ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠬᠢᠯᠡᠪᠡ  ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/3/1


      2 ᠰᠠᠷ᠎ᠠ ᠶᠢᠨ 29 ᠤ ᠡᠳᠦᠷ ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠵᠠᠬᠢᠷᠤᠯ ︵ ᠵᠠᠬᠢᠷᠤᠯ ︶ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ ᠃


1.jpg

 

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ ᠃

2.jpg


      ᠰᠦᠨ ᠱᠤᠤ ᠴᠧᠩ ᠂ ᠶᠡᠷᠦᠩᠬᠡᠢ ᠱᠦᠵᠢ ᠰᠢ  ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠰᠣᠳᠣ ᠮᠡᠷᠭᠡᠨ ᠂ ᠦᠵᠡᠯ ᠰᠠᠨᠠᠭ᠎ᠠ ᠭᠦᠨ ᠭᠦᠨᠵᠡᠭᠡᠢ ᠂ ᠥᠷᠭᠡᠨ ᠳᠡᠯᠭᠡᠷ ᠭᠦᠨ ᠴᠢᠬᠢᠮᠡᠢ ᠪᠠᠶᠢᠵᠤ ᠂ ᠪᠢᠳᠡᠨ ᠤ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠭᠢᠯᠪᠠᠷ ᠪᠤᠰᠤ ᠪᠠᠷ ᠢᠷᠡᠭᠰᠡᠨ ᠶᠤᠮ ᠂ ᠤᠷᠢᠳᠤ ᠡᠮᠦᠨ᠎ᠡ ᠪᠠᠶᠢᠭ᠎ᠠ ᠦᠭᠡᠢ ᠰᠢᠨ᠎ᠡ ᠶᠢ ᠡᠭᠦᠳᠦᠭᠰᠡᠨ ᠵᠠᠮ ᠪᠣᠯᠣᠨ᠎ᠠ ᠂ ᠡᠨᠡ ᠨᠢ ᠮᠠᠨᠤᠰ ᠲᠤ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠪᠠ ᠃ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠶᠡᠷᠦᠩᠬᠡᠢ ᠱᠦᠵᠢ ᠰᠢ  ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠳᠤ ᠪᠠᠶᠢᠨ᠎ᠠ ᠃ ᠪᠢᠳᠡ ᠵᠠᠮ ᠤᠨ ᠢᠲᠡᠭᠡᠯ ᠢᠶᠠᠨ ᠴᠢᠩᠭᠠᠳᠬᠠᠵᠤ ᠂ ︽ ᠨᠠᠢᠮᠠᠨ ᠪᠠᠷᠢᠮᠲᠠᠯᠠᠯ ︾ ᠤᠨ ᠰᠦᠭ ᠰᠦᠨᠡᠰᠦ ᠪᠠ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ ᠂ ᠲᠡᠭᠦᠨ ᠤ ᠳᠤᠮᠳᠠ ᠠᠴᠠ ᠵᠢᠮ᠎ᠡ ᠶᠣᠰᠣ ᠶᠢ ᠣᠶᠢᠯᠠᠭᠠᠬᠤ ᠂ ᠴᠢᠭᠯᠡᠯ ᠢ ᠮᠡᠳᠡᠬᠦ ᠂ ᠠᠷᠭ᠎ᠠ ᠶᠢ ᠰᠤᠷᠤᠯᠴᠠᠬᠤ ᠂ ᠤᠶᠤᠨ ᠤᠬᠠᠭᠠᠨ ᠢ ᠨᠡᠮᠡᠭᠳᠡᠭᠦᠯᠬᠦ ᠪᠠᠷ ᠴᠢᠷᠮᠠᠶᠢᠵᠤ ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠡᠷᠡᠰ ᠪᠠᠲᠤ ᠢᠳᠡᠭᠡᠨ ᠪᠢᠰᠢᠷᠡᠭᠴᠢ ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠤᠨ ᠠᠮᠵᠢᠯᠲᠠ ᠶᠢ ᠪᠣᠯ ᠶᠡᠷᠦᠩᠬᠡᠢ ᠱᠦᠵᠢ ᠰᠢ  ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ ᠣᠯᠣᠭᠰᠠᠨ ᠶᠤᠮ ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠦᠢᠯᠡᠰ ᠢ ᠰᠠᠶᠢᠲᠤᠷ ᠬᠢᠬᠦ ᠳᠤ ᠂ ᠡᠷᠬᠡᠪᠰᠢ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ ᠃ ᠥᠪᠥᠷ ᠮᠣᠩᠭᠤᠯ ᠳᠤ ᠠᠪᠴᠤ ᠬᠡᠯᠡᠪᠡᠯ ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠂ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ︽ ᠲᠠᠪᠤᠨ ᠶᠡᠭᠡ ᠡᠭᠦᠷᠭᠡ ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯ ᠴᠢᠬᠤᠯᠠ ᠶᠤᠮ ᠃ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠥᠷᠭᠡᠳᠬᠡᠵᠦ ᠂ ᠪᠡᠯᠡ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ ᠂ ᠵᠦᠢ ᠵᠣᠬᠢᠰᠲᠠᠢ ᠪᠠᠷ ᠠᠰᠢᠭ ᠣᠯᠭᠤᠬᠤ ᠶᠢ ᠠᠬᠢᠭᠤᠯᠵᠤ ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠵᠦ ᠂ ︽ ᠲᠠᠪᠤᠨ ᠶᠡᠭᠡ ᠡᠭᠦᠷᠭᠡ ︾ ᠶᠢ ᠪᠡᠶᠡᠯᠡᠭᠦᠯᠬᠦ ᠳᠤ ᠭᠦᠢᠴᠡᠳ ᠡᠬᠢ ᠡᠭᠦᠰᠦᠯ ᠠᠮᠢᠵᠢᠷᠠᠯ ᠤᠨ ᠬᠦᠴᠦᠨ ᠬᠠᠩᠭᠠᠬᠤ ᠬᠡᠷᠡᠭᠲᠡᠢ ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ︽ ᠵᠢᠷᠭᠤᠭᠠᠨ ᠢᠨᠵᠧᠨᠧᠷᠢᠩ ︾ ᠢ ᠭᠤᠣᠯᠳᠠᠯᠭ᠎ᠠ ᠲᠠᠢ ᠪᠠᠶᠢᠷᠢᠯᠠᠭᠤᠯᠵᠤ ᠂ ᠢᠨᠵᠧᠨᠧᠷᠢᠩ ᠨᠢᠭᠡ ᠪᠦᠷᠢ ᠨᠢ ᠴᠥᠮ ᠮᠥᠩᠭᠦᠨ ᠭᠦᠢᠯᠭᠡᠭᠡᠨ ᠲᠠᠢ ᠨᠢᠭᠲᠠ ᠬᠤᠯᠪᠤᠭ᠎ᠠ ᠲᠠᠢ ᠪᠠᠶᠢᠵᠤ ᠂ ︽ ᠵᠢᠷᠭᠤᠭᠠᠨ ᠢᠨᠵᠧᠨᠧᠷᠢᠩ ︾ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠩᠭᠠᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠣᠯ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠮᠥᠨ ᠂ ᠦᠨᠳᠦᠰᠦ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤ ᠪᠠᠶᠢᠨ᠎ᠠ ᠂ ᠵᠠᠩᠭᠢᠯᠠᠭ᠎ᠠ ᠨᠢ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠬᠦ ᠳᠤ ᠪᠠᠶᠢᠨ᠎ᠠ ᠃ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠂ ᠣᠷᠣᠨ ᠨᠤᠲᠤᠭ ᠤᠨ ᠥᠷᠢ ᠥᠭᠴᠡᠭᠡ ᠂ ᠭᠡᠷ ᠭᠠᠵᠠᠷ ᠤᠨ ᠬᠥᠷᠥᠩᠭᠡ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠤᠶᠠᠷ ᠲᠠᠯ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠨᠢᠭᠡ ᠲᠠᠯ᠎ᠠ ᠪᠠᠷ ᠠᠶᠤᠯ ᠲᠦᠭᠰᠢᠭᠦᠷᠢ ᠶᠢ ᠰᠢᠢᠳᠪᠦᠷᠢᠯᠡᠬᠦ ᠶᠢ ᠠᠳᠬᠤᠵᠤ ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠠᠳᠬᠤᠬᠤ ᠬᠡᠷᠡᠭᠲᠡᠢ ᠃ ᠠᠶᠤᠯ ᠲᠦᠭᠰᠢᠭᠦᠷᠢ ᠶᠢ ᠰᠢᠢᠳᠪᠦᠷᠢᠯᠡᠬᠦ ᠳᠤ ᠴᠢᠩᠭ᠎ᠠ ᠠᠷᠭ᠎ᠠ ᠬᠡᠮᠵᠢᠶ᠎ᠡ ᠠᠪᠴᠤ ᠂ ᠵᠣᠷᠢᠭᠲᠠᠢ ᠪᠠᠷ ᠴᠢᠩᠭ᠎ᠠ ᠴᠣᠬᠢᠯᠲᠠ ᠥᠭᠴᠦ ᠂ ᠲᠣᠭᠲᠠᠴᠠ ᠶᠢᠨ ᠪᠠᠶᠢᠭᠤᠯᠤᠯᠲᠠ ᠳᠤ ᠴᠤ ᠦᠨᠳᠦᠰᠦᠨ ᠠᠴᠠ ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ ᠂ ︽ ᠰᠡᠷᠭᠡᠶᠢᠯᠡᠯᠲᠡ ᠶᠢᠨ ᠬᠡᠷᠡᠮ ︾ ᠢ ᠪᠠᠲᠤ ᠴᠣᠭᠴᠠᠯᠠᠵᠤ ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠣᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠬᠦ ᠬᠡᠷᠡᠭᠲᠡᠢ ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠦᠨᠳᠦᠰᠦ ᠪᠠ ᠰᠦᠭ ᠰᠦᠨᠡᠰᠦ ᠮᠥᠨ ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠂ ᠤᠮᠠᠷᠠᠲᠤ ᠬᠢᠯᠢ ᠶᠢᠨ ᠰᠣᠶᠣᠯ ᠢ ᠪᠠᠶᠢᠭᠤᠯᠵᠤ ᠂ ᠮᠥᠩᠭᠦᠨ ᠭᠦᠢᠯᠭᠡᠭᠡᠨ ᠤ ᠰᠢᠰᠲ᠋ᠧᠮ ᠳᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠶᠡᠭᠡ ᠪᠠᠷ ᠪᠣᠶᠢᠵᠢᠭᠤᠯᠤᠨ ᠪᠠᠳᠠᠷᠠᠭᠤᠯᠵᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠢᠯ ᠡᠷᠬᠢᠯᠡᠭᠰᠡᠳ ᠤᠨ ︽ ᠲᠠᠪᠤᠨ ᠬᠡᠷᠡᠭᠲᠡᠢ ᠲᠠᠪᠤᠨ ᠦᠭᠡᠢ ︾ ᠪᠠᠶᠢᠬᠤ ᠶᠢ ᠬᠢᠨᠠᠮᠠᠭᠠᠢ ᠦᠢᠯᠡᠳᠦᠯᠭᠡᠵᠢᠭᠦᠯᠵᠦ ᠂ ᠶᠣᠰᠣ ᠮᠣᠷᠠᠯ ᠤᠨ ᠬᠢᠵᠠᠭᠠᠷ ᠱᠤᠭᠤᠮ ᠢ ᠰᠠᠶᠢᠲᠤᠷ ᠰᠠᠬᠢᠬᠤ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠤᠳᠤᠷᠢᠳᠬᠤ ᠺᠠᠳ᠋ᠷᠴᠤᠳ ᠠᠵᠤ ᠠᠬᠤᠢ ᠪᠣᠯᠣᠨ ᠮᠥᠩᠭᠦᠨ ᠭᠦᠢᠯᠭᠡᠭᠡ ᠶᠢᠨ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠮᠥᠩᠭᠦᠨ ᠭᠦᠢᠯᠭᠡᠭᠡᠨ ᠤ ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ ᠂ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠮᠥᠩᠭᠦᠨ ᠭᠦᠢᠯᠭᠡᠭᠡᠨ ᠤ ᠠᠵᠢᠯ ᠢ ᠴᠢᠬᠤᠯᠠᠴᠢᠯᠠᠨ ᠰᠠᠶᠢᠲᠤᠷ ᠬᠢᠵᠦ ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠺᠠᠳ᠋ᠷᠴᠤᠳ ᠮᠥᠩᠭᠦᠨ ᠭᠦᠢᠯᠭᠡᠭᠡᠨ ᠤ ᠮᠡᠳᠡᠯᠭᠡ ᠪᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ ᠂ ᠮᠡᠷᠭᠡᠵᠢᠯᠲᠡᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠪᠠᠰᠠ ᠨᠠᠮ ᠤᠨ ᠰᠤᠷᠭᠠᠭᠤᠯᠢ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠴᠠᠢ ᠃

      ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ ᠂ ᠠᠷᠠᠳ ᠤᠨ ᠪᠦᠯᠭᠦᠮ ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠣᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠭᠢ ᠶᠢᠨ ᠳᠡᠳ᠋ ᠰᠤᠷᠤᠯᠭᠠᠲᠠᠳ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ