ᠪᠤᠭᠤᠲᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠳ ᠤᠨ ᠬᠥᠳᠡᠭᠡ ᠲᠣᠰᠬᠤᠨ ᠳᠤ ᠦᠢᠯᠡᠴᠢᠯᠡᠬᠦ ᠲᠣᠭᠲᠠᠴᠠ ᠶᠢ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/3/14

 

      ᠪᠤᠭᠤᠲᠤ ᠬᠤᠳᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠴᠢᠳᠠᠪᠤᠷᠢᠲᠠᠳ ᠤᠨ ᠬᠥᠳᠡᠭᠡ ᠲᠣᠰᠬᠤᠨ ᠳᠤ ᠦᠢᠯᠡᠴᠢᠯᠡᠬᠦ ᠲᠣᠭᠲᠠᠴᠠ ᠶᠢ ᠰᠢᠯᠢᠳᠡᠭᠵᠢᠭᠦᠯᠵᠦ ᠂ 2024 ᠣᠨ ᠳᠤ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ 1000 ᠣᠶᠤᠲᠠᠳ ᠢ ᠡᠯᠰᠡᠨ ᠦᠨᠳᠦᠰᠦᠨ ᠱᠠᠲᠤᠨ ᠳᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠬᠢᠯᠭᠡᠬᠦ ᠪᠠᠷ ᠪᠠᠶᠢᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ 300 ᠣᠷᠴᠢᠮ ᠳᠡᠭᠡᠳᠦ ᠲᠠᠰ ᠳᠠᠪᠬᠤᠷᠭᠠᠨ ᠤ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ ᠤᠷᠢᠨ ᠠᠪᠴᠢᠷᠠᠬᠤ ᠶᠢ ᠳᠡᠮᠵᠢᠨ᠎ᠡ᠃

      ᠨᠢᠭᠡ ᠳᠤ᠂ ᠪᠣᠭᠤᠲᠤ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠠᠯᠪᠠᠨ ᠭᠡᠷ ᠪᠠ ︽ᠪᠤᠭᠤᠲᠤ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠤᠷᠢᠨ ᠠᠪᠴᠢᠷᠠᠬᠤ ᠠᠵᠢᠯ ᠤᠨ ᠠᠷᠭ᠎ᠠ︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶᠠᠨ ᠤ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠴᠢᠳᠠᠪᠤᠷᠢᠲᠠᠨ ᠤᠷᠢᠨ ᠠᠪᠴᠢᠷᠠᠬᠤ ᠨᠥᠬᠦᠴᠡᠯ ᠢ ᠠᠮᠢᠳᠤᠯᠢᠭ ᠢᠶᠠᠷ ᠲᠣᠭᠲᠠᠭᠠᠵᠤ᠂ ᠴᠢᠳᠠᠪᠤᠷᠢᠲᠠᠨ ᠤᠷᠢᠨ ᠠᠪᠴᠢᠷᠠᠬᠤ ᠠᠵᠢᠯ ᠢ ᠥᠪᠡᠰᠦᠪᠡᠨ ᠡᠵᠡᠨ ᠮᠡᠳᠡᠨ ᠥᠷᠨᠢᠭᠦᠯᠵᠦ᠂ ᠨᠢᠭᠤᠷᠲᠠᠨ ᠰᠢᠯᠭᠠᠬᠤ᠂ ᠰᠢᠭᠤᠳ ᠰᠢᠨᠵᠢᠯᠠᠨ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠬᠠᠮᠢᠶ᠎ᠠ ᠪᠦᠬᠦᠢ ᠳᠡᠭᠡᠳᠦ ᠲᠠᠰ ᠳᠠᠪᠬᠤᠷᠭᠠᠨ ᠤ ᠪᠠ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠳ ᠢ  ᠣᠷᠣᠭᠤᠯᠤᠨ ᠠᠪᠴᠢᠷᠠᠨ᠎ᠠ᠃

      ᠬᠤᠶᠠᠷ ᠲᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠥᠪᠯᠡᠵᠦ ᠵᠢᠭᠠᠨ ᠵᠢᠯᠤᠭᠤᠳᠬᠤ ᠂ ᠲᠤᠰᠢᠶᠠᠯ ᠬᠠᠪᠰᠤᠷᠭᠠᠨ ᠦᠢᠯᠡᠴᠢᠯᠡᠬᠦ ᠵᠡᠷᠭᠡ ᠠᠷᠭ᠎ᠠ ᠪᠠᠷ ᠴᠢᠳᠠᠪᠤᠷᠢᠲᠠᠳ ᠢ ᠤᠶᠠᠨ ᠴᠢᠨᠠᠷ ᠲᠠᠢ ᠤᠷᠢᠨ ᠠᠪᠴᠢᠷᠠᠬᠤ ᠪᠠᠨ ᠡᠷᠴᠢᠮᠵᠢᠭᠦᠯᠬᠦ ᠶᠢ  ᠨᠢ ᠵᠣᠷᠢᠭᠵᠢᠭᠤᠯᠤᠨ ᠲᠡᠮᠵᠢᠵᠤ ᠂ ᠤᠶᠠᠨ ᠴᠢᠨᠠᠷ ᠲᠠᠢ ᠤᠷᠢᠨ ᠠᠪᠴᠢᠷᠠᠭᠰᠠᠨ ᠳᠡᠭᠡᠳᠦ ᠲᠡᠰ ᠳᠠᠪᠬᠤᠷᠭᠠᠨ ᠤ ᠴᠢᠳᠠᠪᠤᠷᠢᠲᠠᠳ ᠲᠤ ᠳᠡᠭᠡᠷ᠎ᠡ ᠵᠢᠯ ᠤᠨ ᠭᠠᠶᠢᠯᠢ ᠲᠤᠰᠢᠶᠠᠬᠤ ᠶᠢ ᠳᠠᠭᠠᠭᠠᠴᠢᠯᠠᠭᠰᠠᠨ ᠬᠥᠳᠡᠯᠮᠦᠷᠢ ᠶᠢᠨ ᠬᠥᠯᠥᠰᠦ ᠣᠯᠭᠤᠮᠵᠢ ᠶᠢᠨ 30% ᠪᠠᠷ ᠬᠥᠮᠥᠨ ᠬᠡᠷᠡᠭᠯᠡᠬᠦ ᠨᠢᠭᠡᠴᠢ ᠳᠤ ᠨᠥᠬᠦᠪᠦᠷᠢ ᠣᠯᠭᠤᠨ᠎ᠠ᠃ ᠣᠳᠣᠬᠠᠨ᠂ ᠴᠢᠳᠠᠪᠤᠷᠢᠲᠠᠳ ᠢ ᠤᠶᠠᠨ ᠴᠢᠨᠠᠷ ᠲᠠᠢ ᠤᠷᠢᠨ ᠠᠪᠴᠢᠷᠠᠬᠤ ᠶᠢ ᠳᠡᠮᠵᠢᠬᠦ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ᠃

      ᠭᠤᠷᠪᠠ ᠳᠤ ᠂ ᠶᠡᠭᠡ ᠰᠤᠷᠭᠠᠭᠤᠯᠢ ᠲᠡᠭᠦᠰᠦᠭᠰᠡᠨ ᠣᠶᠤᠲᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠲᠡᠮᠵᠢᠨ᠎ᠠ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠤᠨ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ ᠂ ︽ ᠭᠤᠷᠪᠠ ᠶᠢ ᠲᠡᠮᠵᠢᠵᠤ ᠨᠢᠭᠡ ᠶᠢ ᠲᠡᠳᠬᠦᠬᠦ ︾ ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠬᠢᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠢᠭᠡᠳ ᠣᠶᠤᠲᠠᠳ ᠢ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠳᠤ ᠡᠯᠰᠡᠬᠦ ᠵᠢᠴᠢ ᠦᠢᠯᠡᠴᠢᠯᠡᠭᠡᠨ ᠤ ᠬᠤᠭᠤᠴᠠᠭ᠎ᠠ ᠳᠦᠭᠦᠷᠦᠭᠰᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ ᠃

      ᠳᠥᠷᠪᠡ ᠳᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠣᠷᠢᠬᠤ ᠳᠤ᠂ ᠬᠤᠰᠢᠭᠤ ᠰᠢᠶᠠᠨ ᠤ ᠠᠵᠢᠯ ᠤᠨ ᠪᠠᠶᠢᠷᠢ ᠳᠤ ᠮᠡᠳᠡᠭᠦᠯᠬᠦ ᠰᠤᠷᠤᠯᠭ᠎ᠠ ᠶᠢᠨ ᠨᠠᠮᠲᠠᠷ ᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠬᠦᠷᠲᠡᠯ᠎ᠡ ᠂ ᠰᠢᠶᠠᠩ ᠪᠠᠯᠭᠠᠰᠤᠨ ᠤ ᠠᠵᠢᠯ ᠤᠨ ᠪᠠᠶᠢᠷᠢ ᠳᠤ ᠮᠡᠳᠡᠭᠦᠯᠬᠦ ᠰᠤᠷᠤᠯᠭ᠎ᠠ ᠶᠢᠨ ᠨᠠᠮᠲᠠᠷ ᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠲᠡᠯ᠎ᠡ ᠠᠭᠤᠵᠢᠭᠤ ᠲᠠᠯᠪᠢᠵᠤ ᠂ ᠨᠠᠰᠤ ᠶᠢ ᠪᠦᠬᠦᠯᠢ 40 ᠨᠠᠰᠤᠨ ᠳᠤ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ᠃ ᠠᠵᠢᠯᠲᠠᠨ ᠡᠯᠰᠡᠬᠦ ᠶᠠᠪᠤᠴᠠ ᠶᠢ ᠤᠯᠠᠮ ᠳᠥᠭᠦᠮᠴᠢᠯᠡᠵᠦ᠂ ᠪᠠᠴᠢᠮ ᠱᠠᠭᠠᠷᠳᠠᠭᠳᠠᠵᠤ ᠪᠠᠶᠢᠭ᠎ᠠ ᠲᠤᠰᠬᠠᠢ ᠮᠡᠷᠭᠡᠵᠢᠯ ᠵᠢᠱᠢᠶᠡᠯᠡᠪᠡᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠡᠮᠴᠢᠯᠡᠭᠡᠨ ᠤ ᠠᠵᠢᠯ ᠤᠨ ᠪᠠᠶᠢᠷᠢ ᠳᠤ ᠰᠢᠭᠤᠳ ᠨᠢᠭᠤᠷᠲᠠᠨ ᠰᠢᠯᠭᠠᠬᠤ + ᠰᠢᠨᠵᠢᠯᠠᠨ ᠪᠠᠶᠢᠴᠠᠭᠠᠬᠤ ᠠᠷᠭ᠎ᠠ ᠠᠪᠴᠤ᠂ ᠰᠢᠯᠭᠠᠯᠲᠠ ᠡᠬᠢᠯᠡᠬᠦ ᠬᠠᠷᠢᠴᠠᠯ ᠢ ᠳᠣᠷᠣᠭᠰᠢᠯᠠᠭᠤᠯᠬᠤ ᠪᠤᠶᠤ ᠭᠠᠷᠭᠠᠬᠤ ᠦᠭᠡᠢ ᠪᠠᠶᠢᠵᠤ ᠪᠣᠯᠬᠤ ᠪᠥᠭᠡᠳ ᠦᠢᠯᠡᠴᠢᠯᠡᠭᠡᠨ ᠤ ᠨᠠᠭᠠᠲᠤ ᠵᠠᠬ᠎ᠠ ᠶᠢᠨ ᠬᠤᠭᠤᠴᠠᠭ᠎ᠠ ᠶᠢ ᠬᠢᠵᠠᠭᠠᠷᠯᠠᠨ ᠲᠣᠭᠲᠠᠭᠠᠵᠤ ᠪᠣᠯᠣᠨ᠎ᠠ᠃

      ᠲᠠᠪᠤ ᠳᠤ ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠰᠦᠯ ᠢ ᠭᠤᠶᠤᠴᠢᠯᠠᠨ ᠮᠡᠳᠡᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ ᠨᠢᠭᠡᠳᠦᠯᠲᠡᠢ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠪᠠᠨ ᠴᠢᠩᠭᠠᠳᠬᠠᠵᠤ᠂ ᠲᠤᠰ ᠭᠠᠵᠠᠷ ᠤᠨ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯ ᠢ ᠨᠠᠩ ᠶᠡᠭᠡ ᠡᠷᠴᠢᠮ ᠨᠠᠩ ᠥᠷᠭᠡᠨ ᠬᠡᠪᠴᠢᠶᠡᠨ ᠳᠤ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠱᠢᠯᠲᠡ ᠪᠠᠷ 2024 ᠣᠨ ᠳᠤ ᠮᠡᠷᠭᠡᠵᠢᠯᠲᠡᠳ ᠤᠨ ᠦᠨᠳᠦᠰᠦᠨ ᠱᠠᠲᠤᠨ ᠳᠤ ᠦᠢᠯᠡᠴᠢᠯᠡᠬᠦ 15 ᠲᠦᠰᠦᠯ ᠢ ᠳᠡᠮᠵᠢᠨ ᠥᠷᠨᠢᠭᠦᠯᠦᠨ᠎ᠡ᠃  



 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ