ᠸᠠᠩ ᠯᠢ ᠰᠢᠶᠠ ᠪᠣᠭᠤᠳᠤ ᠳᠤ ︽ᠬᠤᠪᠣᠷ ᠰᠢᠷᠤᠢ ᠶᠢᠨ ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/27

      3 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠸᠠᠩ ᠯᠢ ᠰᠢᠶᠠ ᠪᠣᠭᠤᠳᠤ ᠳᠤ ︽ᠬᠤᠪᠤᠷ ᠰᠢᠷᠤᠢ ᠶᠢᠨ ᠬᠤᠶᠠᠷ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃


0327王莉霞在包头调研“两个稀土基地”建设.jpg


      ᠸᠠᠩ ᠯᠢ ᠰᠢᠶᠠ ᠮᠢᠩ ᠶᠠᠩ ᠡᠨᠧᠷᠭᠢ ᠶᠢᠨ ᠺᠤᠮᠫᠠᠨᠢ ᠳᠤ ᠬᠦᠷᠴᠦ ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠦᠢᠯᠡᠳᠪᠦᠷᠢᠯᠡᠬᠦ ᠂ ᠤᠭᠰᠠᠷᠠᠬᠤ ᠂ ᠲᠡᠭᠡᠭᠡᠪᠦᠷᠢᠯᠡᠬᠦ ᠂ ᠬᠡᠷᠡᠭᠯᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠠᠵᠤ ᠠᠬᠤᠶᠢᠯᠠᠯ ᠨᠢ ᠪᠦᠭᠦ ᠪᠥᠮᠪᠥᠷᠴᠡᠭ ᠤᠨ ᠠᠩᠬᠠᠳᠠᠭᠴᠢ ᠪᠠᠭᠤᠷᠠᠨ ᠵᠠᠳᠠᠷᠠᠵᠤ ᠪᠤᠯᠬᠤ ᠡᠭᠡᠭᠦᠯᠦᠨ ᠬᠤᠷᠢᠶᠠᠵᠤ ᠪᠤᠯᠬᠤ ᠰᠠᠯᠬᠢᠨ ᠬᠦᠴᠦᠨ ᠤ ᠴᠠᠭᠢᠯᠭᠠᠨ ᠤ ᠮᠠᠰᠢᠨ ᠤ ᠰᠠᠷᠭᠢᠷᠠᠭᠤᠷ ᠰᠤᠳᠤᠯᠤᠨ ᠦᠢᠯᠡᠳᠦᠭᠰᠡᠨ ᠢ ᠣᠶᠢᠯᠠᠭᠠᠭᠠᠳ ᠂ ᠲᠡᠷᠡ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ ᠂ ᠡᠴᠦᠰ ᠤᠨ ᠦᠢᠯᠡᠳᠬᠦᠨ ᠢ ᠲᠥᠯᠥᠪᠵᠢᠭᠦᠯᠦᠨ ᠪᠠᠶᠢᠷᠢᠰᠢᠭᠤᠯᠵᠤ ᠂ ᠡᠭᠡᠭᠦᠯᠦᠨ ᠬᠤᠷᠢᠶᠠᠵᠤ ᠲᠠᠭᠢᠨ ᠠᠰᠢᠭᠯᠠᠬᠤ ᠶᠢ ᠰᠢᠨ᠎ᠡ ᠠᠵᠤ ᠦᠢᠯᠡᠰ ᠪᠤᠯᠭᠠᠬᠤ ᠬᠡᠷᠡᠭᠲᠡᠢ ᠭᠡᠵᠦ ᠵᠠᠬᠢᠪᠠ ᠃

      ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠮᠠᠰᠢᠨ ᠮᠧᠬᠠᠨᠢᠭ ᠬᠦᠷᠴᠢᠭᠢᠨᠡᠵᠦ ᠪᠠᠶᠢᠯ᠎ᠠ ᠂ ᠸᠠᠩ ᠯᠢ ᠰᠢᠶᠠ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠦᠨᠡᠨ ᠪᠣᠳᠠᠲᠠᠢ ᠳᠡᠮᠵᠢᠯᠭᠡ ᠦᠵᠡᠭᠦᠯᠵᠦ ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠠᠬᠢᠪᠠ ᠃ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ ᠂ ᠲᠡᠷᠡ ᠠᠵᠤ ᠠᠬᠤᠶᠢᠯᠠᠯ ᠤᠨ ᠲᠣᠭᠤᠷᠢᠨ ᠳᠤ ᠰᠤᠳᠤᠯᠤᠨ ᠨᠡᠭᠡᠭᠡᠯᠲᠡ ᠬᠢᠵᠦ ᠂ ᠨᠡᠭᠡᠭᠡᠯᠲᠡ ᠬᠢᠬᠦ ᠰᠡᠳᠬᠢᠬᠦᠢ ᠪᠠ ᠠᠭᠤᠳᠠᠮᠴᠢ ᠰᠡᠳᠬᠢᠯᠭᠡ ᠪᠠᠷ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠡᠳᠡᠨ ᠣᠷᠣᠯᠴᠠᠭᠤᠯᠵᠤ ᠂ ︽ ᠥᠨᠳᠦᠷᠯᠢᠭ ᠭᠠᠵᠠᠷ ︾ ᠲᠤ ᠯᠠᠪᠳᠠᠭᠤᠨ ᠵᠣᠭᠰᠣᠵᠤ ᠂ ᠳᠠᠭᠢᠨ ︽ ᠨᠣᠶᠠᠨ ᠣᠷᠭᠢᠯ ︾ ᠳᠤ ᠮᠠᠴᠤᠬᠤ ᠬᠡᠷᠡᠭᠲᠡᠢ ᠭᠡᠵᠦ ᠱᠠᠭᠠᠷᠳᠠᠪᠠ ᠃

      ᠸᠠᠩ ᠯᠢ ᠰᠢᠶᠠ ᠪᠠᠶᠠᠨ ᠲᠡᠮᠦᠷ ᠤᠨ ᠠᠭᠤᠷᠬᠠᠢ ᠂ ᠤᠮᠠᠷᠠᠲᠤ ᠶᠢᠨ ᠬᠤᠪᠣᠷ ᠰᠢᠷᠣᠢ ᠂ ᠶᠢᠩ ᠰᠧ ᠲᠧ ᠬᠤᠪᠣᠷ ᠰᠣᠷᠢᠨᠵᠢᠨ ᠪᠣᠯᠣᠨ ᠰᠢᠩ ᠪᠦᠸᠧ ᠬᠥᠳᠡᠯᠭᠡᠬᠦ ᠬᠦᠴᠦᠨ ᠤ ᠺᠤᠮᠫᠠᠨᠢ ᠳᠤ ᠭᠦᠨᠵᠡᠭᠡᠶᠢᠷᠡᠵᠦ ᠂ ᠠᠵᠤ ᠠᠬᠤᠶᠢᠯᠠᠯ ᠤᠨ ᠬᠢᠨ ᠢ ᠮᠠᠯᠲᠠᠬᠤ ᠪᠠ ᠦᠢᠯᠡᠳᠪᠦᠷᠢᠯᠡᠬᠦ ᠣᠶᠤᠨᠴᠢᠯᠠᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠤᠷᠲᠤᠳᠬᠠᠵᠤ ᠂ ᠠᠵᠤ ᠦᠢᠯᠡᠰ ᠤᠨ ᠴᠤᠭᠯᠠᠷᠠᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠵᠠᠬᠢᠪᠠ ᠃

      ᠠᠬᠤᠢ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ ᠂ ᠸᠠᠩ ᠯᠢ ᠰᠢᠶᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠢᠴᠢᠶᠡᠩᠭᠦᠶᠢᠯᠡᠨ ᠵᠢᠷᠤᠮᠯᠠᠵᠤ ᠂ ᠰᠢᠨ᠎ᠡ ᠵᠠᠮ ᠢ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ ᠂ ︽ ᠠᠭᠤᠷᠬᠠᠢ ︾ ᠠᠴᠠ ︽ ᠬᠤᠪᠣᠷ ᠰᠢᠷᠣᠢ ︾ ᠪᠤᠯᠬᠤ ᠂ ︽ ᠬᠤᠪᠣᠷ ᠰᠢᠷᠣᠢ ︾ ᠠᠴᠠ ︽ ᠮᠠᠲ᠋ᠧᠷᠢᠶᠠᠯ ︾ ᠪᠤᠯᠬᠤ ᠂ ︽ ᠮᠠᠲ᠋ᠧᠷᠢᠶᠠᠯ ︾ ᠠᠴᠠ ︽ ᠬᠡᠷᠡᠭᠯᠡᠭᠡᠨ ᠤ ᠵᠦᠢᠯ ︾ ᠪᠤᠯᠬᠤ ᠭᠤᠷᠪᠠᠨ ᠠᠵᠢᠯ ᠢ ᠰᠠᠶᠢᠲᠤᠷ ᠬᠢᠵᠦ ᠂ ᠪᠦᠭᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠣᠨ ᠪᠦᠭᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠭᠦ ᠬᠦᠴᠦᠨ ᠢᠶᠠᠷ ᠢᠶᠠᠨ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠃ ᠲᠡᠷᠢᠭᠦᠨ ᠤ ᠦᠢᠯᠡᠳᠬᠦ ᠦᠢᠯᠡᠰ ᠤᠨ ︽ ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ ︾ ᠢ ᠰᠠᠶᠢᠲᠤᠷ ᠬᠢᠵᠦ ᠂ ᠰᠢᠨ᠎ᠡ ᠶᠢ ᠡᠭᠦᠳᠬᠦ ᠰᠡᠳᠬᠢᠬᠦᠢ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠳᠡᠭᠡᠷ᠎ᠡ ᠬᠦᠴᠦ ᠲᠠᠯᠪᠢᠵᠤ ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ︽ ᠰᠡᠳᠬᠢᠯ ᠬᠠᠨᠤᠮᠵᠢᠲᠠᠶ ᠪᠠᠶᠢᠯᠭᠠᠬᠤ ᠂ ᠰᠠᠨᠠᠭ᠎ᠠ ᠠᠮᠤᠷ ᠪᠠᠶᠢᠯᠭᠠᠬᠤ ︾ ᠨᠠᠷᠠᠲᠤ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ ᠂ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠵᠦ ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠴᠦ ᠂ ᠵᠠᠬ᠎ᠠ ᠳᠡᠯᠭᠡᠭᠦᠷ ᠣᠯᠭᠤᠵᠤ ᠥᠭᠴᠦ ᠂ ᠬᠡᠯᠬᠢᠶ᠎ᠡ ᠪᠦᠷᠢ ᠶᠢᠨ ᠬᠠᠮᠲᠤᠷᠠᠯᠴᠠᠭ᠎ᠠ ᠂ ᠭᠤᠭᠴᠤᠭ᠎ᠠ ᠪᠦᠷᠢ ᠶᠢᠨ ᠬᠠᠮᠲᠤᠷᠠᠯᠴᠠᠭ᠎ᠠ ᠶᠢ ᠠᠬᠢᠭᠤᠯᠵᠤ ᠂ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠤᠰᠬᠠᠢ ᠵᠠᠰᠠᠯᠲᠠ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠪᠡ ᠃

      ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ