ᠡᠷᠡᠭᠦᠯ ᠮᠡᠨᠳᠦ ᠨᠢ ᠬᠥᠮᠥᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠨᠠᠩ ᠴᠤ ᠭᠡᠷ ᠪᠦᠯᠢ ᠨᠢᠭᠡᠪᠦᠷᠢ ᠶᠢ ᠨᠥᠯᠥᠭᠡᠯᠡᠵᠦ ᠪᠠᠶᠢᠳᠠᠭ᠂ ᠬᠡᠦᠬᠡᠳ ᠤᠨ ᠰᠠᠯᠠᠭᠠᠨ ᠤ ᠣᠨᠣᠰᠢᠯᠠᠯᠲᠠ ᠡᠮᠴᠢᠯᠡᠭᠡ ᠶᠢ ᠬᠡᠷᠬᠢᠨ ᠵᠢᠭᠳᠡ ᠴᠢᠨᠠᠷᠵᠢᠭᠤᠯᠤᠨ ᠵᠢᠷᠤᠮᠵᠢᠭᠤᠯᠬᠤ ᠶᠢ ᠠᠬᠢᠭᠤᠯᠬᠤ ᠪᠣᠶ︖ ᠡᠪᠡᠳᠴᠢᠨ ᠡᠪᠡᠳᠴᠢᠲᠡᠨ ᠤ ᠠᠰᠠᠭᠤᠳᠠᠯ ᠢ ᠬᠡᠷᠬᠢᠨ ᠠᠯᠢ ᠴᠢᠳᠠᠬᠤ ᠪᠠᠷ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠢᠳᠪᠦᠷᠢᠯᠡᠬᠦ ᠪᠣᠶ︖
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 19 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠶ᠎ᠠ︾ ᠭᠡᠬᠦ ᠰᠡᠳᠦᠪ ᠤᠨ ᠲᠣᠭᠤᠷᠢᠨ ᠳᠤ᠂ ᠡᠮᠴᠢᠯᠡᠭᠡ᠂ ᠦᠨᠳᠦᠰᠦᠨ ᠱᠠᠲᠤ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠬᠤᠯᠪᠣᠭᠳᠠᠯ ᠪᠦᠬᠦᠢ ᠠᠵᠢᠯ ᠵᠢᠴᠢ ᠳᠠᠷᠠᠭ᠎ᠠ ᠶᠢᠨ ᠠᠵᠢᠯ ᠤᠨ ᠲᠥᠯᠥᠪᠯᠡᠭᠡ ᠶᠢ ᠭᠤᠣᠯᠳᠠᠯᠭ᠎ᠠ ᠲᠠᠢ ᠲᠠᠨᠢᠯᠴᠠᠭᠤᠯᠪᠠ᠃
ᠬᠡᠦᠬᠡᠳ ᠤᠨ ᠰᠠᠯᠠᠭᠠᠨ ᠤ ᠭᠤᠣᠯᠳᠠᠯᠭ᠎ᠠ ᠲᠠᠢ 67 ᠲᠤᠰᠬᠠᠢ ᠰᠠᠯᠠᠭᠠᠨ ᠤ ᠪᠠᠶᠢᠭᠤᠯᠤᠯᠲᠠ ᠶᠢ ᠳᠡᠮᠵᠢᠵᠦ ᠬᠡᠦᠬᠡᠳ ᠤᠨ ᠰᠠᠯᠠᠭᠠᠨ ᠤ ᠣᠨᠣᠰᠢᠯᠠᠯᠲᠠ ᠡᠮᠴᠢᠯᠡᠭᠡ ᠶᠢ ᠵᠢᠭᠳᠡ ᠴᠢᠨᠠᠷᠵᠢᠭᠤᠯᠬᠤ ᠶᠢ ᠠᠬᠢᠭᠤᠯᠤᠨ᠎ᠠ
ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠭᠡᠷ ᠪᠦᠯᠢ ᠨᠢᠭᠡᠪᠦᠷᠢ ᠲᠠᠢ ᠬᠤᠯᠪᠣᠭᠳᠠᠵᠤ ᠪᠠᠶᠢᠳᠠᠭ᠂ ᠬᠡᠦᠬᠡᠳ ᠤᠨ ᠰᠠᠯᠠᠭᠠᠨ ᠤ ᠡᠮᠴᠢ ᠬᠦᠷᠦᠯᠴᠡᠬᠦ ᠦᠭᠡᠢ ᠪᠤᠶᠤ ᠣᠷᠣᠨ ᠪᠦᠰᠡ ᠶᠢᠨ ᠲᠠᠷᠬᠠᠯᠲᠠ ᠲᠡᠭᠰᠢ ᠪᠤᠰᠤ ᠪᠠᠶᠢᠬᠤ ᠦᠵᠡᠭᠳᠡᠯ ᠢ ᠬᠡᠷᠬᠢᠨ ᠰᠢᠢᠳᠪᠦᠷᠢᠯᠡᠬᠦ ᠪᠣᠶ︖
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠵᠠᠰᠠᠭ ᠤᠨ ᠵᠤᠷᠭᠠᠨ ᠤ ᠳᠡᠳ᠋ ᠳᠠᠷᠤᠭ᠎ᠠ ᠯᠢ ᠳ᠋ᠡ ᠴᠤᠸᠠᠨ ᠤ ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠢᠳᠡᠪᠬᠢᠲᠡᠢ ᠪᠦᠷᠢᠨᠰᠢᠭᠦᠯᠵᠦ᠂ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ ᠢ 2 ᠪᠠ ᠤᠯᠤᠰ ᠤᠨ ᠬᠡᠦᠬᠡᠳ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 5 ᠲᠣᠬᠢᠷᠠᠭᠤᠯᠵᠤ᠂ ᠬᠡᠦᠬᠡᠳ ᠤᠨ ᠰᠠᠯᠠᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ 67 ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠳᠡᠮᠵᠢᠵᠦ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠬᠡᠦᠬᠡᠳ ᠤᠨ ᠡᠮᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠰᠢᠯᠢᠳᠡᠭ ᠡᠬᠢ ᠪᠠᠶᠠᠯᠢᠭ ᠤᠨ ᠪᠣᠯᠣᠮᠵᠢᠲᠤ ᠴᠢᠨᠠᠷ ᠢ ᠳᠡᠭᠡᠭᠰᠢᠯᠡᠭᠦᠯᠪᠡ᠃
ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ ᠪᠣᠯᠭᠠᠨ ᠳᠤ ᠨᠢᠭᠡᠨ ᠥᠨᠳᠥᠷ ᠲᠦᠪᠰᠢᠨ ᠪᠦᠬᠦᠢ ᠬᠡᠦᠬᠡᠳ ᠤᠨ ᠲᠤᠰᠬᠠᠢ ᠡᠮᠨᠡᠯᠭᠡ ᠪᠤᠶᠤ ᠶᠡᠷᠦᠩᠬᠡᠶᠢᠯᠡᠭᠰᠡᠨ ᠡᠮᠨᠡᠯᠭᠡ ᠶᠢᠨ ᠬᠡᠦᠬᠡᠳ ᠤᠨ ᠰᠠᠯᠠᠭ᠎ᠠ ᠪᠠᠶᠢᠭᠤᠯᠬᠤ ᠶᠢ ᠱᠠᠭᠠᠷᠳᠠᠵᠤ᠂ ᠡᠮᠴᠢᠯᠡᠭᠡᠨ ᠤ ᠪᠠᠶᠢᠭᠤᠯᠤᠮᠵᠢ ᠶᠢᠨ 24 ᠴᠠᠭ ᠢᠶᠠᠷ ᠠᠪᠤᠷᠠᠨ ᠵᠠᠰᠠᠬᠤ ᠰᠠᠭᠠᠳ ᠦᠭᠡᠢ ᠵᠠᠮ ᠪᠠ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠡᠦᠬᠡᠳ ᠤᠨ ᠰᠠᠯᠠᠭᠠᠨ ᠤ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ ᠬᠡᠪᠴᠢᠶ᠎ᠡ ᠶᠢ ᠥᠷᠭᠡᠳᠬᠡᠨ᠂ ᠬᠡᠦᠬᠡᠳ ᠤᠨ ᠰᠠᠯᠠᠭᠠᠨ ᠤ ᠮᠡᠷᠭᠡᠵᠢᠯ ᠤᠨ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠪᠠ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠭᠡᠵᠡᠢ᠃
82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠨᠡᠯᠭᠡ ᠳᠤ ᠪᠣᠯᠵᠣᠬᠤ ᠦᠢᠯᠡᠴᠢᠯᠡᠭᠡ ᠦᠷᠨᠢᠭᠦᠯᠦᠭᠰᠡᠨ ᠪᠦᠭᠡᠳ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ ᠬᠠᠩᠭᠠᠨ᠎ᠠ
ᠣᠳᠣᠬᠠᠨ ᠳᠤ ᠨᠢᠭᠡᠨᠲᠡ 82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠨᠡᠯᠭᠡ ᠳᠤ ᠪᠣᠯᠵᠣᠨ ᠣᠨᠣᠰᠢᠯᠠᠵᠤ ᠡᠮᠴᠢᠯᠡᠭᠦᠯᠬᠦ ᠦᠢᠯᠡᠴᠢᠯᠡᠭᠡ ᠦᠷᠨᠢᠭᠦᠯᠵᠦ᠂ ᠪᠦᠬᠦ ᠤᠯᠤᠰ ᠤᠨ ᠭᠤᠷᠪᠠᠳᠤᠭᠠᠷ ᠳᠡᠰ ᠤᠨ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠪᠣᠯᠵᠣᠨ ᠣᠨᠣᠰᠢᠯᠠᠵᠤ ᠡᠮᠴᠢᠯᠡᠭᠦᠯᠬᠦ ᠳᠤᠮᠳᠠᠴᠢ ᠨᠣᠷᠮ᠎ᠠ 61.1% ᠳᠤ ᠬᠦᠷᠴᠡᠢ᠃
ᠯᠢ ᠳ᠋ᠡ ᠴᠤᠸᠠᠨ ᠲᠠᠨᠢᠯᠴᠠᠭᠤᠯᠬᠤ ᠳᠤ ᠪᠠᠨ᠂ ᠡᠮᠴᠢᠯᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠡᠪᠡᠳᠴᠢᠨ ᠦᠵᠡᠭᠦᠯᠦᠭᠰᠡᠨ ᠲᠥᠷᠥᠭᠳᠡᠯ ᠢ ᠰᠠᠶᠢᠵᠢᠷᠠᠭᠤᠯᠬᠤ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠮᠥᠨ᠃ 2015 ᠣᠨ ᠠᠴᠠ 2020 ᠣᠨ ᠪᠣᠯᠲᠠᠯ᠎ᠠ ᠵᠠᠯᠭᠠᠭ᠎ᠠ ᠪᠠᠷ ᠬᠡᠷᠡᠭᠵᠢᠭᠦᠯᠦᠭᠰᠡᠨ ᠡᠮᠴᠢᠯᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠤᠶᠠᠷ ᠡᠭᠡᠯᠵᠢ ᠶᠢᠨ ᠠᠵᠢᠯᠯᠠᠭᠠᠨ ᠤ ᠲᠥᠯᠥᠪᠯᠡᠭᠡ ᠪᠠ 2023 ᠣᠨ ᠳᠤ ᠡᠬᠢᠯᠡᠭᠦᠯᠦᠭᠰᠡᠨ ︽ᠡᠪᠡᠳᠴᠢᠨ ᠦᠵᠡᠭᠦᠯᠦᠭᠰᠡᠨ ᠲᠥᠷᠥᠭᠳᠡᠯ ᠢ ᠰᠠᠶᠢᠵᠢᠷᠠᠭᠤᠯᠵᠤ ᠡᠪᠡᠳᠴᠢᠲᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ︾ ᠰᠡᠳᠦᠪᠲᠦ ᠠᠵᠢᠯᠯᠠᠭ᠎ᠠ ᠳᠤ ᠴᠥᠮ ᠴᠠᠭ ᠬᠤᠪᠢᠶᠠᠵᠤ ᠪᠣᠯᠵᠣᠨ ᠡᠮᠴᠢᠯᠡᠭᠦᠯᠬᠦ᠂ ᠡᠪᠡᠳᠴᠢᠲᠡᠨ ᠤ ᠡᠭᠦᠳᠡᠨ ᠡᠮᠨᠡᠯᠭᠡ ᠳᠤ ᠬᠦᠯᠢᠶᠡᠬᠦ ᠴᠠᠭ ᠢ ᠪᠣᠭᠤᠨᠢᠰᠬᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠭᠡᠪᠡ᠃
ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠦᠢᠯᠡᠴᠢᠯᠡᠭᠡ ᠶᠢ ᠰᠠᠶᠢᠵᠢᠷᠠᠭᠤᠯᠬᠤ ︽ᠵᠢᠭᠠᠬᠠᠨ ᠭᠠᠷᠳᠠᠴᠠ︾ ᠪᠠᠷ ᠡᠪᠡᠳᠴᠢᠨ ᠦᠵᠡᠭᠦᠯᠵᠦ ᠡᠮᠨᠡᠭᠦᠯᠬᠦ ︽ᠶᠡᠭᠡ ᠠᠷᠠᠳ ᠤᠨ ᠠᠮᠢᠳᠤᠷᠠᠯ︾ ᠢ ᠦᠷᠭᠦᠯᠵᠢᠯᠡᠨ ᠳᠠᠶᠢᠴᠢᠯᠠᠵᠤ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠡᠮᠴᠢᠯᠡᠭᠡᠨ ᠤ ᠦᠢᠯᠡᠴᠢᠯᠡᠭᠡ ᠶᠢᠨ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠡᠪᠡᠳᠴᠢᠲᠡᠳ ᠲᠤ ᠡᠮᠨᠡᠯᠭᠡ ᠠᠴᠠ ᠭᠠᠷᠤᠭᠰᠠᠨ ᠤ ᠳᠠᠷᠠᠭᠠᠬᠢ ᠬᠠᠮᠢᠶᠠᠷᠤᠯᠲᠠ ᠪᠠ ᠲᠠᠭᠠᠨ ᠰᠤᠷᠪᠤᠯᠵᠢᠯᠠᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠰᠢᠨ᠎ᠡ ᠬᠡᠯᠪᠡᠷᠢ ᠶᠢᠨ ᠡᠭᠦᠳᠡᠨ ᠡᠮᠨᠡᠯᠭᠡ ᠶᠢ ᠦᠷᠭᠦᠯᠵᠢᠯᠡᠨ ᠳᠡᠯᠭᠡᠷᠡᠭᠦᠯᠬᠦ ᠵᠡᠷᠭᠡ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯᠲᠦ ᠬᠠᠷᠢᠴᠠᠭ᠎ᠠ ᠶᠢ ᠪᠠᠶᠢᠭᠤᠯᠤᠨ᠂ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ ᠶᠢ ᠪᠣᠶ ᠪᠣᠯᠭᠠᠨ᠎ᠠ ᠭᠡᠵᠡᠢ᠃
ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠬᠦ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠦᠭᠰᠡᠨ ᠪᠦᠭᠡᠳ ᠱᠠᠲᠤ ᠬᠤᠪᠢᠶᠠᠨ ᠣᠨᠣᠰᠢᠯᠠᠨ ᠡᠮᠴᠢᠯᠡᠬᠦ ᠳᠦᠷᠢᠮ ᠢ ᠡᠮᠬᠢ ᠵᠢᠷᠤᠮ ᠲᠠᠢ ᠠᠬᠢᠭᠤᠯᠤᠨ᠎ᠠ
︽ᠶᠡᠭᠡ ᠡᠪᠡᠳᠴᠢᠨ ᠬᠦᠨᠳᠦ ᠡᠪᠡᠳᠴᠢᠨ ᠢ ᠲᠤᠰ ᠮᠤᠵᠢ ᠳᠤ ᠪᠠᠨ ᠰᠢᠢᠳᠪᠦᠷᠢᠯᠡᠴᠢᠬᠡᠨ᠎ᠡ᠂ ᠡᠩ ᠤᠨ ᠡᠪᠡᠳᠴᠢᠨ ᠢ ᠬᠤᠲᠠ ᠰᠢᠶᠠᠨ ᠳᠤ ᠰᠢᠢᠳᠪᠦᠷᠢᠯᠡᠨ᠎ᠡ᠂ ᠲᠣᠯᠣᠭᠠᠢ ᠡᠪᠡᠳᠴᠦ ᠬᠠᠯᠠᠭᠤᠷᠠᠬᠤ ᠶᠢ ᠰᠢᠶᠠᠩ ᠪᠠᠯᠭᠠᠰᠤ᠂ ᠲᠣᠰᠬᠤᠨ ᠳᠤ ᠰᠢᠢᠳᠪᠦᠷᠢᠯᠡᠨ᠎ᠡ︾᠂ ᠡᠨᠡ ᠪᠣᠯ ᠡᠮᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠬᠠᠷᠠᠯᠲᠠ ᠮᠥᠨ᠃
ᠣᠳᠣᠬᠠᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠬᠦ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠴᠡᠢ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠵᠤᠷᠭᠠᠨ ᠤ ᠳᠠᠷᠤᠭ᠎ᠠ ᠹᠦ᠋ ᠸᠧᠢ ᠶᠢᠨ ᠲᠠᠨᠢᠯᠴᠠᠭᠤᠯᠤᠭᠰᠠᠨ ᠢᠶᠠᠷ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠣᠯᠠᠨ ᠲᠦᠮᠡᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ ᠡᠪᠡᠳᠴᠢᠨ ᠦᠵᠡᠭᠦᠯᠬᠦ ᠦᠶᠯᠡ ᠠᠵᠢᠯᠯᠠᠭ᠎ᠠ ᠳᠤ ᠴᠢᠬᠤᠯᠠ ᠪᠦᠬᠦᠢ ᠵᠢᠯᠣᠭᠤᠳᠤᠯᠭ᠎ᠠ ᠬᠢᠬᠦ ᠬᠡᠷᠡᠭᠲᠡᠢ᠂ ᠶᠠᠭᠠᠬᠢᠭᠰᠠᠨ ᠴᠤ ︽ᠵᠡᠭᠦᠦ ᠲᠠᠷᠢᠵᠤ︾ ︽ᠡᠮ ᠠᠪᠬᠤ︾ ᠪᠠᠷ ᠯᠠ ᠬᠢᠵᠠᠭᠠᠷᠯᠠᠵᠤ ᠪᠣᠯᠬᠤ ᠦᠭᠡᠢ ᠭᠡᠵᠡᠢ᠃
ᠹᠦ᠋ ᠸᠧᠢ ᠢᠯᠡᠷᠬᠡᠶᠢᠯᠡᠬᠦ ᠳᠤ ᠪᠠᠨ᠂ 2024 ᠣᠨ ᠳᠤ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠢᠯᠲᠠᠨ᠂ ᠮᠡᠷᠭᠡᠵᠢᠯ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠳᠥᠷᠪᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ ᠪᠠ ᠬᠦᠴᠢᠷ ᠲᠦᠪᠡᠭᠲᠡᠢ ᠡᠪᠡᠳᠴᠢᠨ ᠡᠮᠭᠡᠭ ᠢ ᠢᠯᠭᠠᠨ ᠲᠠᠨᠢᠵᠤ ᠰᠢᠯᠵᠢᠭᠦᠯᠦᠨ ᠣᠨᠣᠰᠢᠯᠠᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠦᠨᠳᠦᠰᠦᠨ ᠱᠠᠲᠤᠨ ᠳᠤ ᠪᠠᠶᠢᠴᠠᠭᠠᠬᠤ᠂ ᠳᠡᠭᠡᠳᠦ ᠱᠠᠲᠤᠨ ᠳᠤ ᠣᠨᠣᠰᠢᠯᠠᠬᠤ᠂ ᠦᠷ᠎ᠡ ᠳ᠋ᠦᠩ ᠢ ᠬᠤᠪᠢᠶᠠᠯᠴᠠᠬᠤ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠩ ᠣᠯᠠᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠶᠠᠨ ᠤ ᠬᠡᠪᠴᠢᠶᠡᠨ ᠳᠤ ᠰᠢᠢᠳᠪᠦᠷᠢᠯᠡᠵᠦ ᠴᠢᠳᠠᠬᠤ ᠪᠣᠯᠭᠠᠨ᠎ᠠ ᠭᠡᠪᠡ᠃
ᠮᠤᠵᠢ ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠢ ᠠᠪᠤᠷᠠᠨ ᠵᠠᠰᠠᠬᠤ ᠲᠥᠪ 3491 ᠳᠤ ᠬᠦᠷᠦᠭᠰᠡᠨ ᠪᠦᠭᠡᠳ ᠡᠬᠡ ᠨᠢᠯᠬᠠᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠦᠯᠵᠢᠶ᠎ᠡ ᠶᠢ ᠨᠢᠭᠲᠠ ᠰᠦᠯᠵᠢᠨ᠎ᠡ
2023 ᠣᠨ ᠳᠤ᠂ ᠪᠥᠬᠦ ᠤᠯᠤᠰ ᠤᠨ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠤᠨ ᠠᠳᠡᠭᠰᠡᠨ ᠨᠣᠷᠮ᠎ᠠ 15.1/10 ᠲᠦᠮᠡ ᠳᠤ ᠬᠦᠷᠴᠦ᠂ ᠨᠢᠯᠬ᠎ᠠ ᠬᠡᠦᠬᠡᠳ ᠤᠨ ᠠᠳᠡᠭᠰᠡᠨ ᠨᠣᠷᠮ᠎ᠠ 4.5‰ ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ 6.2‰ ᠲᠤ ᠬᠦᠷᠴᠦ᠂ 2020 ᠣᠨ ᠤ ᠬᠢ ᠲᠠᠢ ᠬᠠᠷᠢᠴᠠᠭᠤᠯᠪᠠᠯ᠂ ᠲᠣᠰ ᠲᠣᠰ 10.7%᠂ 16.7% ᠪᠠ 17.3% ᠪᠠᠷ ᠪᠠᠭᠤᠷᠠᠪᠠ᠃ ᠨᠢᠯᠬ᠎ᠠ ᠬᠡᠦᠬᠡᠳ ᠤᠨ ᠠᠳᠡᠭᠰᠡᠨ ᠨᠣᠷᠮ᠎ᠠ ᠪᠠ 5 ᠨᠠᠰᠤᠨ ᠠᠴᠠ ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ ᠨᠢᠭᠡᠨᠲᠡ ︽14·5︾ ᠶᠢᠨ ᠤᠯᠤᠰ ᠠᠷᠠᠳ ᠤᠨ ᠡᠷᠡᠭᠦᠯ ᠮᠡᠨᠳᠦ ᠶᠢᠨ ᠲᠦᠯᠦᠪᠯᠡᠭᠡ ᠶᠢᠨ ᠬᠠᠷᠠᠯᠲᠠ ᠶᠢᠨ ᠱᠠᠭᠠᠷᠳᠠᠯᠭ᠎ᠠ ᠳᠤ ᠬᠦᠷᠴᠡᠢ᠃
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ ᠵᠤᠷᠭᠠᠨ ᠤ ᠳᠡᠳ᠋ ᠳᠠᠷᠤᠭ᠎ᠠ ᠱᠧᠨ ᠬᠠᠢ ᠫᠢᠩ ᠤᠨ ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠲᠤ ᠨᠢᠭᠡᠨᠲᠡ ᠮᠤᠵᠢ ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠢ ᠠᠪᠤᠷᠠᠨ ᠵᠠᠰᠠᠬᠤ ᠲᠥᠪ 3491᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ 3321 ᠪᠠᠶᠢᠭᠤᠯᠵᠤ᠂ ᠬᠠᠮᠤᠷᠬᠤ ᠬᠡᠪᠴᠢᠶ᠎ᠡ ᠨᠢ ᠥᠷᠭᠡᠨ᠂ ᠱᠠᠲᠤ ᠬᠤᠪᠢᠶᠠᠨ ᠬᠠᠷᠢᠭᠤᠴᠠᠬᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠦᠳᠡᠯᠦᠯᠴᠡᠬᠦ᠂ ᠡᠮᠬᠢ ᠵᠢᠷᠤᠮ ᠲᠠᠢ ᠠᠷᠭᠠᠴᠠᠭᠠᠬᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠪᠠ ᠨᠢᠷᠠᠢ ᠬᠡᠦᠬᠡᠳ ᠢ ᠠᠪᠤᠷᠠᠨ ᠵᠠᠰᠠᠬᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠪᠠ ᠭᠡᠵᠡᠢ᠃
ᠱᠧᠨ ᠬᠠᠢ ᠫᠢᠩ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠳᠦᠷᠢᠮ︾ ᠢ ᠦᠷᠭᠦᠯᠵᠢᠯᠡᠨ ᠪᠠᠬᠢᠵᠢᠭᠦᠯᠦᠨ ᠬᠡᠷᠡᠭᠵᠢᠭᠦᠯᠵᠦ᠂ ᠡᠬᠡ ᠨᠢᠯᠬᠠᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠦᠯᠵᠢᠶ᠎ᠡ ᠶᠢ ᠨᠢᠭᠲᠠ ᠰᠦᠯᠵᠢᠵᠦ᠂ ᠬᠥᠩᠭᠡᠵᠢᠬᠦ ᠳᠤ ᠲᠤᠰᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠠᠴᠢᠮ ᠬᠦᠨᠳᠦ ᠲᠦᠭᠰᠢᠭᠦᠷᠢᠲᠡᠢ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠵᠢᠷᠮᠦᠰᠦᠨ ᠪᠠ ᠬᠥᠩᠭᠡᠵᠢᠬᠦ ᠡᠮᠡᠭᠲᠡᠶᠢᠴᠦᠳ ᠤᠨ ᠡᠮᠨᠡᠯᠭᠡ ᠳᠤ ᠰᠠᠭᠤᠵᠤ ᠬᠥᠩᠭᠡᠵᠢᠬᠦ ᠲᠠᠭᠠᠯᠠᠮᠵᠢ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠡᠢ᠃