ᠲᠦᠷᠦᠭᠦᠸ ᠬᠤᠶᠠᠷ ᠰᠠᠷ᠎ᠠ ᠳᠤ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠭᠠᠷᠭᠠᠭᠰᠠᠨ ᠠᠶᠠᠨᠴᠢᠳ ᠤᠨ ᠲᠡᠷᠭᠡ ᠳᠠᠬᠢᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/3/27

 

ᠣᠶᠢᠷ᠎ᠠ ᠶᠢᠨ ᠵᠢᠯ ᠤᠳ ᠠᠴᠠ ᠂ ᠳᠤᠮᠳᠠᠳᠤ ᠤᠯᠤᠰ ᠤᠨ ᠠᠶᠠᠨᠴᠢᠳ ᠤᠨ ᠲᠡᠷᠭᠡᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠤᠳᠠᠭ᠎ᠠ ᠳᠠᠷᠠᠭᠠᠯᠠᠨ ᠨᠡᠮᠡᠭᠳᠡᠵᠦ ᠂ 2023 ᠣᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠡᠩ ᠴᠤ ᠰᠢᠨ᠎ᠡ ᠲᠡᠮᠳᠡᠭᠯᠡᠯ ᠢ ᠡᠭᠦᠳᠴᠡᠢ ᠃ ᠮᠠᠨᠵᠤᠤᠷ ᠪᠣᠭᠤᠮᠲᠠ ᠶᠢᠨ ᠪᠦᠷᠢᠳᠬᠡᠯ ᠠᠴᠠ ᠦᠵᠡᠪᠡᠯ᠂ ᠡᠨᠡ ᠵᠢᠯ ᠤᠨ ᠲᠦᠷᠦᠭᠦᠸ ᠬᠤᠶᠠᠷ ᠰᠠᠷ᠎ᠠ ᠳᠤ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠭᠠᠷᠭᠠᠭᠰᠠᠨ ᠲᠣᠮᠣ ᠬᠡᠯᠪᠡᠷᠢ ᠶᠢᠨ ᠠᠶᠠᠨᠴᠢᠳ ᠤᠨ ᠲᠡᠷᠭᠡᠨ ᠤ ᠬᠡᠮᠵᠢᠶ᠎ᠡ ᠪᠠ ᠦᠨ᠎ᠡ ᠳᠠᠬᠢᠨ ᠢᠶᠠᠷ ᠨᠡᠮᠡᠭᠳᠡᠵᠦ᠂ ᠨᠡᠶᠢᠲᠡ 413 ᠲᠡᠷᠭᠡ ᠶᠢ ᠭᠠᠷᠭᠠᠨ᠂ ᠭᠠᠳᠠᠭᠠᠳᠤ ᠳᠤ ᠭᠠᠷᠭᠠᠭᠰᠠᠨ ᠦᠷᠲᠡᠭ ᠨᠢ 2.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠪᠦᠷᠢ 1.1 ᠳᠠᠬᠢᠨ ᠪᠠ 1.6 ᠳᠠᠬᠢᠨ ᠨᠡᠮᠡᠭᠳᠡᠭᠰᠡᠨ ᠪᠠᠶᠢᠨ᠎ᠠ᠃

ᠮᠠᠨᠵᠤᠤᠷ ᠤᠨ ᠰᠠᠨᠹᠧᠩ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠣᠷᠣᠯᠠᠨ ᠭᠦᠢᠴᠡᠳᠬᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠯᠢᠦᠢ ᠬᠠᠢ ᠶᠠᠨ ᠢᠯᠡᠷᠬᠡᠶᠢᠯᠡᠬᠦ ᠳᠤ ᠪᠠᠨ᠄ ︽ᠺᠣᠮᠫᠠᠨᠢ ᠶᠢᠨ 2023 ᠣᠨ ᠳᠤ ᠭᠠᠳᠠᠭᠠᠳᠤ ᠳᠤ ᠭᠠᠷᠭᠠᠬᠤ ᠠᠶᠠᠨᠴᠢᠳ ᠤᠨ ᠲᠡᠷᠭᠡ ᠶᠢ ᠪᠣᠭᠤᠮᠲᠠᠨ ᠳᠤ ᠮᠡᠳᠡᠭᠦᠯᠬᠦ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢᠯᠡᠳᠲᠡ ᠨᠡᠮᠡᠭᠳᠡᠵᠡᠢ᠃ ᠮᠠᠨ ᠤ ᠤᠯᠤᠰ ᠤᠨ ᠦᠢᠯᠡᠳᠪᠦᠷᠢᠯᠡᠭᠰᠡᠨ ᠠᠶᠠᠨᠴᠢᠳ ᠤᠨ ᠲᠡᠷᠭᠡ  ᠨᠢ ᠴᠢᠨᠠᠷ ᠰᠠᠶᠢᠲᠠᠢ ᠮᠡᠷᠭᠡᠵᠢᠯ᠂ ᠦᠢᠯᠡᠴᠢᠯᠡᠭᠡ ᠪᠠ ᠪᠣᠷᠣᠯᠠᠭᠤᠯᠤᠯᠲᠠ ᠶᠢᠨ ᠳᠠᠷᠠᠭᠠᠬᠢ ᠦᠢᠯᠡᠴᠢᠯᠡᠭᠡ ᠪᠠᠷ ᠢᠶᠠᠨ ᠭᠤᠣᠯᠯᠠᠬᠤ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠪᠡ᠃ ᠶᠠᠷᠢᠶᠠᠨ ᠦᠭᠡᠢ᠂ ᠮᠠᠨᠵᠤᠤᠷ ᠤᠨ ᠱᠢ ᠪᠠ ᠯᠢ ᠪᠣᠭᠤᠮᠲᠠ ᠶᠢᠨ ᠥᠨᠳᠥᠷ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠭᠦᠯᠬᠦ ᠲᠥᠷᠥ ᠶᠢᠨ ᠪᠣᠳᠣᠯᠭ᠎ᠠ ᠪᠣᠯ ᠳᠤᠲᠠᠭᠳᠠᠵᠤ ᠪᠣᠯᠣᠰᠢ ᠦᠭᠡᠢ ᠨᠢᠭᠡ ᠵᠦᠢᠯ  ᠨᠢ ᠶᠤᠮ᠃ 24 ᠴᠠᠭ ᠢᠶᠠᠷ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡ ᠠᠴᠠ ᠠᠪᠤᠭᠠᠳ ᠠᠵᠤ ᠠᠬᠤᠶᠢᠯᠠᠯ ᠤᠳ ᠲᠤ ᠭᠦᠨᠵᠡᠭᠡᠶᠢᠷᠡᠨ ᠪᠢᠳᠡᠨ ᠳᠤ ︿ᠢᠨᠲ᠋ᠧᠷ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ﹀ ︿ᠤᠷᠢᠳᠴᠢᠯᠠᠵᠤ ᠭᠤᠶᠤᠴᠢᠯᠠᠨ ᠮᠡᠳᠡᠭᠦᠯᠬᠦ﹀  ᠬᠡᠶᠢᠰᠪᠦᠷᠢ ᠲᠡᠷᠭᠡᠨ ᠫᠠᠶᠢᠰᠠ﹀ ᠵᠡᠷᠭᠡ ᠶᠢ ᠤᠬᠠᠭᠤᠯᠤᠨ ᠵᠢᠯᠤᠭᠤᠳᠴᠤ᠂ ᠠᠶᠠᠨᠴᠢᠳ ᠤᠨ ᠲᠡᠷᠭᠡ ᠶᠢ ︿ᠢᠷᠡᠮᠡᠭᠴᠡ ᠶᠠᠪᠤᠭᠤᠯᠵᠤ﹀ ᠪᠣᠭᠤᠮᠲᠠ ᠪᠠᠷ ᠲᠦᠷᠭᠡᠨ ᠥᠩᠭᠡᠷᠡᠭᠦᠯᠬᠦ ᠶᠢ ᠪᠡᠶᠡᠯᠡᠭᠦᠯᠪᠡ︾ ᠭᠡᠵᠡᠢ᠃

2023 ᠣᠨ ᠳᠤ ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠭᠦᠯᠦᠭᠰᠡᠨ ᠠᠶᠠᠨᠴᠢᠳ ᠤᠨ ᠲᠡᠷᠭᠡᠨ ᠤ ᠠᠷᠠᠯᠵᠢᠶᠠᠨ ᠤ ᠦᠷᠳᠡᠭ 13 ᠳ᠋ᠦᠩᠰᠢᠭᠤᠷ ᠲᠥᠭᠦᠷᠢᠭ ᠢ ᠳᠠᠪᠠᠵᠤ ᠂ ᠠᠶᠠᠨᠴᠢᠳ ᠤᠨ ᠲᠡᠷᠭᠡ ᠶᠢ ᠤᠷᠤᠰ ᠲᠤ ᠭᠠᠷᠭᠠᠭᠰᠠᠨ ᠨᠢ ᠪᠦᠬᠦ ᠤᠯᠤᠰ ᠤᠨ ᠵᠠᠰᠠᠮᠠᠯ ᠵᠠᠮ ᠤᠨ ᠪᠣᠭᠤᠮᠲᠠᠨ ᠳᠤ ᠨᠢᠭᠡᠳᠦᠭᠡᠷ ᠲᠤ ᠵᠢᠭᠰᠠᠭᠠᠭᠳᠠᠪᠠ ᠃

ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠨ ᠂ ᠰᠢᠨ᠎ᠡ ᠡᠨᠧᠷᠭᠢ ᠵᠡᠷᠭᠡ ᠮᠡᠷᠭᠡᠵᠢᠯ ᠰᠢᠪᠲᠤᠯᠤᠯᠲᠠ ᠲᠠᠢ ᠪᠣᠯᠬᠤ ᠶᠢ ᠶᠢ ᠳᠠᠭᠠᠯᠳᠤᠨ ᠂ ᠣᠯᠠᠨ ᠤᠯᠤᠰ ᠤᠨ ᠵᠠᠬ᠎ᠠ ᠳᠡᠯᠭᠡᠭᠦᠷ ᠲᠤ ᠳᠤᠮᠳᠠᠳᠤ ᠤᠯᠤᠰ ᠤᠨ ᠦᠢᠯᠡᠳᠪᠦᠷᠢᠯᠡᠭᠰᠡᠨ ᠠᠶᠠᠨᠴᠢᠳ ᠤᠨ ᠲᠡᠷᠭᠡ ᠶᠢ ᠭᠥᠯᠢᠶᠡᠨ ᠠᠪᠬᠤ ᠬᠡᠮᠵᠢᠶ᠎ᠡ ᠴᠦ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠢᠷᠡᠭᠡᠳᠦᠢ ᠳᠤ ᠣᠯᠠᠨ ᠤᠯᠤᠰ ᠤᠨ ᠠᠶᠠᠨᠴᠢᠳ ᠤᠨ ᠲᠡᠷᠭᠡᠨ ᠤ ᠠᠵᠢᠯ ᠲᠥᠷᠥᠯ ᠯᠠᠪᠲᠠᠢ ᠰᠢᠨ᠎ᠡ ᠨᠢᠭᠡᠨ ᠡᠭᠡᠯᠵᠢᠨ ᠤ ᠰᠣᠯᠢᠭᠳᠠᠯ ᠤᠨ ᠦᠶᠡᠯᠡᠯ ᠢᠶᠠᠨ ᠤᠭᠲᠤᠨ᠂ ᠭᠠᠳᠠᠭᠠᠳᠤ ᠳᠠᠬᠢ ᠬᠡᠷᠡᠭᠴᠡᠭᠡᠨ ᠤ ᠳᠠᠯᠳᠠ ᠬᠦᠴᠦᠨ ᠲᠠᠰᠤᠷᠠᠯᠲᠠ ᠦᠭᠡᠢ ᠢᠯᠡᠷᠡᠬᠦ ᠪᠣᠯᠣᠨ᠎ᠠ᠃ ᠳᠤᠮᠳᠠᠳᠤ ᠤᠯᠤᠰ ᠤᠨ ᠦᠢᠯᠡᠳᠪᠦᠷᠢᠯᠡᠭᠰᠡᠨ ᠠᠶᠠᠨᠴᠢᠳ ᠤᠨ ᠲᠡᠷᠭᠡ ᠦᠷᠭᠦᠯᠵᠢᠯᠡᠨ ᠦᠢᠯᠡᠳᠬᠦᠨ ᠳᠤ ᠦᠨᠳᠦᠰᠦᠯᠡᠵᠦ᠂ ᠦᠢᠯᠡᠴᠢᠯᠡᠭᠡ ᠪᠠᠨ ᠳᠡᠭᠡᠭᠰᠢᠯᠡᠭᠦᠯᠦᠨ᠂ ᠳᠤᠮᠳᠠᠳᠤ ᠤᠯᠤᠰ ᠤᠨ ᠦᠢᠯᠡᠳᠪᠦᠷᠢᠯᠡᠭᠰᠡᠨ ᠦᠢᠯᠡᠳᠬᠦᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠴᠢᠷᠮᠠᠶᠢᠨ ᠥᠷᠭᠡᠳᠬᠡᠬᠦ ᠬᠡᠷᠡᠭᠲᠡᠢ ᠪᠠᠶᠢᠨ᠎ᠠ ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠡᠩ ᠰᠠᠶᠢᠲᠤᠷ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠂ ᠮᠠᠨᠵᠤᠤᠷ ᠪᠣᠭᠤᠮᠲᠠ ᠦᠷᠭᠦᠯᠵᠢᠯᠡᠨ ᠡᠷᠡᠯᠬᠡᠭᠯᠡᠨ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠵᠤ ᠂ ᠥᠩᠭᠡᠷᠡᠭᠰᠡᠨ ᠲᠠᠢ ᠪᠠᠨ ᠠᠳᠠᠯᠢ ᠪᠠᠷ ︽ ᠤᠯᠤᠰ ᠤᠨ ᠡᠭᠦᠳᠡ ᠪᠠᠨ ᠰᠠᠬᠢᠵᠤ ᠂ ᠬᠥᠭᠵᠢᠯᠲᠡ ᠶᠢ ᠠᠬᠢᠭᠤᠯᠬᠤ ︾ ᠡᠭᠦᠷᠭᠡ ᠶᠢ ᠦᠢᠯᠡᠳᠦᠯᠭᠡᠵᠢᠭᠦᠯᠵᠦ ᠂ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ ᠳᠡᠯᠡᠬᠡᠢ ᠶᠢᠨ ᠲᠠᠪᠴᠠᠩ ᠳᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠳᠤ ᠬᠦᠴᠦᠨ ᠨᠡᠮᠡᠷᠢᠯᠡᠨ᠎ᠡ ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ