2024 ᠣᠨ ᠤ ᠪᠦᠬᠦ ᠣᠷᠣᠨ ᠤ ᠴᠢᠬᠤᠯᠠ ᠶᠡᠭᠡ ᠲᠦᠰᠦᠯ ᠤᠳ ᠤᠨ ᠠᠵᠢᠯ ᠢ ᠰᠡᠷᠭᠦᠭᠡᠬᠦ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/3/27

 

3 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 2024 ᠣᠨ ᠤ ᠪᠥᠬᠦ ᠣᠷᠣᠨ ᠤ ᠴᠢᠬᠤᠯᠠ ᠶᠡᠭᠡ ᠲᠦᠰᠦᠯ ᠤᠳ ᠤᠨ ᠠᠵᠢᠯ ᠢ ᠰᠡᠷᠭᠦᠭᠡᠬᠦ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃

ᠬᠤᠸᠠᠩ ᡁᠢ ᠴᠢᠶᠠᠩ ᠬᠡᠯᠡᠬᠦ ᠳᠤ ᠪᠠᠨ ᠂ ᠲᠦᠰᠦᠯ ᠤᠨ ᠪᠦᠲᠦᠭᠡᠨ ᠪᠠᠶᠢᠭᠤᠯᠤᠯᠲᠠ ᠪᠣᠯ ᠵᠢᠪ ᠵᠢᠩᠬᠢᠨᠢ ᠠᠵᠤ ᠠᠬᠤᠢ ᠶᠢᠨ ᠠᠵᠢᠯ ᠮᠥᠨ᠃ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠳᠬᠤᠨ᠂ ᠱᠠᠯᠠᠪᠳᠠᠨ ᠬᠥᠳᠡᠯᠦᠯᠴᠡᠵᠦ᠂ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠢ᠃ ︽ᠲᠦᠰᠦᠯ ᠢ ᠲᠥᠯᠥᠪᠯᠡᠬᠦ ᠳᠤ ᠨᠥᠭᠡᠴᠡ ᠶᠢ ᠠᠳᠬᠤᠬᠤ ᠂ ᠰᠢᠨ᠎ᠡ ᠪᠠᠷ ᠪᠠᠶᠢᠭᠤᠯᠬᠤ ᠲᠦᠰᠦᠯ ᠳᠤ ᠠᠵᠢᠯ ᠡᠬᠢᠯᠡᠭᠦᠯᠬᠦ ᠶᠢ ᠠᠳᠬᠤᠬᠤ᠂ ᠪᠠᠶᠢᠭᠤᠯᠵᠤ ᠪᠠᠶᠢᠭ᠎ᠠ ᠲᠦᠰᠦᠯ ᠳᠤ ᠠᠬᠢᠴᠠ ᠶᠢ ᠠᠳᠬᠤᠬᠤ᠂ ᠪᠠᠶᠢᠭᠤᠯᠵᠤ ᠳᠠᠭᠤᠰᠬᠠᠭᠰᠠᠨ ᠲᠦᠰᠦᠯ ᠳᠤ ᠠᠵᠢᠯᠯᠠᠭᠤᠯᠬᠤ ᠶᠢ ᠠᠳᠬᠤᠬᠤ︾ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠵᠤ ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠨᠢᠭᠡ ᠨᠢᠭᠡ ᠲᠦᠰᠦᠯ ᠢᠶᠠᠷ ᠠᠩᠬᠠᠷᠬᠤ ᠬᠡᠷᠡᠭᠲᠡᠢ᠃ ᠲᠦᠰᠦᠯ ᠢ ᠶᠡᠭᠡ ᠪᠠᠷ ᠠᠳᠬᠤᠬᠤ᠂ ᠠᠷᠠᠯᠵᠢᠶᠠᠴᠢᠨ ᠤᠷᠢᠬᠤ ᠶᠢ ᠶᠡᠭᠡ ᠪᠠᠷ ᠠᠳᠬᠤᠬᠤ  ᠬᠥᠭᠵᠢᠯᠲᠡ ᠶᠢ ᠶᠡᠭᠡ ᠪᠠᠷ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠂ ᠨᠡᠶᠢᠭᠡᠮ ᠤᠨ ᠡᠯ᠎ᠡ ᠡᠲᠡᠭᠡᠳ ᠲᠤ ᠥᠪᠥᠷ ᠮᠣᠩᠭᠤᠯ ᠳᠤ ᠪᠡᠯᠡ ᠣᠷᠣᠭᠤᠯᠪᠠᠯ ᠦᠷ᠎ᠡ ᠠᠰᠢᠭ ᠲᠠᠢ᠂ ᠥᠪᠥᠷ ᠮᠣᠩᠭᠤᠯ ᠳᠤ ᠵᠣᠷᠢᠭᠤᠯᠪᠠᠯ ᠠᠴᠢ ᠬᠠᠷᠢᠭᠤᠯᠲᠠ ᠲᠠᠢ ᠂ ᠥᠪᠥᠷ ᠮᠣᠩᠭᠤᠯ ᠢ ᠬᠥᠭᠵᠢᠭᠦᠯᠬᠦ ᠳᠤ ᠲᠠᠪᠴᠠᠩ ᠲᠠᠢ ᠭᠡᠬᠦ ᠴᠢᠩᠭ᠎ᠠ ᠳᠣᠬᠢᠶ᠎ᠠ ᠶᠢ ᠥᠭᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠯᠡᠨ᠂ ᠠᠶᠤᠯ ᠦᠭᠡᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠵᠤ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭᠠᠲᠤ ᠦᠢᠯᠡᠳᠪᠦᠷᠢᠯᠡᠯ ᠢ ᠱᠠᠲᠤ ᠱᠠᠲᠤ ᠪᠠᠷ ᠠᠵᠢᠯ ᠤᠨ ᠪᠠᠶᠢᠷᠢ᠂ ᠬᠥᠮᠥᠨ᠂ ᠠᠵᠢᠯ ᠬᠦᠷᠲᠡᠯ᠎ᠡ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠯ᠎ᠡ᠃

ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠬᠤ ᠲᠦᠰᠦᠯ ᠤᠨ ᠪᠦᠲᠦᠭᠡᠨ ᠪᠠᠶᠢᠭᠤᠯᠤᠯᠲᠠ ᠶᠢᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠠᠭᠠᠪᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ