ᠮᠠᠨ ᠤ ᠣᠷᠣᠨ ᠤ ᠬᠥᠷᠥᠰᠥᠨ ᠤ ᠰᠢᠮᠡᠳᠬᠡᠯ ᠪᠠ ᠴᠠᠭ ᠠᠭᠤᠷ ᠤᠨ ᠨᠥᠬᠦᠴᠡᠯ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ
ᠨᠡᠶᠢᠲᠡᠯᠡᠭᠰᠡᠨ ᠴᠠᠭ᠄
2024/3/25

ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶᠠᠨ ᠤ 2024 ᠣᠨ ᠤ ᠨᠢᠭᠡᠳᠦᠭᠡᠷ ᠤᠯᠠᠷᠢᠯ ᠤᠨ ᠴᠠᠭ ᠠᠭᠤᠷ ᠤᠨ ᠮᠡᠳᠡᠭᠡ ᠨᠡᠪᠲᠡᠷᠡᠭᠦᠯᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠬᠥᠷᠥᠰᠥᠨ ᠤ ᠰᠢᠮᠡᠳᠬᠡᠯ ᠪᠠ ᠴᠠᠭ ᠠᠭᠤᠷ ᠤᠨ ᠨᠥᠬᠦᠴᠡᠯ ᠨᠢ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃

ᠪᠥᠬᠦ ᠣᠷᠣᠨ ᠤ ᠬᠥᠷᠥᠰᠥᠨ ᠤ ᠰᠢᠮᠡᠳᠬᠡᠯ ᠢ ᠬᠢᠨᠠᠨ ᠰᠢᠨᠵᠢᠭᠰᠡᠨ ᠳ᠋ᠦᠩ ᠠᠴᠠ ᠦᠵᠡᠪᠡᠯ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ ᠭᠤᠷᠪᠠᠳᠤᠭᠠᠷ ᠲᠥᠷᠥᠯ ᠤᠨ ᠰᠢᠮᠡᠳᠬᠡᠯ ᠤᠨ ᠲᠠᠯᠠᠪᠠᠶ ᠨᠢ ᠲᠣᠰ ᠲᠣᠰ ᠶᠡᠷᠦᠩᠬᠡᠢ ᠲᠠᠯᠠᠪᠠᠶ ᠶᠢᠨ 22.3%᠂ 21.9%᠂ 55.8% ᠶᠢ ᠡᠵᠡᠯᠡᠵᠦ᠂ ᠡᠭᠦᠨ ᠳᠤ ᠲᠠᠷᠢᠶᠠᠯᠠᠬᠤ ᠣᠷᠣᠨ ᠤ ᠰᠢᠮᠡᠳᠬᠡᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠲᠠᠷᠢᠶᠠᠯᠠᠬᠤ ᠣᠷᠣᠨ ᠤ ᠭᠤᠷᠪᠠᠨ ᠲᠥᠷᠥᠯ ᠤᠨ ᠰᠢᠮᠡᠳᠬᠡᠯ ᠤᠨ ᠲᠠᠯᠠᠪᠠᠶ ᠨᠢ ᠵᠠᠭᠤᠨ ᠤ ᠵᠢᠷᠠ ᠠᠴᠠ ᠳᠡᠭᠡᠭᠰᠢ ᠪᠠᠶᠢᠵᠤ᠂ ᠪᠤᠰᠤᠳ ᠶᠡᠬᠡᠩᠬᠢ ᠲᠠᠷᠢᠶᠠᠯᠠᠬᠤ ᠣᠷᠣᠨ ᠳᠤ ᠨᠢᠭᠡᠳᠦᠭᠡᠷ᠂ ᠬᠤᠶᠠᠳᠤᠭᠠᠷ ᠲᠥᠷᠥᠯ ᠤᠨ ᠰᠢᠮᠡᠳᠬᠡᠯ ᠢᠶᠠᠷ ᠭᠤᠣᠯᠯᠠᠵᠤ᠂ ᠶᠡᠷᠦᠩᠬᠡᠢ ᠳᠤ ᠪᠠᠨ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠪᠠᠶᠢᠨ᠎ᠠ᠃

3 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠣᠷᠣᠨ ᠤ ᠠᠭᠠᠷ ᠤᠨ ᠳᠤᠯᠠᠭᠠᠨ ᠬᠡᠯᠪᠡᠯᠵᠡᠨ ᠳᠡᠭᠡᠭᠰᠢᠯᠡᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠪᠤᠭᠤᠳᠠᠢ ᠳᠠᠷᠢᠬᠤ ᠠᠵᠢᠯ ᠡᠮᠬᠢ ᠵᠢᠷᠤᠮ ᠲᠠᠢ ᠶᠠᠪᠤᠭᠳᠠᠵᠤ᠂ ᠪᠤᠰᠤᠳ ᠲᠠᠷᠢᠶᠠᠯᠠᠬᠤ ᠣᠷᠣᠨ ᠨᠤᠭᠤᠳ ᠤᠨ ᠬᠥᠷᠥᠰᠥ ᠵᠠᠯᠭᠠᠭ᠎ᠠ ᠪᠠᠷ ᠭᠡᠰᠴᠦ᠂ ᠲᠠᠷᠢᠶᠠᠯᠠᠬᠤ ᠪᠠᠷ ᠪᠡᠯᠡᠳᠬᠡᠵᠦ ᠭᠠᠵᠠᠷ ᠲᠡᠭᠰᠢᠯᠡᠬᠦ ᠱᠠᠲᠤᠨ ᠳᠤ ᠪᠠᠶᠢᠵᠤ᠂ ᠳᠤᠮᠳᠠ ᠪᠠ ᠵᠡᠭᠦᠨ ᠬᠡᠰᠡᠭ ᠤᠨ ᠬᠠᠪᠤᠷ ᠤᠨ ᠪᠤᠭᠤᠳᠠᠢ ᠶᠢ 3 ᠳ᠋ᠤᠭᠠᠷ ᠰᠠᠷ᠎ᠠ ᠶᠢᠨ ᠰᠡᠭᠦᠯᠴᠢ ᠠᠴᠠ 4 ᠳ᠋ᠦ᠋ᠭᠡᠷ ᠰᠠᠷ᠎ᠠ ᠶᠢᠨ ᠡᠬᠢᠨ ᠳᠤ ᠵᠠᠯᠭᠠᠭ᠎ᠠ ᠪᠠᠷ ᠲᠠᠷᠢᠵᠤ ᠡᠬᠢᠯᠡᠨ᠂ ᠡᠷᠳᠡᠨᠢ ᠰᠢᠰᠢ᠂ ᠲᠥᠮᠥᠰᠥ ᠪᠠ ᠰᠢᠷ᠎ᠠ ᠪᠤᠷᠴᠠᠭ ᠢ 4 ᠳ᠋ᠦ᠋ᠭᠡᠷ ᠰᠠᠷ᠎ᠠ ᠶᠢᠨ ᠳᠤᠮᠳᠠᠴᠢ ᠪᠠᠷ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠲᠠᠷᠢᠬᠤ ᠪᠠᠷ ᠵᠢᠱᠢᠵᠦ ᠪᠣᠢ᠃ ᠮᠠᠯᠵᠢᠬᠤ ᠣᠷᠣᠨ ᠤ ᠰᠢᠮᠡᠳᠬᠡᠯ ᠨᠢᠳᠤᠨᠤᠨ ᠤ ᠠᠳᠠᠯᠢ ᠬᠤᠭᠤᠴᠠᠭ᠎ᠠ ᠪᠠ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠳᠤ ᠣᠶᠢᠷᠠᠳᠴᠤ᠂ ᠣᠶᠢᠷ᠎ᠠ ᠶᠢᠨ ᠬᠤᠭᠤᠴᠠᠭᠠᠨ ᠤ ᠪᠣᠷᠣᠭᠠᠨ ᠴᠠᠰᠤ ᠲᠠᠢ ᠴᠠᠭ ᠠᠭᠤᠷ ᠨᠢ ᠮᠠᠯᠵᠢᠬᠤ ᠣᠷᠣᠨ ᠤ ᠰᠢᠮᠡᠳᠬᠡᠯ ᠢ ᠬᠠᠮᠠᠭᠠᠯᠠᠨ ᠨᠡᠮᠡᠭᠳᠡᠭᠦᠯᠬᠦ ᠳᠤ ᠠᠰᠢᠭᠲᠠᠢ ᠪᠣᠯᠪᠠᠴᠤ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠤᠨ ᠴᠠᠰᠤᠨ ᠤ ᠬᠡᠮᠵᠢᠶ᠎ᠡ ᠨᠡᠯᠢᠶᠡᠳ ᠶᠡᠭᠡ ᠪᠠᠶᠢᠵᠤ᠂ ᠮᠠᠯ ᠤᠨ ᠪᠡᠯᠴᠢᠭᠡᠷ ᠲᠤ ᠭᠠᠷᠬᠤ᠂ ᠢᠳᠡᠰᠢᠯᠡᠬᠦ᠂ ᠬᠦᠢᠲᠡᠨ ᠢ ᠰᠡᠷᠭᠡᠶᠢᠯᠡᠵᠦ ᠳᠤᠯᠠᠭᠠᠨ ᠢ ᠬᠠᠮᠠᠭᠠᠯᠠᠬᠤ ᠪᠠ ᠲᠥᠯ ᠲᠤᠰᠴᠤ ᠲᠡᠵᠢᠭᠡᠬᠦ ᠳᠤ ᠠᠰᠢᠭ ᠦᠭᠡᠢ ᠨᠥᠯᠥᠭᠡᠯᠡᠵᠦ ᠪᠠᠶᠢᠨ᠎ᠠ᠃ ᠣᠳᠣᠬᠠᠨ ᠳᠤ ᠪᠥᠬᠦ ᠣᠷᠣᠨ ᠤ ᠶᠡᠬᠡᠩᠬᠢ ᠮᠠᠯᠵᠢᠬᠤ ᠣᠷᠣᠨ ᠤ ᠡᠪᠡᠰᠦ ᠪᠡᠯᠴᠢᠭᠡᠷ ᠬᠠᠷᠠᠬᠠᠨ ᠨᠣᠭᠤᠭᠠᠷᠠᠭᠠᠳᠤᠢ᠂ ᠵᠢᠱᠢᠯᠲᠡ ᠪᠠᠷ ᠳᠥᠷᠪᠡᠳᠦᠭᠡᠷ ᠰᠠᠷ᠎ᠠ ᠶᠢᠨ ᠰᠢᠨᠡᠳ ᠠᠴᠠ ᠡᠬᠢᠯᠡᠵᠦ᠂ ᠪᠠᠷᠠᠭᠤᠨ ᠠᠴᠠ ᠵᠡᠭᠦᠨᠰᠢ ᠵᠠᠯᠭᠠᠭ᠎ᠠ ᠪᠠᠷ ᠨᠣᠭᠤᠭᠠᠷᠠᠨ᠎ᠠ᠃

ᠴᠠᠭ ᠠᠭᠤᠷ ᠤᠨ ᠰᠠᠯᠠᠭ᠎ᠠ ᠮᠥᠴᠢᠷ ᠰᠠᠨᠠᠭᠤᠯᠬᠤ ᠨᠢ ᠭᠤᠣᠯ ᠪᠣᠯᠬᠤ ᠲᠠᠷᠢᠶᠠᠯᠠᠬᠤ ᠣᠷᠣᠨ ᠨᠤᠭᠤᠳ ᠠᠰᠢᠭᠲᠠᠢ ᠲᠣᠬᠢᠶᠠᠯ ᠢ ᠠᠮᠵᠢᠵᠤ᠂ ᠴᠢᠭᠢᠭ ᠢ ᠵᠠᠪᠳᠤᠨ ᠲᠠᠷᠢᠵᠠᠭᠠᠵᠤ᠂ ᠬᠠᠪᠤᠷ ᠤᠨ ᠲᠠᠷᠢᠶᠠᠯᠠᠭ᠎ᠠ ᠶᠢ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠬᠤ ᠪᠠᠨ ᠪᠠᠲᠤᠯᠠᠭᠠᠷᠠᠢ︔ ᠵᠡᠭᠦᠨ ᠬᠡᠰᠡᠭ ᠤᠨ ᠲᠠᠷᠢᠶᠠᠯᠠᠬᠤ ᠣᠷᠣᠨ ᠨᠤᠭᠤᠳ ᠬᠥᠷᠥᠰᠥ ᠭᠡᠰᠬᠦ ᠶᠢ ᠢᠳᠡᠪᠬᠢᠲᠡᠢ ᠠᠩᠬᠠᠷᠴᠤ᠂ ᠬᠠᠪᠤᠷ ᠤᠨ ᠲᠠᠷᠢᠶᠠᠯᠠᠭ᠎ᠠ ᠶᠢ ᠴᠠᠭ ᠲᠤᠬᠠᠢ ᠳᠤ ᠨᠢ ᠠᠬᠢᠭᠤᠯᠤᠭᠠᠷᠠᠢ︔ ᠳᠤᠮᠳᠠ ᠬᠡᠰᠡᠭ ᠤᠨ ᠭᠠᠵᠠᠷ ᠣᠷᠣᠨ ᠳᠤ ᠱᠠᠲᠤᠴᠢ ᠴᠢᠨᠠᠷᠲᠠᠢ ᠬᠠᠪᠤᠷ ᠤᠨ ᠭᠠᠩ ᠤᠨ ᠲᠦᠭᠰᠢᠭᠦᠷᠢ ᠨᠡᠯᠢᠶᠡᠳ ᠶᠡᠭᠡ ᠪᠠᠶᠢᠵᠤ᠂ ᠬᠠᠭᠤᠷᠠᠢ ᠲᠠᠷᠢᠶᠠᠯᠠᠬᠤ ᠣᠷᠣᠨ ᠳᠤ ᠬᠥᠷᠥᠰᠥᠨ ᠤ ᠰᠢᠮᠡᠳᠬᠡᠯ ᠵᠢᠴᠢ ᠴᠠᠭ ᠠᠭᠤᠷ ᠤᠨ ᠪᠠᠶᠢᠳᠠᠯ ᠲᠠᠢ ᠤᠶᠠᠯᠳᠤᠭᠤᠯᠤᠨ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠢᠶᠠᠨ ᠰᠠᠶᠢᠲᠤᠷ ᠬᠢᠭᠡᠷᠡᠢ︔ ᠮᠠᠯᠵᠢᠬᠤ ᠣᠷᠣᠨ ᠪᠣᠯ ᠶᠠᠭ ᠰᠠᠶᠢᠬᠠᠨ ᠨᠤᠲᠤᠭ ᠪᠡᠯᠴᠢᠭᠡᠷ ᠤᠨ ᠰᠢᠨ᠎ᠡ ᠬᠠᠭᠤᠴᠢᠨ ᠵᠣᠯᠭᠠᠭᠠᠳᠤᠢ ᠪᠠ ᠬᠠᠪᠤᠷ ᠤᠨ ᠬᠤᠮᠰᠠ ᠴᠠᠭ ᠲᠤ ᠪᠠᠶᠢᠵᠤ᠂ ᠬᠠᠪᠤᠷ ᠣᠷᠣᠭᠰᠠᠨ ᠤ ᠲᠠᠷᠠᠭ᠎ᠠ ᠬᠦᠢᠲᠡᠨ ᠠᠭᠤᠷ ᠠᠮᠢᠰᠬᠤᠯ ᠣᠯᠠᠰᠢᠷᠠᠵᠤ᠂ ᠢᠯᠠᠩᠭᠤᠶ᠎ᠠ ᠬᠥᠭᠰᠢᠨ ᠳᠣᠷᠣᠢ ᠡᠪᠡᠳᠴᠢᠨ ᠲᠠᠢ ᠮᠠᠯ ᠪᠠ ᠰᠠᠶ᠋ᠢ ᠲᠦᠷᠦᠭᠰᠡᠨ ᠲᠥᠯ ᠢ ᠨᠡᠯᠢᠶᠡᠳ ᠶᠡᠭᠡ ᠨᠥᠯᠥᠭᠡᠯᠡᠳᠡᠭ ᠪᠣᠯᠬᠤᠷ ᠡᠯ᠎ᠡ ᠭᠠᠵᠠᠷ ᠤᠨ ᠬᠢᠨ ᠬᠢᠵᠢᠭ ᠡᠪᠡᠳᠴᠢᠨ ᠢ ᠰᠡᠷᠭᠡᠶᠢᠯᠡᠬᠦ ᠵᠢᠴᠢ ᠡᠪᠡᠰᠦ ᠪᠣᠷᠳᠤᠭ᠎ᠠ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢᠶᠠᠨ ᠤᠷᠢᠳᠴᠢᠯᠠᠨ ᠰᠠᠶᠢᠲᠤᠷ ᠬᠢᠭᠡᠷᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ