ᠪᠠᠶᠠᠨᠨᠠᠭᠤᠷ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠭᠤᠣᠯ ᠳᠤ ᠪᠣᠬᠢᠷᠲᠤᠯ ᠭᠠᠳᠠᠭᠰᠢᠯᠠᠭᠤᠯᠬᠤ 35 ᠠᠮᠠ ᠶᠢ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2024/3/1

 

      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ ᠂ ᠪᠠᠶᠠᠨᠨᠠᠭᠤᠷ ᠬᠤᠳᠠ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠂ ᠵᠡᠷᠭᠡ ᠠᠳᠬᠤᠨ ᠬᠠᠮᠲᠤ ᠬᠠᠮᠢᠶᠠᠷᠬᠤ ᠪᠠᠷ ᠳᠠᠮᠵᠢᠭᠤᠯᠵᠤ ᠂ ᠪᠣᠬᠢᠷᠲᠤᠯ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ ᠃ ᠣᠳᠣᠬᠠᠨ ᠳᠤ᠂ ᠬᠠᠲᠤᠨ ᠭᠤᠣᠯ ᠤᠨ ᠰᠠᠪᠠ ᠭᠠᠵᠠᠷ ᠤᠨ ᠭᠤᠣᠯ ᠳᠤ ᠪᠣᠬᠢᠷᠲᠤᠯ ᠭᠠᠳᠠᠭᠰᠢᠯᠠᠭᠤᠯᠬᠤ 35 ᠠᠮᠠ ᠶᠢ ᠨᠢᠭᠡᠨᠲᠡ ᠴᠡᠭᠴᠡᠯᠡᠨ ᠵᠠᠰᠠᠭᠰᠠᠨ ᠪᠥᠭᠡᠳ ᠳ᠋ᠤᠭᠠᠷ ᠢ ᠨᠢ ᠬᠠᠰᠤᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ 30% ᠶᠢᠨ ᠣᠨ ᠤ ᠴᠡᠭᠴᠡᠯᠡᠨ ᠵᠠᠰᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠡᠢ ᠃

      ᠣᠶᠢᠯᠠᠭᠠᠭᠰᠠᠨ ᠢᠶᠠᠷ᠂ 2023 ᠣᠨ ᠠᠴᠠ ᠨᠠᠭᠠᠰᠢ ᠂ ᠪᠠᠶᠠᠨᠨᠠᠭᠤᠷ ᠬᠤᠳᠠ ᠬᠠᠳᠤᠨ ᠭᠤᠣᠯ ᠤᠨ ᠰᠠᠪᠠ ᠭᠠᠵᠠᠷ ᠤᠨ ᠭᠤᠣᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢ ︽ ᠪᠠᠶᠢᠴᠠᠭᠠᠬᠤ ᠂ ᠬᠡᠮᠵᠢᠬᠦ ᠂ ᠮᠦᠷᠳᠡᠬᠦ᠂ ᠵᠠᠰᠠᠬᠤ ᠂ ᠬᠠᠮᠢᠶᠠᠷᠬᠤ ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠶᠢᠨ ᠬᠠᠮᠲᠤ ︽ ᠪᠠᠶᠠᠨᠨᠠᠭᠤᠷ ᠬᠤᠳᠠ ᠶᠢᠨ ᠬᠠᠳᠤᠨ ᠭᠤᠣᠯ ᠤᠨ ᠰᠠᠪᠠ ᠭᠠᠵᠠᠷ ᠤᠨ ᠭᠤᠣᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ︿ ᠨᠢᠭᠡ ᠠᠮᠠ ᠳᠤ ᠨᠢᠭᠡ ᠠᠷᠭ᠎ᠠ ᠪᠣᠳᠣᠯᠭ᠎ᠠ ﹀ ᠴᠡᠭᠴᠡᠯᠡᠨ ᠵᠠᠰᠠᠬᠤ ᠲᠥᠰᠥᠯ ︾ ᠤᠨ ᠶᠣᠰᠣᠭᠠᠷ ᠂ ᠬᠠᠳᠤᠨ ᠭᠤᠣᠯ ᠤᠨ ᠭᠤᠣᠯ ᠤᠷᠤᠰᠬᠠᠯ ᠂ ᠴᠢᠬᠤᠯᠠ ᠰᠠᠯᠪᠤᠷᠢ ᠤᠷᠤᠰᠬᠠᠯ ᠤᠨ ᠶᠡᠷᠦᠩᠬᠡᠢ ᠭᠠᠳᠠᠭᠰᠢᠯᠠᠭᠤᠯᠬᠤ ᠰᠣᠪᠠᠭ ᠪᠠ ᠭᠤᠣᠯᠳᠠᠯᠭ᠎ᠠ ᠲᠠᠢ ᠨᠠᠭᠤᠷ ᠤᠯᠠᠭᠠᠨᠰᠤᠬᠠᠢ ᠳᠠᠬᠢ ᠪᠣᠬᠢᠷᠲᠤᠯ ᠭᠠᠳᠠᠭᠰᠢᠯᠠᠭᠤᠯᠬᠤ ᠠᠮᠠ ᠵᠡᠷᠭᠡ ᠶᠢ ᠵᠢᠭᠰᠠᠭᠠᠨ ᠪᠠᠶᠢᠴᠠᠭᠠᠬᠤ ᠂ ᠡᠬᠢ ᠡᠭᠦᠰᠦᠯ ᠢ ᠨᠢ ᠡᠷᠢᠬᠦ ᠂ ᠬᠢᠨᠠᠨ ᠬᠡᠮᠵᠢᠬᠦ ᠶᠢ ᠪᠡᠶᠡᠯᠡᠭᠦᠯᠵᠦ ᠂ ᠲᠦᠷᠦᠯ ᠠᠩᠭᠢᠯᠠᠨ ᠴᠡᠭᠴᠡᠯᠡᠨ ᠵᠠᠰᠠᠬᠤ ᠪᠠ ᠳ᠋ᠤᠭᠠᠷ ᠢ ᠨᠢ ᠬᠠᠰᠤᠬᠤ ᠠᠵᠢᠯ ᠢ ᠴᠠᠭ ᠤᠨ ᠳᠠᠷᠠᠭᠠᠯᠠᠯ ᠢᠶᠠᠷ ᠠᠬᠢᠭᠤᠯᠪᠠ ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯ ᠳᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ︽ᠨᠢᠭᠡ ᠵᠢᠷᠤᠭ᠂ ᠣᠯᠠᠨ ᠲᠠᠪᠴᠠᠩ︾ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠨᠡᠮᠡᠷᠢᠯᠡᠪᠡ᠃

 

 



 

 

      

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ