ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠢᠰᠦᠳᠦᠭᠡᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2024/3/26

 

3 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠶᠢᠰᠦᠳᠦᠭᠡᠷ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 73 ᠪᠦᠷᠢᠯᠳᠦᠭᠦᠨ ᠲᠠᠢ᠂ 64 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠵᠠᠢ᠃

ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ︔ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠭᠤᠯᠵᠤ ᠬᠢᠨᠠᠨ ᠪᠠᠶᠢᠴᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ ︔ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠡᠷᠭᠢᠯᠡᠭᠴᠢ ᠫᠠᠨ ᠶᠦᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠦᠷᠢᠮ︾ ᠵᠡᠷᠭᠡ ᠣᠷᠣᠨ ᠨᠤᠲᠤᠭ ᠤᠨ ᠴᠢᠨᠠᠷᠲᠠᠢ 7 ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠲᠥᠰᠥᠯ︶ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠦᠢ ᠱᠸ ᠸᠧᠨ ᠤ ᠬᠢᠭᠰᠡᠨ 2023 ᠣᠨ ᠤ ᠪᠦᠭᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠪᠠ ︔ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2023 ᠣᠨ ᠤ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠤ ᠬᠠᠮᠲᠤ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠪᠠ᠃

ᠬᠤᠷᠠᠯ ᠠᠴᠠ ᠵᠠᠩ ᠽᠦᠸᠧ ᠾᠧᠦ ᠶᠢᠨ ᠬᠢᠭᠰᠡᠨ 2023 ᠣᠨ ᠤ ᠳᠠᠩᠰᠠᠯᠠᠭᠤᠯᠵᠤ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ︔ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

ᠬᠤᠷᠠᠯ ᠠᠴᠠ ᠬᠡᠰᠡᠭ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠨᠡᠷ᠎ᠡ ᠶᠢ ᠬᠠᠯᠠᠬᠤ ᠲᠤᠬᠠᠢ ᠲᠣᠭᠲᠠᠭᠠᠯ ︵ᠲᠥᠰᠥᠯ︶ ᠵᠢᠴᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠬᠢᠨᠠᠨ ᠵᠥᠪᠯᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ