ᠥᠪᠡᠷᠲᠡᠭᠡᠨ ᠵᠠᠰᠠᠬᠤ ᠣᠷᠣᠨ ᠤ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠭᠦᠭᠡᠬᠤᠳᠠ ᠳᠤ ᠬᠤᠷᠠᠯᠳᠤᠪᠠ  ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ  ᠸᠠᠩ ᠯᠢ ᠰᠢᠶᠠ  ᠵᠠᠩ ᠶᠠᠨ ᠺᠦᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/3/13

      3 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃


0313自治区传达贯彻全国两会精神干部大会在呼召开 孙绍骋主持并讲话 王莉霞张延昆出席.png


      3 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃

      ᠰᠤᠷᠪᠤᠯᠵᠢᠯᠠᠬᠴᠢ  ᠮᠠ ᠵᠢᠶᠠᠨ ᠴᠢᠤᠸᠠᠨ  ᠰᠡᠭᠦᠳᠡᠷᠯᠡᠪᠡ

      ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠺᠣᠮᠢᠰᠰᠠᠷ ᠂ ᠬᠡᠰᠡᠭ ᠮᠤᠵᠢ ᠶᠢᠨ ᠱᠠᠲᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠢ ᠃

      ᠰᠦᠨ ᠱᠤᠤ ᠴᠧᠩ ᠂ ᠡᠨᠡ ᠤᠳᠠᠭ᠎ᠠ ᠶᠢᠨ ᠪᠦᠭᠦ ᠤᠯᠤᠰ ᠤᠨ ᠬᠤᠶᠠᠷ ᠬᠤᠷᠠᠯ ᠢ ᠮᠠᠰᠢ ᠲᠡᠭᠦᠰ ᠠᠮᠵᠢᠯᠲᠠ ᠲᠠᠢ ᠬᠤᠷᠠᠯᠳᠤᠭᠤᠯᠪᠠ ᠂ ᠡᠨᠡ ᠪᠣᠯ ᠨᠢᠭᠡᠨ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ ᠂ ᠦᠨᠡᠨ ᠬᠦ ᠠᠳᠬᠤᠨ ᠪᠣᠳᠠᠲᠠᠢ ᠠᠵᠢᠯᠯᠠᠭᠰᠠᠨ ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠣᠯᠠᠨ ᠲᠠᠯᠠᠪᠤᠷ ᠲᠤ ᠠᠯᠢ ᠣᠯᠠᠨ ᠴᠢᠬᠤᠯᠠ ᠶᠠᠷᠢᠶ᠎ᠠ ᠲᠠᠯᠪᠢᠵᠤ ᠂ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠤᠯᠭ᠎ᠠ ᠬᠠᠩᠭᠠᠭᠰᠠᠨ ᠪᠠᠶᠢᠨ᠎ᠠ ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠬᠡᠯᠡᠪᠡ ᠃

      ᠰᠦᠨ ᠱᠣᠣ ᠴᠧᠩ ᠂ ᠨᠢᠳᠤᠨᠤᠨ ᠠᠴᠠ ᠨᠠᠭᠠᠰᠢ ᠂ ᠲᠤᠶᠢᠯ ᠤᠨ ᠨᠠᠷᠢᠨ ᠪᠤᠳᠤᠯᠢᠶᠠᠨᠲᠠᠢ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠪᠠᠲᠤᠲᠠᠢ ᠲᠡᠮᠡᠴᠡᠵᠦ ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠪᠠ ᠂ ᠡᠨᠡ ᠵᠢᠯ ᠪᠠᠰᠠ ᠬᠤᠪᠢᠷᠠᠯᠲᠠ ᠶᠢ ᠠᠷᠭᠠᠴᠠᠭᠠᠵᠤ ᠰᠢᠨ᠎ᠡ ᠶᠢ ᠡᠭᠦᠳᠬᠦ ᠂ ᠢᠷᠡᠭᠡᠳᠦᠢ ᠶᠢᠨ ᠢᠯᠠᠯᠲᠠ ᠶᠢ ᠣᠯᠬᠤ ᠠᠯᠢ ᠤᠯᠠᠨ ᠡᠭᠦᠷᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ ᠂ ᠪᠦᠭᠦ ᠤᠯᠤᠰ ᠢᠶᠠᠷ ᠢᠶᠠᠨ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠣᠯᠬᠤ ᠪᠠᠷ ᠴᠢᠷᠮᠠᠶᠢᠬᠤ ᠂ ᠥᠷᠢᠰᠦᠯᠳᠦᠨ ᠤᠷᠤᠭᠰᠢᠯᠠᠵᠤ ᠵᠢᠳᠬᠦᠯ ᠴᠢᠷᠮᠠᠶᠢᠯᠭ᠎ᠠ ᠭᠠᠷᠭᠠᠬᠤ ᠢᠲᠡᠭᠡᠯ ᠵᠣᠷᠢᠭ ᠢ ᠨᠡᠩ ᠪᠠᠲᠤᠳᠬᠠᠪᠠ ᠃ ︽ ᠬᠤᠶᠠᠷ ᠢ ᠲᠣᠭᠲᠠᠭᠠᠭᠰᠠᠨ ︾ ᠪᠣᠯ ᠪᠢᠳᠡᠨ ᠤ ᠠᠯᠢᠪᠠ ᠠᠵᠢᠯ ᠢ ᠰᠠᠶᠢᠲᠤᠷ ᠬᠢᠬᠦ ᠶᠢᠨ ᠢᠲᠡᠭᠡᠯ ᠵᠣᠷᠢᠭ ᠤᠨ ᠦᠨᠳᠦᠰᠦ ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢᠨ ᠢᠯᠠᠯᠲᠠ ᠶᠢᠨ ᠡᠬᠢ ᠮᠥᠨ ᠭᠡᠳᠡᠭ ᠢ ᠦᠢᠯᠡᠳᠦᠯᠭᠡ ᠲᠠᠭᠢᠨ ᠳᠠᠪᠲᠠᠨ ᠭᠡᠷᠡᠴᠢᠯᠡᠪᠡ ᠃ ᠡᠯ᠎ᠡ ᠱᠠᠲᠤᠨ ᠤ ᠬᠢᠨ ᠮᠠᠨ ᠤ ᠤᠯᠤᠰ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠪᠣᠯᠣᠨ ᠭᠡᠷᠡᠯ ᠰᠠᠴᠤᠷᠠᠩᠭᠤᠢ ᠠᠯᠤᠰ ᠢᠷᠡᠭᠡᠳᠦᠢ ᠠᠴᠠ ︽ ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠯᠣᠭᠤᠳᠤᠯᠭ᠎ᠠ ᠵᠠᠷᠯᠢᠭ ᠵᠢᠭᠠᠪᠤᠷᠢ ᠶᠢ ᠰᠡᠳᠬᠢᠯ ᠲᠠᠯᠪᠢᠨ ᠰᠣᠨᠣᠰᠴᠤ ᠂ ᠶᠡᠷᠦᠩᠬᠡᠢ ᠱᠦᠵᠢ ᠬᠠᠮᠢᠭᠠᠰᠢ ᠵᠢᠭᠠᠪᠠᠯ ᠳᠠᠷᠤᠢ ᠲᠦᠮᠡᠨ ᠪᠡᠷᠬᠡ ᠶᠢ ᠢᠯᠠᠨ ᠳᠠᠪᠠᠵᠤ ᠲᠡᠨᠳᠡ ᠬᠦᠷᠴᠦ ᠢᠯᠠᠯᠲᠠ ᠣᠯᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠠᠴᠠ ᠬᠤᠶᠠᠷ ᠶᠡᠭᠡ ᠶᠠᠪᠤᠳᠠᠯ ᠢ ᠴᠢᠨᠠᠭᠰᠢᠳᠠ ᠰᠠᠶᠢᠲᠤᠷ ᠬᠢᠬᠦ ᠬᠥᠳᠡᠯᠭᠡᠬᠦ ᠬᠦᠴᠦᠨ ᠢ ᠣᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠡᠷᠢᠬᠦ ᠪᠠ ᠰᠠᠶᠢᠲᠤᠷ ᠬᠡᠷᠡᠭᠯᠡᠵᠦ ᠂ ᠥᠪᠥᠷ ᠮᠣᠩᠭᠤᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠨᠢᠭᠡ ᠪᠦᠷᠢ ᠶᠢ ᠴᠥᠮ ᠪᠣᠳᠠᠲᠠᠢ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠥᠲᠥᠯᠥᠮᠵᠢ ᠪᠣᠯᠭᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠠᠭᠤᠳᠠᠯᠬᠤ ᠪᠠ ᠪᠣᠶᠢᠵᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ ᠂ ᠤᠯᠤᠰ ᠤᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠬᠤ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠠ ᠲᠣᠭᠢᠶᠠᠯ ᠢ ᠠᠮᠵᠢᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢ ᠦᠢᠯᠡᠳᠬᠦ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠵᠡᠷᠭᠡ ᠠᠵᠤ ᠦᠢᠯᠡᠰ ᠢ ᠰᠠᠶᠢᠲᠤᠷ ᠬᠢᠬᠦ ᠬᠡᠷᠡᠭᠲᠡᠢ ᠃ ᠭᠤᠣᠯ ᠬᠦᠴᠦᠨ ᠪᠤᠯᠬᠤ ᠡᠭᠦᠷᠭᠡᠯᠡᠯ ᠂ ᠬᠤᠰᠢᠭᠤᠴᠢ ᠪᠤᠯᠬᠤ ᠰᠦᠷ ᠬᠦᠴᠦᠨ ᠢᠶᠠᠷ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨᠳᠦᠰᠦᠨ ᠵᠦᠢᠯ ᠢ ᠪᠠᠲᠤᠯᠠᠬᠤ ᠂ ᠬᠤᠷᠢᠭ᠎ᠠ ᠱᠤᠭᠤᠮ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠠᠶᠤᠯᠭᠦᠢ ᠦᠢᠯᠡᠳᠪᠦᠷᠢᠯᠡᠯ ᠪᠣᠯᠣᠨ ᠰᠦᠩ ᠬᠠᠯᠢᠶ᠎ᠠ ᠦᠶᠡᠷ ᠢ ᠰᠡᠷᠭᠡᠶᠢᠯᠡᠬᠦ ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠨᠢᠳᠤᠨᠤᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠂ ᠤᠯᠤᠰ ᠲᠦᠷᠦ ᠶᠢᠨ ᠵᠥᠪᠯᠡᠯᠭᠡᠨ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠪᠦᠲᠦᠭᠡᠯᠴᠢ ᠴᠢᠨᠠᠷᠲᠠᠢ ᠪᠠᠷ ᠡᠭᠦᠷᠭᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠵᠤ ᠂ ᠡᠯ᠎ᠡ ᠲᠠᠯ᠎ᠠ ᠶᠢᠨ ᠠᠵᠢᠯ ᠢᠶᠠᠨ ᠢᠳᠡ ᠬᠦᠴᠦᠲᠡᠢ ᠶᠠᠪᠤᠭᠳᠠᠭᠤᠯᠪᠠ ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠪᠦᠭᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠬᠦᠴᠦᠯᠡᠬᠦ ᠭᠤᠣᠯᠳᠠᠯᠭ᠎ᠠ ᠪᠠᠨ ᠴᠢᠨᠠᠭᠰᠢᠳᠠ ᠣᠨᠣᠪᠴᠢᠲᠠᠶ ᠡᠷᠢᠵᠦ ᠣᠯᠵᠤ ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ ︾ ᠤ ᠬᠠᠷᠢᠯᠴᠠᠵᠤ ᠦᠢᠯᠡᠴᠢᠯᠡᠬᠦ ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠵᠡᠷᠭᠡ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ ᠂ ᠡᠯ᠎ᠡ ᠵᠦᠢᠯ ᠤᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ ᠃

      ᠰᠦᠨ ᠱᠤᠤ ᠴᠧᠩ ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠤ ᠤᠯᠠᠨ ᠤᠳᠠᠭ᠎ᠠ ᠴᠢᠬᠤᠯᠠᠴᠢᠯᠠᠭᠰᠠᠨ ᠴᠢᠬᠤᠯᠠ ᠱᠠᠭᠠᠷᠳᠠᠯᠭ᠎ᠠ ᠪᠤᠯᠬᠤ ᠪᠥᠭᠡᠳ ᠮᠥᠨ ᠴᠤ ᠶᠡᠭᠡ ᠬᠤᠷᠠᠯ ᠠᠴᠠ ᠬᠥᠮᠥᠰ ᠲᠤ ᠦᠯᠡᠳᠡᠭᠡᠭᠰᠡᠨ ᠭᠦᠨ ᠰᠠᠭᠤᠭᠳᠠᠯ ᠪᠣᠯᠣᠨ᠎ᠠ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠂ ᠪᠦᠭᠦ ᠤᠯᠤᠰ ᠤᠨ ᠬᠤᠶᠠᠷ ᠬᠤᠷᠠᠯ ᠤᠨ ᠰᠢᠨ᠎ᠡ ᠳᠦᠷᠰᠦ ᠪᠠᠶᠢᠳᠠᠯ ᠢ ᠰᠤᠷᠤᠯᠴᠠᠬᠤ ᠳᠤᠮᠳᠠ ᠦᠨᠡᠨ ᠬᠦ ᠠᠳᠬᠤᠵᠤ ᠪᠣᠳᠠᠲᠠᠢ ᠠᠵᠢᠯᠯᠠᠬᠤ ᠤᠬᠠᠮᠰᠠᠷ ᠢᠶᠠᠨ ᠳᠡᠭᠡᠭᠰᠢᠯᠡᠭᠦᠯᠵᠦ ᠂ ᠡᠯ᠎ᠡ ᠲᠠᠯ᠎ᠠ ᠶᠢᠨ ᠬᠢᠨ ᠢ ᠬᠥᠲᠥᠯᠥᠨ ᠳᠠᠭᠠᠭᠤᠯᠵᠤ ᠢᠲᠡᠭᠡᠯ ᠵᠣᠷᠢᠭ ᠪᠠ ᠡᠷᠴᠢ ᠬᠦᠴᠦᠨ ᠢ ᠨᠢ ᠬᠥᠪᠴᠢᠯᠡᠬᠦ ᠬᠡᠷᠡᠭᠲᠡᠢ ᠃ ᠥᠪᠥᠷ ᠮᠣᠩᠭᠤᠯ ᠤᠨ ᠺᠠᠳ᠋ᠷ ᠲᠤ ᠠᠪᠴᠤ ᠬᠡᠯᠡᠪᠡᠯ ᠂ ᠵᠥᠪᠭᠡᠨ ᠢᠲᠡᠭᠡᠯ ᠪᠠᠶᠢᠭᠠᠳ ᠪᠤᠯᠬᠤ ᠦᠭᠡᠢ ᠂ ᠪᠠᠰᠠ ᠠᠤᠭ᠎ᠠ ᠵᠣᠷᠢᠭ ᠲᠠᠢ ᠪᠠᠶᠢᠬᠤ ᠬᠡᠷᠡᠭᠲᠡᠢ ᠃ ᠵᠣᠷᠢᠭᠲᠠᠢ ᠪᠠᠷ ᠲᠡᠷᠢᠭᠦᠨ ᠤ ᠬᠢ ᠶᠢ ᠲᠡᠮᠡᠴᠡᠨ ᠡᠮᠦᠨ᠎ᠡ ᠨᠢ ᠣᠷᠣᠬᠤ ᠪᠠᠷ ᠴᠢᠷᠮᠠᠶᠢᠵᠤ ᠂ ᠰᠢᠨ᠎ᠡ ᠵᠠᠮ ᠢ ᠨᠡᠭᠡᠭᠡᠵᠦ ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠣᠨᠢᠯᠠᠵᠤ ᠰᠤᠯᠠᠷᠠᠭᠤᠯᠤᠯ ᠦᠭᠡᠢ ᠠᠳᠬᠤᠵᠤ ᠂ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ ᠂ ᠡᠨᠡ ᠵᠢᠯ ᠲᠠᠭᠢᠨ ᠨᠢᠭᠡ ᠶᠡᠭᠡ ᠠᠯᠬᠤᠮ ᠤᠷᠤᠭᠰᠢᠯᠠᠬᠤ ᠪᠠᠷ ᠴᠢᠷᠮᠠᠶᠢᠬᠤ ᠬᠡᠷᠡᠭᠲᠡᠢ ᠃ ᠡᠯ᠎ᠡ ᠱᠠᠲᠤᠨ ᠤ ᠬᠢᠨ ᠦᠨᠡᠨ ᠪᠣᠳᠠᠲᠠᠢ ᠪᠠᠷ ᠠᠵᠢᠯ ᠢᠶᠠᠨ ᠲᠥᠯᠥᠪᠯᠡᠵᠦ ᠠᠵᠢᠯ ᠬᠢᠵᠦ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ ︾ ᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠬᠦ ᠬᠡᠷᠡᠭᠲᠡᠢ ᠂ ᠴᠠᠭ ᠮᠥᠴᠡ ᠤᠶᠤᠨ ᠴᠢᠳᠠᠯ ᠢᠶᠠᠨ ᠬᠡᠢ ᠬᠤᠭᠤᠰᠤᠨ ᠶᠠᠪᠤᠳᠠᠯ ᠪᠣᠯᠣᠨ ᠰᠣᠷᠲᠣᠭᠤᠯᠠᠵᠤ ᠶᠠᠩᠪᠠᠯᠠᠬᠤ ᠳᠡᠭᠡᠷ᠎ᠡ ᠪᠦᠷᠢᠯᠭᠡᠵᠦ ᠪᠤᠯᠬᠤ ᠦᠭᠡᠢ ᠃ ︽ ᠠᠯᠢᠪᠠ ᠪᠦᠭᠦᠨ ᠳᠤ ᠦᠷ᠎ᠡ ᠳ᠋ᠦᠩ ᠢᠶᠠᠷ ᠨᠢ ᠦᠭᠡ ᠬᠡᠯᠡᠬᠦ ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ ︾ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ ᠂ ᠪᠦᠭᠦ ᠠᠩᠬᠠᠷᠤᠯ ᠢᠶᠠᠨ ᠬᠠᠷᠠᠯᠲᠠ ᠪᠠᠨ ᠣᠨᠢᠯᠠᠨ ᠪᠠᠶᠢᠯᠳᠤᠭᠠᠨ ᠬᠢᠬᠦ ᠶᠢ ᠱᠠᠯᠠᠪᠳᠠᠭᠤᠯᠬᠤ ᠳᠡᠭᠡᠷ᠎ᠡ ᠲᠥᠪᠯᠡᠷᠡᠭᠦᠯᠬᠦ ᠬᠡᠷᠡᠭᠲᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠤᠨ ᠡᠴᠦᠰ ᠲᠤ ᠦᠷ᠎ᠡ ᠳ᠋ᠦᠩ ᠪᠣᠯᠣᠨ ᠪᠣᠳᠠᠲᠤ ᠦᠷ᠎ᠡ ᠪᠦᠲᠦᠮᠵᠢ ᠶᠢ ᠯᠡ ᠦᠵᠡᠨ᠎ᠡ ᠭᠡᠵᠦ ᠬᠡᠯᠡᠪᠡ ᠃

      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ ᠂ ᠡᠷᠢᠶᠡᠨ ᠬᠤᠲᠠ ᠂ ᠡᠯ᠎ᠡ ᠬᠤᠰᠢᠭᠤ ᠰᠢᠶᠠᠨ ︵ ᠬᠤᠲᠠ ᠂ ᠲᠣᠭᠤᠷᠢᠭ ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ