ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠣ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2024/3/15

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

                 ᠥᠪᠥᠷ ᠵᠠᠰᠠᠭ ᠦᠰᠦᠭ 〔 2024 〕 2 ᠳ᠋ᠤᠭᠠᠷ ᠲᠣᠭᠠᠲᠤ

 

ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠣ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠣᠯᠭᠤᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ︽ ᠶᠠᠰᠤ ᠴᠢᠨᠠᠷ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠠᠰᠤ ᠴᠢᠨᠠᠷ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ ᠂ ᠪᠥᠬᠦ ᠣᠷᠣᠨ ᠤ ᠡᠯ᠎ᠡ ᠠᠵᠢᠯ ᠲᠥᠷᠥᠯ ᠤᠨ ᠬᠢᠨ ᠢ ᠶᠠᠰᠤ ᠴᠢᠨᠠᠷ ᠤᠨ ᠲᠠᠯ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠂ ᠭᠠᠷᠮᠠᠭᠠᠢ ᠠᠮᠵᠢᠯᠲᠠ ᠪᠦᠲᠦᠮᠵᠢ ᠶᠢ ᠬᠥᠭᠡᠭᠡᠴᠡᠯᠳᠦᠨ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠᠷ ᠬᠥᠲᠥᠯᠥᠨ ᠵᠢᠯᠤᠭᠤᠳᠬᠤ ᠪᠠ ᠤᠷᠮᠠᠰᠢᠭᠤᠯᠤᠨ ᠵᠣᠷᠢᠭᠵᠢᠭᠤᠯᠬᠤ ᠶᠢᠨ ᠲᠤᠰᠠᠳᠠ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠤᠨ ᠬᠠᠮᠢᠶᠠᠷᠤᠯᠲᠠ ᠶᠢᠨ ᠠᠷᠭ᠎ᠠ ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢᠶᠠᠷ ᠬᠢᠨᠠᠨ ᠵᠥᠪᠯᠡᠭᠦᠯᠦᠭᠡᠳ ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠳᠤ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︾ ᠣᠯᠭᠤᠬᠤ ᠪᠠᠷ ᠲᠣᠭᠲᠠᠪᠠ ᠃

      ᠱᠠᠩᠨᠠᠯ ᠭᠥᠷᠳᠡᠭᠰᠡᠨ ᠠᠵᠤ ᠠᠬᠤᠶᠢᠯᠠᠯ ᠨᠢ ᠢᠷᠠᠭᠤ ᠠᠯᠳᠠᠷ ᠢᠶᠠᠨ ᠨᠠᠨᠳᠢᠩᠨᠠᠵᠤ ᠂ ᠴᠤᠴᠠᠯᠲᠠ ᠦᠭᠡᠢ  ᠴᠢᠷᠮᠠᠶᠢᠵᠤ ᠶᠠᠰᠤ ᠴᠢᠨᠠᠷ ᠤᠨ ᠲᠠᠯ᠎ᠠ ᠪᠠᠷ ᠬᠡᠪ ᠳᠠᠭᠤᠷᠢᠶᠠᠯ ᠪᠣᠯᠵᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠬᠦᠰᠡᠵᠦ ᠪᠠᠶᠢᠨ᠎ᠠ ᠃ ᠪᠦᠬᠦ ᠣᠷᠣᠨ ᠤ ᠥᠷᠭᠡᠨ ᠣᠯᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠱᠠᠩᠨᠠᠯ ᠭᠥᠷᠳᠡᠭᠰᠡᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠪᠠᠷ  ᠬᠢ ᠲᠡᠷᠢᠭᠦᠨ ᠤ ᠲᠤᠷᠰᠢᠯᠭ᠎ᠠ ᠶᠢ ᠨᠢ ᠬᠢᠨᠠᠮᠠᠭᠠᠢ ᠰᠤᠷᠤᠯᠴᠠᠨ ᠲᠣᠯᠢᠳᠠᠵᠤ ᠂ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠳᠠᠭᠠᠭᠠᠨ ᠡᠭᠦᠷᠭᠡᠯᠡᠵᠦ ᠂ ᠶᠠᠰᠤ ᠴᠢᠨᠠᠷ ᠤᠨ ᠲᠠᠯ᠎ᠠ ᠶᠢᠨ ᠦᠨᠡᠨᠴᠢ ᠢᠲᠡᠭᠡᠮᠵᠢ ᠪᠠᠨ ᠬᠢᠴᠢᠶᠡᠩᠭᠦᠶᠢᠯᠡᠨ ᠰᠠᠬᠢᠵᠤ ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠭᠠᠪᠰᠢᠭᠠᠶᠢᠯᠠᠵᠤ ᠭᠠᠷᠮᠠᠭᠠᠶᠢᠯᠠᠬᠤ ᠶᠢ ᠬᠥᠭᠡᠭᠡᠴᠡᠯᠳᠦᠬᠦ ᠂ ᠶᠠᠰᠤ ᠴᠢᠨᠠᠷ ᠢ ᠡᠷᠬᠢᠮᠯᠡᠬᠦ ᠶᠢ ᠪᠥᠬᠦ ᠨᠡᠶᠢᠭᠡᠮ ᠤᠨ ᠬᠢᠨ ᠤ ᠥᠷᠲᠡᠭ ᠤᠨ ᠬᠥᠲᠥᠯᠥᠮᠵᠢ ᠪᠠ ᠴᠠᠭ ᠦᠶ᠎ᠡ ᠶᠢᠨ ᠵᠣᠷᠢᠭ ᠰᠠᠨᠠᠭ᠎ᠠ ᠪᠣᠯᠭᠠᠵᠦ ᠂ ᠶᠠᠰᠤ ᠴᠢᠨᠠᠷ ᠢ ᠰᠠᠶᠢᠵᠢᠷᠠᠭᠤᠯᠬᠤ ᠠᠵᠢᠯᠯᠠᠭᠠᠨ ᠢ ᠭᠦᠨᠵᠡᠭᠡᠢ ᠥᠷᠨᠢᠭᠦᠯᠦᠨ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠃

      ᠳᠠᠭᠠᠯᠳᠤᠭᠤᠯᠤᠯ ᠄ 2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ

                                         2024 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ

                   ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

ᠳᠠᠭᠠᠯᠳᠤᠭᠤᠯᠤᠯ

      2023 ᠣᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ︾ ᠭᠥᠷᠳᠡᠭᠰᠡᠨ ᠠᠵᠤ ᠠᠬᠤᠶᠢᠯᠠᠯ ᠤᠨ ᠨᠡᠷᠡᠰ ᠤᠳ

      ᠪᠤᠭᠤᠲᠤ ᠬᠤᠲᠠ ᠶᠢᠨ ᠶᠢᠨᠰᠲ᠋ᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ

      ᠥᠪᠥᠷ ᠮᠣᠩᠭᠤᠯ ᠤᠨ ᠱᠤᠸᠠᠩ ᠰᠢᠨ ᠪᠣᠬᠢᠷᠳᠤᠯ ᠦᠭᠡᠢ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ

      ᠥᠪᠥᠷ ᠮᠣᠩᠭᠤᠯ ᠤᠨ ᠶᠧᠦ ᠷᠠᠨ ᠮᠠᠯ ᠠᠵᠤ ᠠᠬᠤᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ

      ᠥᠪᠥᠷ ᠮᠣᠩᠭᠤᠯ ᠤᠨ ᠵᠦᠩ ᠬᠤᠸᠠᠨ ᠲᠠᠯᠠᠰᠲᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ