ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠠᠶᠢᠷᠢᠯᠠᠭᠤᠯᠪᠠ  ᠸᠠᠩ ᠯᠢ ᠰᠢᠶᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/3/18

3 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠪᠦᠭᠦᠳᠡ ᠬᠤᠷᠠᠯ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠪᠠ᠃

ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠸᠠᠩ ᡁᠢ ᠴᠢᠶᠠᠩ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠵᠠᠷᠯᠠᠨ ᠮᠡᠳᠡᠭᠳᠡᠪᠡ᠃

ᠸᠠᠩ ᠯᠢ ᠰᠢᠶᠠ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠳᠡᠯ ᠭᠠᠷᠬᠤ ᠶᠢ ᠬᠤᠷᠢᠭᠯᠠᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠬᠦᠨᠳᠦ ᠣᠨᠴᠠ ᠶᠡᠭᠡ ᠠᠳᠡᠯ ᠢᠶᠠᠷ ᠲᠣᠯᠢ ᠪᠤᠯᠭᠠᠵᠤ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠵᠦ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠨᠠᠢᠮᠠᠨ ᠶᠡᠭᠡ ᠠᠵᠢᠯᠯᠠᠭ᠎ᠠ︾ ᠪᠣᠯᠣᠨ 20 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠭᠤᠷᠬᠠᠢ᠂ ᠭᠠᠯ ᠰᠡᠷᠭᠡᠶᠢᠯᠡᠬᠦ ᠭᠠᠯ ᠤᠨᠲᠠᠷᠠᠭᠠᠬᠤ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶ᠎ᠡ᠂ ᠬᠤᠳᠠᠯᠳᠤᠭᠠᠨ ᠤ ᠲᠠᠯᠠᠪᠤᠷ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠡᠪ ᠪᠣᠯᠪᠠᠰᠤᠷᠠᠯ ᠴᠢᠩᠭ᠎ᠠ ᠪᠢᠰᠢ᠂ ᠬᠦᠨᠳᠦ ᠶᠡᠭᠡ ᠭᠡᠮ ᠰᠣᠭᠤᠭ ᠢ ᠴᠢᠩᠭ᠎ᠠ ᠪᠠᠶᠢᠴᠠᠭᠠᠬᠤ ᠦᠭᠡᠢ᠂ ᠬᠦᠨᠳᠦ ᠶᠡᠭᠡ ᠭᠡᠮ ᠰᠣᠭᠤᠭ ᠢ ᠰᠠᠶᠢᠲᠤᠷ ᠴᠡᠭᠴᠡᠯᠡᠨ ᠵᠠᠰᠠᠬᠤ ᠦᠭᠡᠢ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠭᠡᠮ ᠰᠣᠭᠤᠭ ᠪᠠᠶᠢᠨ ᠳᠠᠭᠢᠨ ᠡᠭᠦᠰᠬᠦ᠂ ᠠᠮᠤᠷ ᠲᠦᠪᠰᠢᠨ ᠤ ᠰᠠᠭᠤᠷᠢ ᠪᠠᠲᠤ ᠪᠢᠰᠢ ᠵᠡᠷᠭᠡ 5 ᠲᠥᠷᠥᠯ ᠤᠨ ᠲᠣᠪᠣᠶᠢᠮ᠎ᠠ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠭᠤᠷᠪᠠᠨ ᠵᠢᠯ ᠤᠨ ᠠᠵᠢᠯᠯᠠᠭ᠎ᠠ ᠳᠤ ᠲᠣᠭᠲᠠᠭᠠᠭᠰᠠᠨ ᠬᠠᠷᠠᠯᠲᠠ ᠶᠢ ᠪᠣᠳᠠᠲᠠᠢ ᠡᠭᠦᠷᠭᠡ ᠶᠢᠨ ᠲᠠᠩᠰᠠ᠂ ᠬᠠᠷᠢᠭᠤᠴᠠᠯᠭ᠎ᠠ ᠶᠢᠨ ᠪᠢᠴᠢᠭ ᠪᠣᠯᠭᠠᠨ ᠬᠤᠪᠢᠷᠠᠭᠤᠯᠵᠤ᠂ ᠨᠢᠭᠡ ᠨᠢᠭᠡ ᠶᠠᠪᠤᠳᠠᠯ ᠢᠶᠠᠷ ᠠᠬᠢᠴᠠ ᠶᠢ ᠠᠳᠬᠤᠵᠤ᠂ ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠣᠳᠣᠬᠠᠨ ᠳᠤ᠂ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠲᠦᠢᠮᠡᠷ ᠢ ᠤᠨᠲᠠᠷᠠᠭᠠᠬᠤ ᠬᠤᠭᠤᠴᠠᠭᠠᠨ ᠳᠤ ᠣᠷᠣᠭᠠᠳ ᠪᠠᠶᠢᠨ᠎ᠠ᠂ ᠵᠠᠩᠭᠢᠯᠠᠭ᠎ᠠ ᠶᠢᠨ ᠭᠤᠭᠴᠤᠭ᠎ᠠ᠂ ᠭᠤᠣᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠡᠭᠡᠷ᠎ᠡ ᠶᠢᠨ ᠭᠠᠯ ᠤᠨ ᠡᠬᠢ ᠶᠢ ᠴᠢᠩᠭ᠎ᠠ ᠡᠵᠡᠮᠳᠡᠵᠦ᠂ ᠬᠥᠮᠥᠨ ᠤ ᠬᠦᠴᠦ ᠪᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠴᠠᠭ ᠲᠤᠬᠠᠢ ᠳᠤᠨᠢ ᠢᠯᠡᠷᠡᠭᠦᠯᠵᠦ᠂ ᠲᠦᠷᠭᠡᠨ ᠴᠤᠤᠷᠢᠶᠠᠲᠤᠨ ᠳᠠᠭᠠᠵᠤ᠂ ᠡᠷᠲᠡ ᠠᠴᠠ ᠰᠡᠷᠭᠡᠶᠢᠯᠡᠬᠦ᠂ ᠪᠠᠭ᠎ᠠ ᠠᠴᠠ ᠰᠡᠷᠭᠡᠶᠢᠯᠡᠬᠦ᠂ ᠲᠤᠶᠢᠯᠪᠤᠷᠢᠲᠠᠢ ᠰᠡᠷᠭᠡᠶᠢᠯᠡᠬᠦ ᠪᠠᠷ ᠴᠢᠷᠮᠠᠶᠢᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠴᠢᠷᠮᠠᠶᠢᠨ ᠬᠠᠮᠠᠭᠠᠯᠠᠬᠤ ᠬᠡᠷᠡᠭᠲᠡᠢ ᠭᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ