ᠦᠵᠦᠮᠦᠴᠢᠨ ᠤ ᠲᠠᠯ᠎ᠠ ᠶᠢᠨ ︽ᠦᠷᠭᠦᠯᠵᠢ ᠢᠷᠡᠳᠡᠭ ᠵᠣᠴᠢᠳ︾
ᠨᠡᠶᠢᠲᠡᠯᠡᠭᠰᠡᠨ ᠴᠠᠭ᠄
2024/3/1

6384490235679421741601941.jpg

  ᠲᠠᠯ᠎ᠠ ᠶᠢᠨ ᠪᠦᠷᠭᠦᠳ

6384490236451296977010943.jpg

    ᠣᠢ ᠳᠣᠲᠣᠷ᠎ᠠ ᠬᠡᠰᠦᠵᠦ ᠪᠠᠶᠢᠭ᠎ᠠ ᠲᠣᠷᠤᠭ

6384490237334109756747006.jpg

    ᠬᠥᠭᠡᠷᠦᠬᠦᠨ ᠭᠤᠷ᠎ᠠ

6384490238143484162341443.jpg


    ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠭᠥᠷᠦᠭᠡᠰᠦᠲᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠠᠰᠤᠲᠤ ᠲᠠᠯ᠎ᠠ ᠶᠢᠨ ᠦᠵᠡᠮᠵᠢ᠃

    ᠲᠠᠯ᠎ᠠ ᠶᠢᠨ ᠪᠦᠷᠭᠦᠳ ᠡᠷᠬᠡ ᠳᠤᠷ᠎ᠠ ᠪᠠᠷ ᠢᠶᠠᠨ ᠨᠢᠰᠴᠦ ᠠᠩ ᠡᠷᠢᠨ᠎ᠡ︔ ᠴᠠᠭᠠᠨ ᠴᠠᠰᠤᠨ ᠳᠤ ᠬᠤᠶᠠᠷ ᠰᠢᠯᠦᠭᠦᠰᠦ ᠢᠳᠡᠰᠢ ᠡᠷᠢᠬᠦ ᠶᠢᠨ ᠬᠠᠮᠲᠤ ᠡᠷᠬᠢᠨ ᠲᠣᠭᠤᠷᠢᠨ ᠢᠶᠠᠨ ᠰᠡᠷᠡᠮᠵᠢᠲᠡᠢ ᠪᠠᠷ ᠠᠵᠢᠭᠯᠠᠨ᠎ᠠ︔ ᠰᠠᠶᠢᠬᠠᠨ ᠵᠢᠰᠦᠮᠲᠦ ᠴᠠᠭᠠᠷᠢᠭ ᠬᠦᠵᠦᠭᠦᠲᠦ ᠭᠤᠷᠭᠤᠤᠯ ᠰᠡᠭᠦᠯ ᠢᠶᠠᠨ ᠡᠷᠲᠡᠶᠢᠯᠭᠡᠨ᠂ ᠭᠤᠶᠣ ᠰᠠᠶᠢᠬᠠᠨ ᠳᠦᠷᠢ ᠪᠠᠶᠢᠳᠠᠯ ᠢᠶᠠᠷ ᠰᠡᠯᠡᠭᠦᠴᠡᠨ ᠠᠯᠬᠤᠵᠤ᠂ ᠨᠢᠳᠦᠨ ᠡᠮᠦᠨᠡᠬᠢ ᠶᠢᠷᠲᠢᠨᠴᠦ ᠶᠢ ᠬᠤᠷᠣᠮᠬᠠᠨ ᠵᠠᠭᠤᠷ᠎ᠠ ᠠᠮᠢᠯᠠᠭᠤᠯᠤᠨ᠎ᠠ︔ ᠬᠡᠳᠦᠨ ᠬᠡᠭᠡᠷ᠎ᠡ ᠶᠢᠨ ᠭᠤᠷ᠎ᠠ ᠲᠣᠯᠣᠭᠠᠢ ᠪᠠᠨ ᠡᠷᠭᠢᠭᠦᠯᠦᠨ ᠬᠠᠷᠠᠬᠤ ᠨᠢ ᠮᠠᠰᠢ ᠬᠥᠭᠡᠷᠦᠬᠦᠨ ᠰᠠᠨᠠᠭᠳᠠᠨ᠎ᠠ ᠁ ᠡᠨᠡ ᠪᠣᠯ ᠰᠡᠭᠦᠳᠡᠷᠯᠡᠬᠦ ᠮᠠᠰᠢᠨ ᠢᠶᠠᠷ ᠲᠡᠮᠳᠡᠭᠯᠡᠭᠳᠡᠭᠰᠡᠨ ᠪᠠᠷᠠᠭᠤᠨ ᠦᠵᠦᠮᠦᠴᠢᠨ ᠬᠤᠰᠢᠭᠤᠨ ᠤ ᠭᠥᠷᠦᠭᠡᠰᠦᠲᠡᠢ ᠤᠯᠤᠰ ᠤᠨ ᠳᠡᠰ ᠤᠨ ᠪᠠᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠤᠪᠣᠷ ᠴᠤᠬᠠᠭ ᠬᠡᠭᠡᠷ᠎ᠡ ᠶᠢᠨ ᠠᠮᠢᠲᠠᠳ ᠤᠨ ︽ᠰᠢᠨᠡᠯᠡᠵᠦ ᠪᠠᠶᠢᠭ᠎ᠠ︾ ᠪᠠᠭ᠋ᠠᠲᠤᠭᠤᠰᠢᠲᠠᠢ ᠰᠡᠭᠦᠳᠡᠷ ᠤᠳ ᠪᠣᠯᠣᠨ᠎ᠠ᠃

    ᠣᠶᠢᠯᠠᠭᠠᠭᠰᠠᠨ ᠢᠶᠠᠷ᠂ ᠪᠠᠷᠠᠭᠤᠨ ᠦᠵᠦᠮᠦᠴᠢᠨ ᠬᠤᠰᠢᠭᠤᠨ ᠤ ᠭᠥᠷᠦᠭᠡᠰᠦᠲᠡᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ︽ᠦᠷᠭᠦᠯᠵᠢ ᠢᠷᠡᠳᠡᠭ ᠵᠣᠴᠢᠳ︾ ᠲᠤ ᠪᠠᠰᠠ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠠᠯ ᠰᠡᠭᠦᠯ᠂ ᠲᠣᠭᠤᠳᠠᠭ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠷᠣ ᠲᠣᠭᠤᠷᠤᠤ᠂ ᠬᠤᠨ ᠭᠠᠯᠠᠭᠤ᠂ ᠬᠥᠬᠡ ᠳᠡᠭᠡᠯᠡᠢ᠂ ᠥᠲᠥᠨ ᠲᠣᠭᠤᠷᠤᠤ᠂ ᠲᠣᠷᠤᠭ ᠵᠡᠷᠭᠡ ᠪᠣᠶ᠃ ᠣᠶᠢᠷ᠎ᠠ ᠶᠢᠨ ᠵᠢᠯ ᠤᠳ ᠲᠤ᠂ ᠪᠠᠷᠠᠭᠤᠨ ᠦᠵᠦᠮᠦᠴᠢᠨ ᠬᠤᠰᠢᠭᠤ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠣᠶ ᠰᠢᠭᠤᠢ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠠᠮᠠᠭᠠᠯᠠᠨ ᠠᠰᠢᠭᠯᠠᠬᠤ ᠵᠡᠷᠭᠡ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠡᠭᠡᠷ᠎ᠡ ᠶᠢᠨ ᠠᠮᠢᠲᠠᠳ ᠲᠤ ᠣᠷᠣᠰᠢᠨ ᠠᠮᠢᠳᠤᠷᠠᠬᠤ ᠰᠠᠶᠢᠨ ᠰᠠᠶᠢᠬᠠᠨ ᠣᠷᠴᠢᠨ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶᠢᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ