ᠥᠨᠥ ᠵᠢᠯ ᠪᠠᠶᠠᠨᠨᠠᠭᠤᠷ ᠬᠤᠲᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/3/19

 

      ᠥᠨᠥ ᠵᠢᠯ᠂ ᠪᠠᠶᠠᠨᠨᠠᠭᠤᠷ ᠬᠤᠲᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ ᠂ 11.28 ᠲᠦᠮᠡᠨ ᠮᠦ ᠶᠢ ᠭᠡᠷᠡᠯᠴᠢ ᠴᠡᠨᠡᠭ ᠢᠶᠠᠷ ᠵᠠᠰᠠᠨ᠎ᠠ ᠃

      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠪᠠᠶᠠᠨᠨᠠᠭᠤᠷ ᠬᠤᠲᠠ ᠳᠤ 480 ᠲᠦᠮᠡᠨ ᠺᠢᠯᠣᠸᠠᠲ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠡᠨᠧᠷᠭᠢ ᠶᠢᠨ ᠭᠦᠢᠴᠡᠳᠬᠡᠯ ᠲᠤᠭ᠎ᠠ ᠬᠤᠪᠢᠶᠠᠷᠢᠯᠠᠨ ᠥᠭᠴᠡᠢ᠂ ᠡᠭᠦᠨ ᠳᠤ᠂ 330 ᠲᠦᠮᠡᠨ ᠺᠢᠯᠣᠸᠠᠲ ᠤᠨ ᠭᠡᠷᠡᠯᠴᠢ ᠴᠡᠨᠡᠭ᠂ 150 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠪᠣᠯᠤᠨ᠎ᠠ ᠃ ᠭᠡᠷᠡᠯᠴᠢ ᠴᠡᠨᠡᠭ ᠬᠢᠭᠡᠳ ᠰᠠᠯᠬᠢᠨ ᠬᠦᠴᠦᠨ ᠤ ᠴᠠᠬᠢᠯᠭᠠᠨ ᠤ ᠲᠦᠰᠦᠯ ᠢᠶᠠᠷ ᠲᠣᠰ ᠪᠦᠷᠢ 1200 ᠮᠦ / ᠲᠦᠮᠡᠨ ᠺᠢᠯᠣᠸᠠᠲ ᠪᠠ 2000 ᠮᠦ / ᠲᠦᠮᠡᠨ ᠺᠢᠯᠣᠸᠠᠲ ᠠᠴᠠ ᠳᠡᠭᠡᠭᠰᠢ ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ ᠱᠠᠭᠠᠷᠳᠠᠯᠭ᠎ᠠ ᠶᠣᠰᠣᠭᠠᠷ ᠪᠣᠯ ᠪᠠᠶᠠᠨᠨᠠᠭᠤᠷ ᠬᠤᠲᠠ ᠨᠡᠶᠢᠲᠡ 69.6 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠴᠢᠬᠤᠯᠠᠲᠠᠢ᠂ ᠡᠭᠦᠨ ᠳᠤ 39.6 ᠲᠦᠮᠡᠨ ᠮᠦ ᠶᠢ ᠭᠡᠷᠡᠯᠴᠢ ᠴᠡᠨᠡᠭ ᠢᠶᠠᠷ ᠂ 30 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ ᠵᠠᠰᠠᠨ᠎ᠠ ᠃ ᠥᠨᠥ ᠵᠢᠯ᠂ ᠪᠠᠶᠠᠨᠨᠠᠭᠤᠷ ᠬᠤᠲᠠ  ᠨᠢ 150 ᠲᠦᠮᠡᠨ ᠺᠢᠯᠣᠸᠠᠲ ᠤᠨ ᠡᠨᠧᠷᠭᠢ ᠶᠢᠨ ᠭᠦᠢᠴᠡᠳᠬᠡᠯ ᠲᠤᠭ᠎ᠠ ︵ᠡᠭᠦᠨ ᠳᠤ᠂ 94 ᠲᠦᠮᠡᠨ ᠺᠢᠯᠣᠸᠠᠲ ᠭᠡᠷᠡᠯᠴᠢ ᠴᠡᠨᠡᠭ᠂ 56 ᠲᠦᠮᠡᠨ ᠺᠢᠯᠣᠸᠠᠲ ᠰᠠᠯᠬᠢᠨ ᠬᠦᠴᠦᠨ ᠤ ᠴᠠᠬᠢᠯᠭᠠᠨ︶ ᠶᠢ ᠪᠡᠶᠡᠯᠡᠭᠦᠯᠬᠦ ᠪᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ︵ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ ᠂ 11.28 ᠲᠦᠮᠡᠨ ᠮᠦ ᠶᠢ ᠭᠡᠷᠡᠯᠴᠢ ᠴᠡᠨᠡᠭ ᠢᠶᠠᠷ ᠵᠠᠰᠠᠬᠤ︶ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ ᠃ ᠪᠠᠶᠠᠨᠨᠠᠭᠤᠷ ᠬᠤᠲᠠ  ᠨᠢ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠢᠨᠵᠧᠨᠧᠷᠢᠩ ᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠲᠠᠢ ᠤᠶᠠᠯᠳᠤᠭᠤᠯᠤᠨ᠂ ᠤᠯᠠᠭᠠᠨᠪᠤᠬ᠎ᠠ ᠶᠢᠨ ᠡᠯᠡᠰᠦ ᠪᠠᠷ ᠭᠤᠣᠯ᠂ ᠰᠦᠵᠢ ᠶᠢᠨ ᠡᠯᠡᠰᠦ ᠪᠠᠷ ᠳᠠᠭᠠᠯᠲᠠ ᠪᠣᠯᠭᠠᠨ ᠭᠡᠷᠡᠯᠴᠢ ᠴᠡᠨᠡᠭ ᠤᠨ ᠣᠷᠣᠨ ᠢ ᠪᠠᠶᠢᠷᠢᠰᠢᠭᠤᠯᠵᠤ᠂ ᠤᠷᠠᠳ ᠤᠨ ᠲᠠᠯ᠎ᠠ ᠨᠤᠲᠤᠭ ᠢᠶᠠᠷ ᠭᠤᠣᠯ ᠪᠣᠯᠭᠠᠨ ᠰᠠᠯᠬᠢᠨ ᠬᠦᠴᠦᠨ ᠤ ᠴᠠᠬᠢᠯᠭᠠᠨ ᠤ ᠣᠷᠣᠨ ᠢ ᠪᠠᠶᠢᠷᠢᠰᠢᠭᠤᠯᠵᠤ ᠂ ᠪᠠᠶᠠᠨ᠋ᠦ᠌ᠨᠳᠦᠷ ᠡᠯᠡᠰᠦ ᠪᠠᠷ ᠭᠤᠣᠯ᠂ ᠪᠤᠰᠤᠳ ᠣᠷᠣᠨ ᠪᠦᠰᠡ ᠶᠢᠨ ᠬᠡᠰᠡᠭ ᠪᠤᠰᠠᠭ ᠡᠯᠡᠰᠦᠷᠬᠡᠭ ᠭᠠᠵᠠᠷ ᠢᠶᠠᠷ ᠳᠠᠭᠠᠯᠲᠠ ᠪᠣᠯᠭᠠᠨ ᠠᠮᠢ ᠠᠬᠤᠢ ᠶᠢᠨ ᠵᠠᠰᠠᠯᠲᠠ ᠶᠢᠨ ᠣᠷᠣᠨ ᠢ ᠪᠠᠶᠢᠷᠢᠰᠢᠭᠤᠯᠬᠤ ᠪᠠᠷ ᠪᠠᠶᠢᠨ᠎ᠠ᠃


 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ