠰᠠᠭᠤᠴᠠᠲᠤ ᠭᠡᠷ ᠪᠦᠯᠢ ᠳᠤ ᠲᠦᠷᠢᠶᠡᠰᠦᠨ ᠨᠡᠮᠡᠭᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶᠃
27. ᠪᠡᠶ᠎ᠡ ᠶᠢᠨ ᠲᠠᠮᠢᠷ ᠤᠨ ᠴᠡᠴᠡᠷᠯᠢᠭ ᠢ 20 ᠂ ᠣᠯᠠᠨ ᠲᠦᠮᠡᠨ ᠤ ᠲᠡᠰᠢᠯᠲᠡ ᠶᠢᠨ ᠲᠠᠯᠠᠪᠤᠷ ᠢ 28 ᠂ ︽ᠫᠢᠩᠫᠠᠩ ᠪᠥᠮᠪᠦᠭᠡ ᠶᠢ ᠰᠠᠭᠤᠭᠠᠯᠢ ᠲᠣᠭᠤᠷᠢᠭ ᠲᠤ ᠣᠷᠣᠭᠤᠯᠬᠤ ︾ ᠲᠥᠷᠥᠯ ᠵᠦᠢᠯ ᠢ 150 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ︶᠃
28. 1000 ᠭᠠᠷᠤᠢ ᠬᠥᠮᠥᠨ ᠠᠮᠠ ᠲᠠᠢ 100 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ︶︔ 400 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠂ 3000 ᠭᠠᠷᠤᠢ ᠬᠥᠮᠥᠨ ᠠᠮᠠ ᠲᠠᠢ 10 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ︶᠃
29. ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 270 ᠂ ᠲᠠᠷᠠᠬᠠᠢ ᠮᠠᠶ᠋ᠢᠭ ᠤᠨ ᠤᠰᠤ ᠬᠠᠩᠭᠠᠬᠤ ᠢᠨᠵᠧᠨᠧᠷᠢᠩ ᠢ 900 ᠰᠢᠨ᠎ᠡ ᠪᠠᠷ ᠪᠠᠶᠢᠭᠤᠯᠬᠤ ᠪᠠ ᠰᠢᠨᠡᠳᠬᠡᠨ ᠰᠠᠶᠢᠵᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︶᠃
30. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶᠃
31. ᠲᠤᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ︶᠃
32. ᠪᠦᠢᠳᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠦᠢᠳᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ ᠂ ᠬᠢᠯᠢ ᠶᠢᠨ ᠬᠠᠮᠠᠭᠠᠯᠠᠯᠲᠠ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ ︔ 650 ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠠᠩᠭᠠᠬᠤ ᠪᠡᠯᠡᠳᠬᠡᠮᠵᠢ ᠂ 2 ᠲᠦᠮᠡᠨ ᠴᠠᠬᠢᠯᠭᠠᠨ ᠴᠡᠨᠡᠭᠯᠡᠬᠦ ᠱᠣᠩ ︵ᠥᠷᠲᠡᠭᠡ ︶ ᠢ ᠢᠵᠢ ᠪᠦᠷᠢᠳᠦᠭᠦᠯᠦᠨ ᠴᠠᠬᠢᠯᠭᠠᠨ ᠲᠣᠣᠷ ᠲᠤ ᠵᠠᠯᠭᠠᠭᠤᠯᠵᠤ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ︶᠃
33. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠡᠬᠢᠯᠡᠭᠦᠯᠦᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︶᠃
ᠳᠠᠭᠠᠯᠳᠤᠭᠤᠯᠤᠯ 2
︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ
︽ᠨᠢᠭᠡ ᠲᠥᠯᠦᠪᠵᠢᠭᠦᠯᠭᠡ ᠭᠤᠷᠪᠠᠨ ᠲᠥᠰᠥᠯ ︾᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠤᠮᠠᠷᠠᠲᠤ ᠶᠢᠨ ᠭᠤᠷᠪᠠᠨ ᠣᠷᠣᠨ ﹀ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ︵2021 – 2030 ᠣᠨ ︶︾ ᠪᠠ ︽ᠬᠠᠲᠤᠨ ᠭᠤᠣᠯ ᠤᠨ ︿ᠶᠡᠭᠡ ᠲᠣᠬᠤᠢ ﹀ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021 – 2030 ᠣᠨ ︶︾᠂ ︽ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021 – 2030 ᠣᠨ ︶︾᠂ ︽ᠡᠾᠧᠰᠢ ᠶᠢᠨ ᠬᠤᠩᠭᠢᠯ – ᠲᠠᠺᠯᠢᠮᠠᠺᠠᠨ ᠡᠯᠡᠰᠦᠨ ᠴᠦᠯ ᠤᠨ ᠬᠥᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ ︵2021 – 2030 ᠣᠨ ︶︾ ᠢ ᠵᠢᠭᠠᠵᠤ ᠪᠤᠢ ᠃
ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠵᠤ ᠨᠡᠭᠡᠭᠡᠬᠦ ᠂ ᠬᠥᠷᠥᠩᠭᠡ ᠶᠢ ᠭᠦᠢᠯᠭᠡᠭᠡᠨ ᠠᠵᠢᠯᠯᠠᠭᠤᠯᠬᠤ ᠂ ᠲᠥᠷᠥᠯ ᠵᠦᠢᠯ ᠢ ᠨᠡᠪᠴᠢᠭᠦᠯᠬᠦ ᠂ ᠦᠷ᠎ᠡ ᠪᠦᠲᠦᠭᠡᠯ ᠢ ᠤᠯᠠᠷᠢᠭᠤᠯᠬᠤ ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ ᠬᠤᠷᠠᠭᠤᠯᠤᠭᠰᠠᠨ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠠᠪᠴᠠᠩ ︵www.mengkeju.com ︶ ᠢ ᠵᠢᠭᠠᠵᠤ ᠪᠤᠢ ᠃
︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ ︾᠄ ᠦᠶᠡᠷ ᠢ ᠰᠠᠭᠠᠳ ᠦᠭᠡᠢ ᠵᠠᠯᠠᠬᠤ ᠶᠢᠨ ᠠᠮᠤᠷ ᠲᠦᠪᠰᠢᠨ ᠢ ᠰᠦᠷᠳᠡᠭᠦᠯᠦᠭᠰᠡᠨ ᠂ ᠭᠤᠣᠯ ᠮᠥᠷᠡᠨ ᠨᠠᠭᠤᠷ ᠴᠥᠬᠦᠷᠤᠮ ᠤᠨ ᠬᠡᠪ ᠤᠨ ᠪᠠᠶᠢᠳᠠᠯ ᠢ ᠠᠯᠳᠠᠭᠳᠠᠭᠤᠯᠤᠭᠰᠠᠨ ᠳᠤᠷ᠎ᠠ ᠪᠠᠷ ᠡᠵᠡᠯᠡᠬᠦ ᠂ ᠳᠤᠷ᠎ᠠ ᠪᠠᠷ ᠮᠠᠯᠲᠠᠬᠤ ᠂ ᠳᠤᠷ᠎ᠠ ᠪᠠᠷ ᠣᠪᠣᠭᠠᠯᠠᠬᠤ ᠂ ᠳᠤᠷ᠎ᠠ ᠪᠠᠷ ᠪᠠᠶᠢᠭᠤᠯᠬᠤ ᠦᠵᠡᠭᠳᠡᠯ ᠢ ᠴᠡᠭᠴᠡᠯᠡᠨ ᠵᠠᠰᠠᠵᠤ ᠴᠡᠪᠡᠷᠯᠡᠬᠦ ᠶᠢ ᠵᠢᠭᠠᠵᠤ ᠪᠤᠢ ᠃
︽ᠵᠢᠭᠤᠯᠴᠢᠯᠠᠯ ᠤᠨ ᠳᠥᠷᠪᠡᠨ ᠭᠠᠵᠠᠷ ︾᠄ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠢ ᠴᠣᠭᠴᠠᠯᠠᠬᠤ ᠶᠢ ᠵᠢᠭᠠᠵᠤ ᠪᠤᠢ ᠃
ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ︾᠄ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠠᠵᠤ ᠦᠢᠯᠡᠰ ᠤᠨ ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠵᠢᠭᠠᠵᠤ ᠪᠤᠢ ᠃
︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠲᠣᠭᠲᠠᠴᠠ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠤᠯᠤᠰ ᠲᠦᠷᠦ ᠶᠢᠨ ᠵᠥᠪᠯᠡᠯᠭᠡᠨ ᠪᠠ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠪᠴᠠᠩ ᠪᠠᠶᠢᠭᠤᠯᠵᠤ ᠂ ᠠᠷᠠᠳ ᠤᠨ ᠲᠥᠯᠥᠭᠡᠯᠡᠭᠴᠢ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠳᠤ ᠣᠷᠣᠯᠴᠠᠭᠤᠯᠬᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠤᠢ ᠃
ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ ︾᠄ ᠢᠳᠡᠭᠡᠨ ᠦᠢᠯᠡᠳᠪᠦᠷᠢᠯᠡᠬᠦ ᠭᠤᠭᠴᠣᠭᠠᠨ ᠳᠠᠬᠢ ᠢᠳᠡᠭᠡᠨ ᠤ ᠨᠡᠮᠡᠯᠲᠡ ᠡᠳ᠋ ᠢ ᠬᠡᠪᠴᠢᠶᠡᠨ ᠠᠴᠠ ᠬᠡᠲᠦᠷᠡᠭᠦᠯᠬᠦ ᠂ ᠬᠢᠵᠠᠭᠠᠷᠯᠠᠬᠤ ᠬᠡᠮᠵᠢᠶᠡᠨ ᠠᠴᠠ ᠬᠡᠲᠦᠷᠡᠭᠦᠯᠬᠦ ᠪᠠ ᠢᠳᠡᠭᠡᠨ ᠤ ᠵᠦᠢᠯ ᠳᠤ ᠦᠯᠦ ᠬᠡᠷᠡᠭᠯᠡᠬᠦ ᠪᠣᠳᠠᠰ ᠢ ᠬᠠᠤᠯᠢ ᠪᠤᠰᠤ ᠪᠠᠷ ᠨᠡᠮᠡᠬᠦ ᠶᠢ ᠵᠢᠭᠠᠵᠤ ᠪᠤᠢ ᠃
︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠬᠡᠬᠦ ︾᠄ ᠠᠵᠢᠯ ᠲᠥᠷᠥᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ ᠶᠢ ᠵᠢᠭᠠᠵᠤ ᠪᠤᠢ ᠃
ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠬᠢ ᠶᠢᠨ ᠰᠣᠷᠪᠣᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠢ ᠵᠢᠭᠠᠵᠤ ᠪᠤᠢ ᠃
︽ᠲᠤᠯᠤᠭ᠎ᠠ ᠶᠢ ᠲᠠᠶᠠᠭᠳᠠᠬᠤ ︾᠄ ︽ᠪᠢ ᠪᠤᠰᠤᠳ ᠢ ᠬᠦᠷᠬᠦ ᠦᠭᠡᠢ ︾ ᠬᠡᠮᠡᠬᠦ ᠰᠡᠳᠬᠢᠯ ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ ︾ ᠬᠡᠮᠡᠬᠦ ᠪᠤᠳᠤᠯ ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠦᠭᠡᠢ ︾ ᠤᠬᠠᠮᠰᠠᠷ ᠂ ︽ᠵᠣᠷ ᠦᠭᠡᠢ ᠪᠣᠯ ᠡᠮ ᠥᠭᠬᠦ ᠵᠣᠷᠢᠭ ᠦᠭᠡᠢ ︾ ᠬᠢᠳᠡᠯ ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠤᠯᠡ ᠶᠢ ᠬᠠᠷᠠᠬᠤ ᠦᠭᠡᠢ ︾ ᠰᠡᠳᠬᠢᠬᠦᠢ ᠂ ︽ᠨᠠᠷᠢᠯᠢᠭ ᠵᠦᠢᠯ ᠢ ᠠᠩᠬᠠᠷᠬᠤ ᠦᠭᠡᠢ ᠪᠠᠷᠤᠭ ᠲᠥᠯᠥᠪ ᠢᠶᠠᠷ ᠨᠢ ᠪᠤᠯᠭᠠᠬᠤ ︾ ᠰᠡᠳᠬᠢᠴᠡ ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ ︾ ᠦᠵᠡᠯᠲᠡ ᠶᠢ ᠵᠢᠭᠠᠵᠤ ᠪᠤᠢ ᠃
︽ᠵᠢᠷᠭᠤᠭᠠᠨ ᠢᠨᠵᠧᠨᠧᠷᠢᠩ ︾᠄ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠢᠨᠵᠧᠨᠧᠷᠢᠩ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠤᠢ ᠃
ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ 4 ᠰᠠᠭᠤᠷᠢᠨ ᠭᠠᠵᠠᠷ ᠄ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠳᠤᠮᠳᠠ ᠬᠤᠶᠢᠲᠤ ᠬᠡᠰᠡᠭ ᠂ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠡᠮᠦᠨ᠎ᠡ ᠬᠡᠰᠡᠭ ᠂ ᠲᠡᠭᠷᠢ ᠡᠯᠡᠰᠦᠨ ᠴᠦᠯ ᠤᠨ ᠵᠡᠭᠦᠨ ᠡᠮᠦᠨᠡᠲᠦ ᠬᠡᠰᠡᠭ ᠂ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠬᠢ ᠶᠢᠨ ᠰᠠᠭᠤᠷᠢᠨ ᠢ ᠵᠢᠭᠠᠵᠤ ᠪᠤᠢ ᠃
︽ᠭᠤᠷᠪᠠᠨ ᠶᠡᠭᠡ ᠳᠠᠪᠠᠭᠤᠯᠢᠭ ︾᠄ ᠡᠨᠧᠷᠬᠢ ᠶᠢᠨ ᠠᠵᠤ ᠦᠢᠯᠡᠰ ᠤᠨ ᠳᠠᠪᠠᠭᠤᠯᠢᠭ ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠵᠢᠭᠠᠵᠤ ᠪᠤᠢ ᠃
︽ᠲᠢᠶᠠᠨ ᠵᠢᠶᠦ᠋ᠨ ᠲᠥᠯᠥᠪᠯᠡᠭᠡ ︾᠄ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠳᠤ ᠦᠢᠯᠡᠴᠢᠯᠡᠬᠦ ᠲᠥᠯᠥᠪᠯᠡᠭᠡ ᠪᠣᠯᠣᠨ᠎ᠠ ᠂ ᠰᠲ᠋ᠣᠺ ᠤᠨ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠳ ᠢ ᠬᠥᠳᠡᠯᠦᠩᠭᠦᠢ ᠪᠠᠷ ᠠᠭᠤᠳᠠᠯᠤᠨ ᠰᠢᠭᠰᠢᠬᠦ ᠪᠠᠷ ᠳᠠᠮᠵᠢᠵᠤ ᠂ ︽ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠬᠢᠬᠦ ᠂ ᠵᠠᠰᠠᠭ ᠤᠨ ᠣᠷᠳᠣᠨ ᠠᠴᠠ ᠠᠬᠢᠭᠤᠯᠬᠤ ᠂ ᠪᠠᠶᠢᠭᠤᠯᠤᠮᠵᠢ ᠠᠴᠠ ᠳᠠᠶᠢᠴᠢᠯᠠᠬᠤ ᠂ ᠨᠡᠶᠢᠭᠡᠮ ᠤᠨ ᠬᠢᠨ ᠬᠤᠯᠪᠤᠭᠠᠯᠠᠨ ᠬᠥᠳᠡᠯᠦᠯᠴᠡᠬᠦ ︾ ᠲᠣᠭᠲᠠᠴᠠ ᠶᠢ ᠬᠡᠷᠡᠭᠵᠢᠭᠦᠯᠵᠦ ᠂ ︽ᠨᠢᠭᠡ ᠪᠦᠯᠦᠭ ᠢ ᠨᠢ ᠪᠣᠶᠢᠵᠢᠭᠤᠯᠬᠤ ᠂ ᠨᠢᠭᠡ ᠪᠦᠯᠦᠭ ᠢ ᠨᠢ ᠬᠠᠪᠰᠤᠷᠤᠨ ᠵᠢᠯᠤᠭᠤᠳᠬᠤ ᠂ ᠨᠢᠭᠡ ᠪᠦᠯᠦᠭ ᠢ ᠨᠢ ᠭᠤᠶᠤᠴᠢᠯᠠᠨ ᠮᠡᠳᠡᠭᠦᠯᠬᠦ ᠂ ᠨᠢᠭᠡ ᠪᠦᠯᠦᠭ ᠢ ᠨᠢ ᠵᠠᠬ᠎ᠠ ᠳᠤ ᠭᠠᠷᠭᠠᠬᠤ ︾ ᠱᠠᠲᠤᠯᠢᠭ ᠬᠡᠯᠪᠡᠷᠢ ᠶᠢ ᠪᠣᠢ ᠪᠣᠯᠭᠠᠨ ᠂ ︽ᠰᠠᠶᠢᠨ ᠠᠵᠤ ᠠᠬᠤᠶᠢᠯᠠᠯ ᠢ ᠴᠣᠭᠴᠠᠯᠠᠬᠤ ᠂ ᠰᠠᠶᠢᠨ ᠠᠵᠤ ᠠᠬᠤᠶᠢᠯᠠᠯ ᠢ ᠰᠣᠩᠭᠤᠬᠤ ᠂ ᠰᠠᠶᠢᠨ ᠠᠵᠤ ᠠᠬᠤᠶᠢᠯᠠᠯ ᠢ ᠪᠣᠶᠢᠵᠢᠭᠤᠯᠬᠤ ᠂ ᠰᠠᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︾ ᠪᠠᠶᠢᠷᠢᠰᠢᠯ ᠢ ᠴᠣᠭᠴᠠᠯᠠᠬᠤ ᠶᠢ ᠵᠢᠭᠠᠵᠤ ᠪᠤᠢ ᠃
︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ ︾᠄ ᠦᠦᠰᠢᠨ ᠬᠤᠰᠢᠭᠤᠨ ᠤ ᠡᠭᠦᠳᠦᠭᠰᠡᠨ ᠦᠨᠳᠦᠰᠦᠨ ᠱᠠᠲᠤᠨ ᠤ ᠵᠠᠰᠠᠯᠲᠠ ᠶᠢ ᠲᠡᠭᠦᠯᠳᠡᠷᠵᠢᠭᠦᠯᠬᠦ ᠲᠤᠷᠰᠢᠯᠭ᠎ᠠ ᠶᠢᠨ ᠠᠷᠭ᠎ᠠ ᠬᠢᠳᠡᠯ ᠪᠣᠯᠣᠨ᠎ᠠ ᠂ ︽ᠭᠤᠷᠪᠠᠨ ᠲᠦᠷᠦᠯ ᠬᠤᠪᠢᠶᠠᠬᠤ ︾ ᠭᠡᠳᠡᠭ ᠨᠢ ᠪᠠᠭ᠎ᠠ ᠵᠥᠷᠢᠴᠡᠯ ᠵᠢᠭᠤᠷᠠᠯᠳᠤᠭᠠᠨ ᠢ ᠮᠡᠳᠡᠭᠰᠡᠨ ᠳᠠᠷᠤᠢ ᠳᠤ ᠨᠢ ᠡᠶᠡᠳᠡᠭᠦᠯᠬᠦ ᠂ ᠪᠤᠳᠤᠯᠢᠶᠠᠨ ᠲᠠᠢ ᠵᠦᠢᠯᠡᠰ ᠢ ᠲᠦᠷᠦᠯ ᠬᠤᠪᠢᠶᠠᠨ ᠡᠶᠡᠳᠡᠭᠦᠯᠬᠦ ᠂ ᠶᠠᠷᠰᠢᠭ ᠲᠦᠪᠡᠭᠲᠡᠢ ᠬᠡᠷᠡᠭ ᠢ ᠬᠠᠮᠲᠤᠷᠠᠨ ᠬᠠᠮᠢᠶᠠᠷᠴᠤ ᠡᠶᠡᠳᠡᠭᠦᠯᠬᠦ ᠶᠢ ᠵᠢᠭᠠᠵᠤ ᠪᠣᠢ ︔ ︽ᠡᠶᠡᠳᠡᠭᠦᠯᠦᠨ ᠰᠢᠢᠳᠪᠦᠷᠢᠯᠡᠬᠦ ︾ ᠭᠡᠳᠡᠭ ᠨᠢ ᠵᠠᠬᠢᠳᠠᠯ ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ ᠢ ᠲᠤᠬᠠᠢ ᠶᠢᠨ ᠭᠠᠵᠠᠷ ᠲᠤ ᠨᠢ ᠡᠶᠡᠳᠡᠭᠦᠯᠦᠨ ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤ ᠨᠢ ᠠᠷᠢᠯᠭᠠᠨ ᠰᠢᠢᠳᠪᠦᠷᠢᠯᠡᠵᠦ ᠂ ᠣᠯᠠᠨ ᠲᠦᠮᠡᠨ ᠢ ᠱᠠᠲᠤ ᠳᠠᠪᠠᠭᠤᠯᠤᠨ ᠰᠤᠷᠪᠤᠯᠵᠢᠯᠠᠯ ᠬᠢᠯᠭᠡᠬᠦ ᠦᠭᠡᠢ ᠂ ᠠᠰᠠᠭᠤᠳᠠᠯ ᠢ ᠬᠤᠰᠢᠭᠤᠨ ᠤ ᠬᠡᠪᠴᠢᠶ᠎ᠡ ᠠᠴᠠ ᠭᠠᠷᠭᠠᠬᠤ ᠦᠭᠡᠢ ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠣᠯᠭᠠᠬᠤ ᠶᠢ ᠵᠢᠭᠠᠵᠤ ᠪᠣᠢ ᠃
︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ ︾᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠭᠰᠡᠨ ᠶᠤᠮ ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ ᠃
︽ᠳᠤᠯᠤᠭᠠᠨ ᠲᠠᠯ᠎ᠠ ᠪᠠᠷ ᠵᠢᠱᠢᠶᠡᠴᠢ ᠪᠣᠯᠬᠤ ︾᠄ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠬᠤ ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠲᠠᠯ᠎ᠠ ᠪᠠᠷ ᠵᠢᠱᠢᠶᠡᠴᠢ ᠪᠣᠯᠬᠤ ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠬᠤ ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠤᠭᠠᠯᠠᠨ ᠨᠡᠪᠲᠡᠷᠡᠯᠴᠡᠭᠦᠯᠬᠦ ᠲᠠᠯ᠎ᠠ ᠪᠠᠷ ᠵᠢᠱᠢᠶᠡᠴᠢ ᠪᠣᠯᠬᠤ ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ ᠃