ᠣᠶᠢᠷ᠎ᠠ ᠳᠤ᠂ ᠮᠠᠨ ᠤ ᠤᠯᠤᠰ ᠤᠨ ᠶᠡᠬᠡᠩᠬᠢ ᠭᠠᠵᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ ᠠᠵᠢᠯ ᠵᠠᠯᠭᠠᠭ᠎ᠠ ᠪᠠᠷ ᠳᠠᠭᠤᠰᠪᠠ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 25 ᠤ ᠡᠳᠦᠷ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠢ ᠬᠤᠯᠪᠣᠭᠳᠠᠯ ᠪᠦᠬᠦᠢ ᠠᠩᠬᠠᠷᠤᠯ ᠴᠡᠭ ᠲᠤ ᠬᠠᠷᠢᠭᠤᠯᠲᠠ ᠥᠭᠪᠡ᠃
2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠪᠠᠶᠢᠭᠤᠯᠤᠭᠳᠠᠬᠤ ᠦᠶ᠎ᠡ ᠶᠢᠨ ᠬᠦᠮᠦᠨ ᠪᠦᠷᠢ 10 ᠲᠥᠭᠦᠷᠢᠭ ᠤᠨ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠣᠳᠣ ᠶᠢᠨ ᠬᠦᠮᠦᠨ ᠪᠦᠷᠢ 380 ᠲᠥᠭᠦᠷᠢᠭ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ ᠬᠦᠷᠲᠡᠯᠡᠬᠢ 370 ᠲᠥᠭᠦᠷᠢᠭ ᠤᠨ ᠨᠡᠮᠡᠭᠳᠡᠯ ᠨᠢ ᠵᠣᠬᠢᠰᠲᠠᠢ ᠦᠦ ᠦᠭᠡᠢ ᠦᠦ︖ ᠠᠷᠠᠳ ᠤᠯᠠᠨ ᠳᠤ ᠶᠠᠭᠤ ᠠᠪᠴᠢᠷᠠᠵᠤ ᠥᠭᠭᠦᠭᠰᠡᠨ ᠪᠤᠢ︖
ᠰᠢᠨ᠎ᠡ ᠡᠮ ᠢ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶ᠎ᠡ ᠳᠤ ᠣᠷᠣᠭᠤᠯᠵᠤ ᠪᠠᠲᠤᠯᠠᠭ᠎ᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ
10 ᠲᠥᠭᠦᠷᠢᠭ ᠠᠴᠠ 380 ᠲᠥᠭᠦᠷᠢᠭ ᠬᠦᠷᠲᠡᠯᠡᠬᠢ ᠨᠡᠮᠡᠭᠳᠡᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠳᠡᠭᠡᠭᠰᠢᠯᠡᠭᠰᠡᠨ ᠨᠢ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠦᠪᠰᠢᠨ ᠨᠠᠩ ᠶᠡᠭᠡ ᠬᠡᠮᠵᠢᠶ᠎ᠡ ᠪᠠᠷ ᠳᠡᠭᠡᠭᠰᠢᠯᠡᠭᠰᠡᠨ ᠠᠴᠠ ᠪᠣᠯᠵᠠᠢ ᠭᠡᠪᠡ᠃
2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ 300 ᠭᠠᠷᠤᠶᠢᠬᠠᠨ ᠡᠮ ᠤᠨ ᠵᠦᠢᠯ ᠢ ᠳᠠᠩᠰᠠ ᠲᠠᠶᠢᠯᠬᠤ ᠪᠠᠶᠢᠭᠰᠠᠨ ᠪᠣᠯ ᠣᠲᠣ 3088 ᠵᠦᠢᠯ ᠤᠨ ᠡᠮ ᠤᠨ ᠵᠦᠢᠯ ᠢ ᠡᠮᠴᠢᠯᠡᠭᠡᠨ ᠤ ᠳᠠᠭᠠᠳᠬᠠᠯ ᠳᠤ ᠣᠷᠣᠭᠤᠯᠵᠠᠢ︔ ᠴᠥᠭᠡᠨ ᠪᠤᠰᠤ ᠬᠠᠪᠤᠳᠠᠷ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ︽ᠰᠢᠪᠲᠤᠯᠤᠯᠲᠠ︾ ᠲᠠᠢ ᠪᠣᠯᠵᠤ ᠂ ᠲᠣᠰ ᠲᠣᠰ 74 ᠵᠦᠢᠯ᠂ 80 ᠭᠠᠷᠤᠢ ᠵᠦᠢᠯ ᠢ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠵᠠᠢ ᠁ ᠣᠶᠢᠷ᠎ᠠ ᠶᠢᠨ ᠵᠢᠯ ᠤᠳ ᠲᠤ᠂ ᠨᠠᠩ ᠣᠯᠠᠨ ᠡᠪᠡᠳᠴᠢᠲᠡᠳ ᠡᠮ ᠬᠤᠳᠠᠯᠳᠤᠨ ᠠᠪᠴᠤ ᠳᠡᠶᠢᠯᠬᠦ᠂ ᠡᠮ ᠤᠤᠭᠤᠵᠤ ᠳᠡᠶᠢᠯᠬᠦ ᠪᠣᠯᠵᠠᠢ᠃
ᠪᠠᠮᠪᠠᠢ ᠪᠤᠯᠴᠢᠷᠬᠠᠢ ᠶᠢᠨ ᠡᠳ᠋ ᠤᠨ ᠤᠭᠤᠷᠠᠭ ᠤᠨ ᠴᠠᠷᠳᠠᠭᠤᠯ ᠬᠡᠯᠪᠡᠷᠢᠲᠦ ᠬᠤᠪᠢᠷᠠᠯᠲᠠ ᠲᠠᠢ ᠡᠪᠡᠳᠴᠢᠲᠡᠨ ᠪᠣᠯ ᠳᠠᠷᠤᠢ ᠠᠰᠢᠭ ᠬᠥᠷᠲᠡᠭᠴᠢᠳ ᠤᠨ ᠨᠢᠭᠡ ᠨᠢ ᠮᠥᠨ᠂ ᠲᠡᠳᠡᠨ ᠢ ᠪᠠᠰᠠ ︽ᠴᠠᠷᠳᠠᠭᠤᠯ ᠬᠥᠮᠥᠨ︾ ᠭᠡᠳᠡᠭ᠂ ᠬᠡᠳᠤᠢ ᠪᠠᠷ ᠡᠮᠨᠡᠨ ᠵᠠᠰᠠᠬᠤ ᠳᠤ ᠬᠡᠷᠡᠭᠯᠡᠬᠦ ᠡᠮ ᠾᠯᠣᠷᠲᠤ ᠪᠧᠨ᠋ᠽᠧᠨ᠋ᠽᠤᠯ ᠬᠦᠴᠢᠯ ᠢ 2020 ᠣᠨ ᠳᠤ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠭᠠᠭᠰᠠᠨ ᠪᠣᠯᠪᠠᠴᠤ ᠬᠠᠶᠢᠷᠴᠠᠭ ᠪᠦᠷᠢ ᠶᠢᠨ ᠦᠨ᠎ᠡ ᠨᠢ ᠬᠠᠷᠢᠨ 6 ᠲᠦᠮᠡᠨ ᠲᠥᠭᠦᠷᠢᠭ ᠲᠤ ᠬᠦᠷᠴᠦ᠂ ᠴᠥᠭᠡᠨ ᠪᠤᠰᠤ ᠡᠪᠡᠳᠴᠢᠲᠡᠳ ᠢ ᠵᠣᠷᠢᠭ ᠮᠣᠬᠤᠭᠠᠬᠤ ᠳᠤ ᠬᠦᠷᠦᠭᠦᠯᠳᠡᠭ᠃
︽2021 ᠣᠨ ᠳᠤ ᠾᠯᠣᠷᠲᠤ ᠪᠧᠨ᠋ᠽᠧᠨ᠋ᠽᠤᠯ ᠬᠦᠴᠢᠯ ᠤᠨ ᠬᠡᠯᠡᠯᠴᠡᠭᠡ ᠠᠮᠵᠢᠯᠲᠠ ᠣᠯᠵᠤ᠂ ᠣᠳᠣ ᠡᠪᠡᠳᠴᠢᠲᠡᠨ ᠤ ᠰᠠᠷ᠎ᠠ ᠪᠦᠷᠢ ᠶᠢᠨ ᠡᠮ ᠬᠡᠷᠡᠭᠯᠡᠬᠦ ᠵᠠᠷᠤᠳᠠᠯ 3000 ᠲᠥᠭᠦᠷᠢᠭ ᠴᠦ ᠬᠦᠷᠬᠦ ᠦᠭᠡᠢ ᠪᠣᠯᠵᠠᠢ᠃︾ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠷᠬᠢᠯᠡᠭᠴᠢ ᠡᠮᠴᠢ ᠲᠢᠶᠠᠨ ᠵᠤᠸᠠᠩ ᠤᠨ ᠲᠠᠨᠢᠯᠴᠠᠭᠤᠯᠤᠭᠰᠠᠨ ᠢᠶᠠᠷ᠂ ᠡᠨᠡ ᠬᠤᠶᠠᠷ ᠵᠢᠯ ᠳᠤ ᠮᠠᠰᠢ ᠣᠯᠠᠨ ᠰᠢᠨ᠎ᠡ ᠡᠮ᠂ ᠰᠠᠶᠢᠨ ᠡᠮ ᠢ ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠬᠤᠷᠳᠤᠴᠠ ᠲᠦᠷᠭᠡᠳᠴᠦ᠂ ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ ᠤᠳᠠᠯ ᠦᠭᠡᠢ ᠲᠣᠭᠲᠠᠭᠠᠯ ᠶᠣᠰᠣ ᠪᠠᠷ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠭᠤᠯᠵᠤ᠂ ᠡᠪᠡᠳᠴᠢᠲᠡᠳ ᠲᠤ ᠪᠤᠶᠠᠨ ᠦᠢᠯᠡᠳᠦᠨ᠎ᠡ ᠭᠡᠵᠡᠢ᠃
2024 ᠣᠨ ᠤ ᠡᠬᠢᠨ ᠳᠤ᠂ ᠬᠠᠮᠤᠭ ᠤᠨ ᠰᠢᠨ᠎ᠡ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠨᠡᠶᠢᠲᠡᠯᠡᠵᠦ᠂ ᠡᠭᠦᠨ ᠳᠤ ᠬᠠᠪᠤᠳᠠᠷ ᠲᠤ ᠬᠡᠷᠡᠭᠯᠡᠬᠦ ᠡᠮ᠂ ᠤᠵᠢᠭ ᠡᠪᠡᠳᠴᠢᠨ ᠳᠤ ᠬᠡᠷᠡᠭᠯᠡᠬᠦ ᠡᠮ᠂ ᠬᠤᠪᠣᠷ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠵᠡᠷᠭᠡ 126 ᠵᠦᠢᠯ ᠤᠨ ᠰᠢᠨ᠎ᠡ ᠡᠮ ᠢ ᠡᠮᠴᠢᠯᠡᠭᠡᠨ ᠤ ᠳᠠᠭᠠᠳᠬᠠᠯ ᠳᠤ ᠣᠷᠣᠭᠤᠯᠪᠠ᠃
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠮᠠᠨ ᠤ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠪᠠᠭᠲᠠᠭᠠᠭᠰᠠᠨ ᠨᠢ ᠨᠢᠭᠡᠨᠲᠡ ᠠᠯᠪᠠᠨ ᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠡᠮ ᠤᠨ ᠵᠣᠭᠤᠰ ᠤᠨ 90% ᠠᠴᠠ ᠳᠡᠭᠡᠭᠰᠢ ᠲᠦᠷᠦᠯ ᠢ ᠪᠦᠷᠬᠦᠵᠡᠢ᠃ ᠵᠥᠪᠬᠡᠨ 2023 ᠣᠨ ᠤ ᠵᠥᠪᠯᠡᠯᠴᠡᠭᠡ ᠬᠢᠬᠦ ᠬᠤᠭᠤᠴᠠᠭᠠᠨ ᠳᠠᠬᠢ ᠬᠡᠯᠡᠯᠴᠡᠭᠡᠷ ᠤᠨ ᠡᠮ ᠤᠨ ᠦᠨ᠎ᠡ ᠶᠢ ᠳᠠᠪᠬᠤᠴᠠᠭᠤᠯᠤᠨ ᠪᠠᠭᠤᠷᠠᠭᠤᠯᠤᠭᠰᠠᠨ ᠪᠠ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠤᠭᠰᠠᠨ ᠨᠢ ᠡᠪᠡᠳᠴᠢᠲᠡᠨ ᠤ ᠳᠠᠷᠤᠭᠠᠰᠤ ᠶᠢ ᠨᠢᠭᠡᠨᠲᠡ 2000 ᠳ᠋ᠦᠩᠰᠢᠭᠤᠷ ᠲᠥᠭᠦᠷᠢᠭ ᠠᠴᠠ ᠳᠡᠭᠡᠭᠰᠢ ᠬᠥᠩᠭᠡᠷᠡᠭᠦᠯᠪᠡ ᠭᠡᠵᠡᠢ᠃
ᠡᠮᠴᠢᠯᠡᠭᠡᠨ ᠤ ᠪᠠᠲᠤᠯᠠᠭ᠎ᠠ ᠶᠢᠨ ᠦᠷᠭᠦᠯᠵᠢᠯᠡᠨ ︽ᠬᠡᠪᠴᠢᠶ᠎ᠡ ᠪᠠᠨ ᠥᠷᠭᠡᠳᠬᠡᠬᠦ︾ ᠶᠢ ᠳᠠᠭᠠᠯᠳᠤᠨ᠂ ᠣᠲᠣ ᠦᠶ᠎ᠡ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠣᠨᠣᠰᠢᠯᠠᠨ ᠡᠮᠴᠢᠯᠡᠬᠦ ᠮᠡᠷᠭᠡᠵᠢᠯ ᠴᠦ ᠨᠠᠩ ᠰᠠᠶᠢᠨ ᠪᠣᠯᠵᠤ᠂ ᠡᠪᠡᠳᠬᠦ ᠦᠭᠡᠢ ᠮᠡᠰᠡ ᠵᠠᠰᠠᠯ᠂ ᠪᠠᠭ᠎ᠠ ᠰᠢᠷᠬᠠᠨ ᠤ ᠮᠡᠰᠡ ᠵᠠᠰᠠᠯ ᠵᠡᠷᠭᠡ ᠣᠨᠣᠰᠢᠯᠠᠨ ᠡᠮᠴᠢᠯᠡᠬᠦ ᠮᠡᠷᠭᠡᠵᠢᠯ ᠡᠳᠦᠷ ᠢᠷᠡᠬᠦᠶ᠎ᠡ ᠲᠥᠭᠡᠮᠡᠯᠵᠢᠯᠡᠭᠳᠡᠵᠦ ᠪᠠᠶᠢᠭ᠎ᠠ ᠪᠦᠭᠡᠳ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠰᠠᠨ ᠪᠠᠶᠢᠨ᠎ᠠ᠃
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠭ᠎ᠠ ᠡᠮᠴᠢᠯᠡᠭᠡᠨ ᠤ ᠳᠠᠭᠠᠳᠬᠠᠯ ᠤᠨ ᠳᠦᠷᠢᠮ ᠠᠴᠠ ᠪᠣᠯᠵᠤ᠂ ᠪᠥᠬᠦ ᠤᠯᠤᠰ ᠤᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠲᠦᠷᠭᠡᠨ ᠢᠶᠠᠷ ᠰᠤᠯᠠᠯᠠᠭᠳᠠᠵᠤ᠂ ᠡᠷᠡᠭᠦᠯ ᠮᠡᠨᠳᠦ ᠶᠢᠨ ᠲᠦᠪᠰᠢᠨ ᠢᠯᠡᠳᠲᠡ ᠳᠡᠭᠡᠭᠰᠢᠯᠡᠵᠡᠢ ᠭᠡᠪᠡ᠃
ᠪᠦᠷᠢᠳᠬᠡᠯ ᠢ ᠦᠨᠳᠦᠰᠦᠯᠡᠪᠡᠯ᠂ 2003 ᠣᠨ ᠠᠴᠠ 2022 ᠣᠨ ᠪᠣᠯᠲᠠᠯ᠎ᠠ᠂ ᠮᠠᠨ ᠤ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠭᠰᠡᠨ ᠶᠡᠷᠦᠩᠬᠡᠢ ᠬᠥᠮᠥᠨ ᠤ ᠲᠤᠭ᠎ᠠ 20.96 ᠳ᠋ᠦᠩᠰᠢᠭᠤᠷ ᠬᠥᠮᠥᠨ ᠤᠳᠠᠭ᠎ᠠ ᠠᠴᠠ ᠨᠡᠮᠡᠭᠳᠡᠭᠡᠳ 84.2 ᠳ᠋ᠦᠩᠰᠢᠭᠤᠷ ᠬᠥᠮᠥᠨ ᠤᠳᠠᠭ᠎ᠠ ᠳᠤ ᠬᠦᠷᠴᠡᠢ︔ ᠡᠭᠦᠨ ᠤ ᠵᠡᠷᠭᠡ ᠳᠤ᠂ ᠬᠤᠪᠢ ᠬᠥᠮᠥᠨ ᠤ ᠡᠷᠡᠭᠦᠯ ᠬᠠᠮᠠᠭᠠᠯᠠᠯ ᠤᠨ ᠵᠠᠷᠤᠯᠭ᠎ᠠ ᠶᠢᠨ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠶᠡᠷᠦᠩᠬᠡᠢ ᠵᠠᠷᠤᠳᠠᠯ ᠳᠤ ᠡᠵᠡᠯᠡᠬᠦ ᠬᠤᠪᠢ ᠶᠢᠨ ᠵᠢᠩ ᠨᠢ 2003 ᠣᠨ ᠳᠤ 55.8% ᠪᠠᠶᠢᠭᠰᠠᠨ ᠠᠴᠠ ᠪᠠᠨ 2022 ᠣᠨ ᠳᠤ 27.0% ᠪᠣᠯᠲᠠᠯ᠎ᠠ ᠪᠠᠭᠤᠷᠠᠪᠠ᠃
ᠲᠣᠰ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ ᠶᠢᠨ ᠭᠦᠨᠵᠡᠭᠡᠶᠢᠷᠡᠬᠦ᠂ ᠣᠯᠠᠨ ᠲᠦᠮᠡᠨ ᠤ ᠡᠮᠴᠢᠯᠡᠭᠡᠨ ᠤ ᠬᠡᠷᠡᠭᠴᠡᠭᠡ ᠳᠡᠭᠡᠭᠰᠢᠯᠡᠬᠦ᠂ ᠡᠮᠴᠢᠯᠡᠭᠡᠨ ᠤ ᠬᠡᠷᠡᠭᠯᠡᠭᠡ ᠶᠢᠨ ᠲᠦᠪᠰᠢᠨ ᠳᠡᠭᠡᠭᠰᠢᠯᠡᠬᠦ ᠶᠢ ᠳᠠᠭᠠᠯᠳᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠴᠤᠭᠯᠠᠭᠤᠯᠬᠤ ᠠᠵᠢᠯ ᠢ ᠴᠢᠩᠭᠠᠳᠬᠠᠵᠤ᠂ ᠣᠯᠠᠨ ᠲᠦᠮᠡᠨ ᠳᠤ ᠲᠣᠭᠲᠠᠭᠤᠨ ᠪᠥᠭᠡᠳ ᠦᠷᠭᠦᠯᠵᠢᠯᠡᠬᠦᠶᠢᠴᠡ ᠪᠠᠲᠤᠯᠠᠭ᠎ᠠ ᠬᠠᠩᠭᠠᠬᠤ ᠴᠢᠬᠤᠯᠠᠲᠠᠢ ᠪᠠᠶᠢᠨ᠎ᠠ ᠭᠡᠵᠡᠢ᠃
ᠥᠪᠡᠰᠦᠪᠡᠨ ᠲᠥᠯᠥᠬᠦ ᠳᠠᠷᠤᠭᠠᠰᠤ ᠶᠢ ᠬᠥᠩᠭᠡᠯᠡᠵᠦ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠶᠠᠪᠤᠬᠤ ᠳᠣᠲᠣᠮ ᠳᠡᠭᠡᠭᠰᠢᠯᠡᠪᠡ
ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠨᠡᠶᠢᠲᠡᠯᠡᠭᠰᠡᠨ ︽2022 ᠣᠨ ᠤ ᠮᠠᠨ ᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ︾ ᠶᠢ ᠦᠨᠳᠦᠰᠦᠯᠡᠪᠡᠯ᠂ 2022 ᠣᠨ ᠳᠤ ᠪᠥᠬᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠭᠦᠳᠡᠨ ᠡᠮᠨᠡᠯᠭᠡ ᠳᠤ ᠣᠨᠣᠰᠢᠯᠠᠨ ᠡᠮᠴᠢᠯᠡᠭᠦᠯᠦᠭᠰᠡᠨ ᠬᠦᠮᠦᠨ ᠤᠳᠠᠭ᠎ᠠ 84.2 ᠳ᠋ᠦᠩᠰᠢᠭᠤᠷ ᠲᠤ ᠬᠦᠷᠴᠦ᠂ ᠳᠤᠮᠳᠠᠴᠢ ᠪᠠᠷ ᠬᠥᠮᠥᠨ ᠪᠦᠷᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ 6 ᠤᠳᠠᠭ᠎ᠠ ᠡᠮᠨᠡᠭᠦᠯᠵᠦ᠂ ᠪᠥᠬᠦ ᠤᠯᠤᠰ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠬᠦᠮᠦᠨ ᠤᠳᠠᠭ᠎ᠠ 2.47 ᠳ᠋ᠦᠩᠰᠢᠭᠤᠷ ᠲᠤ ᠬᠦᠷᠴᠦ᠂ ᠡᠮᠨᠡᠯᠭᠡ ᠳᠤ ᠰᠠᠭᠤᠭᠰᠠᠨ ᠤᠳᠠᠭ᠎ᠠ ᠪᠦᠷᠢ ᠶᠢᠨ ᠳᠤᠮᠳᠠᠴᠢ ᠵᠠᠷᠤᠳᠠᠯ 10860.6 ᠲᠥᠭᠦᠷᠢᠭ ᠲᠤ ᠬᠦᠷᠴᠡᠢ᠃
ᠰᠠᠭᠤᠭᠠᠯᠢ ᠠᠷᠠᠳ ᠤᠨ ᠡᠪᠡᠳᠴᠢᠯᠡᠬᠦ᠂ ᠬᠦᠨᠳᠦ ᠡᠪᠡᠳᠴᠢᠨ ᠣᠯᠬᠤ ᠪᠣᠯᠣᠮᠵᠢ ᠨᠢ ᠵᠠᠶᠢᠯᠠᠰᠢ ᠦᠭᠡᠢ ᠶᠤᠮ᠂ ᠡᠪᠡᠳᠴᠢᠨ ᠡᠮᠭᠡᠭ ᠨᠢ ᠴᠥᠭᠡᠨ ᠪᠤᠰᠤ ᠡᠪᠡᠳᠴᠢᠲᠡᠳ ᠲᠤ ᠮᠥᠨ ᠯᠡ ᠵᠣᠬᠢᠬᠤ ᠬᠡᠮᠵᠢᠶᠡᠨ ᠤ ᠠᠵᠤ ᠠᠬᠤᠢ ᠶᠢᠨ ᠳᠠᠷᠤᠭᠠᠰᠤ ᠠᠪᠴᠢᠷᠠᠵᠠᠢ᠃
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠵᠤᠷᠭᠠᠨ ᠤ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠤᠨ ᠳᠦᠷᠢᠮ ᠢ ᠪᠠᠶᠢᠭᠤᠯᠤᠭᠰᠠᠨ ᠡᠬᠢᠨ ᠤ ᠦᠶ᠎ᠡ ᠳᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ ᠨᠡᠶᠢᠳᠡᠮ ᠳᠤ ᠪᠠᠨ 30% ᠠᠴᠠ 40% ᠪᠠᠶᠢᠵᠤ᠂ ᠣᠯᠠᠨ ᠲᠦᠮᠡᠨ ᠤ ᠥᠪᠡᠰᠦᠪᠡᠨ ᠲᠥᠯᠥᠬᠦ ᠬᠠᠷᠢᠴᠠᠯ ᠨᠢ ᠨᠡᠯᠢᠶᠡᠳ ᠥᠨᠳᠥᠷ᠂ ᠡᠪᠡᠳᠴᠢᠨ ᠦᠵᠡᠭᠦᠯᠬᠦ ᠳᠠᠷᠤᠭᠠᠰᠤ ᠨᠢ ᠬᠦᠨᠳᠦ ᠪᠠᠶᠢᠪᠠ᠃
ᠣᠳᠣᠬᠠᠨ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠨᠢ 70% ᠣᠷᠴᠢᠮ ᠪᠣᠯᠣᠨ᠎ᠠ᠃ 2022 ᠣᠨ ᠤ ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠢ ᠲᠣᠰ ᠲᠣᠰ 63.7%᠂ 71.9%᠂ 80.1% ᠪᠣᠯᠣᠨ᠎ᠠ᠃
ᠣᠶᠢᠷ᠎ᠠ ᠶᠢᠨ ᠵᠢᠯ ᠤᠳ ᠲᠤ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ ᠬᠠᠷᠠᠭᠠᠯᠵᠠᠯ ᠢ ᠵᠦᠢ ᠵᠣᠬᠢᠰᠲᠠᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠥᠪᠡᠰᠦᠪᠡᠨ ᠲᠥᠯᠥᠬᠦ ᠳᠠᠷᠤᠭᠠᠰᠤ ᠶᠢ ᠤᠯᠠᠮ ᠬᠥᠩᠭᠡᠯᠡᠪᠡ᠃
ᠵᠢᠱᠢᠶᠡᠯᠡᠪᠡᠯ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠦᠷᠭᠦᠯᠵᠢᠯᠡᠨ ᠰᠢᠯᠢᠳᠡᠭᠵᠢᠵᠦ᠂ ᠬᠤᠲᠠ ᠬᠥᠳᠡᠭᠡ ᠶᠢᠨ 1.8 ᠳ᠋ᠦᠩᠰᠢᠭᠤᠷ ᠰᠠᠭᠤᠭᠠᠯᠢ ᠠᠷᠠᠳ ᠤᠨ ︽ᠬᠤᠶᠠᠷ ᠡᠪᠡᠳᠴᠢᠨ︾ ᠤ ᠡᠪᠡᠳᠴᠢᠲᠡᠳ ᠤᠨ ᠡᠮ ᠬᠡᠷᠡᠭᠯᠡᠬᠦ ᠳᠠᠷᠤᠭᠠᠰᠤ ᠶᠢ 799 ᠳ᠋ᠦᠩᠰᠢᠭᠤᠷ ᠲᠥᠭᠦᠷᠢᠭ ᠬᠥᠩᠭᠡᠷᠡᠭᠦᠯᠦᠭᠰᠡᠨ ᠪᠠᠶᠢᠨ᠎ᠠ᠃
ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠲᠤᠰᠠᠯᠠᠬᠤ ᠶᠢᠨ ᠲᠥᠯᠥᠭᠡ᠂ ᠤᠯᠤᠰ ᠠᠴᠠ ᠰᠠᠭᠤᠭᠠᠯᠢ ᠠᠷᠠᠳ ᠤᠨ ᠬᠤᠪᠢ ᠬᠥᠮᠥᠨ ᠤ ᠵᠢᠯ ᠪᠦᠷᠢ ᠶᠢᠨ ᠳᠠᠭᠠᠳᠬᠠᠯ ᠳᠤ ᠣᠷᠣᠯᠴᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠶᠢᠨ ᠬᠠᠮᠲᠤ᠂ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠥᠬᠦᠪᠦᠷᠢ ᠶᠢ ᠵᠡᠷᠭᠡ ᠪᠠᠷ ᠳᠡᠭᠡᠭᠰᠢᠯᠡᠭᠦᠯᠪᠡ᠃
2003 ᠣᠨ ᠠᠴᠠ 2023 ᠣᠨ ᠪᠣᠯᠲᠠᠯ᠎ᠠ᠂ ᠤᠯᠤᠰ ᠤᠨ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠨᠥᠬᠦᠪᠦᠷᠢ ᠶᠢ ᠬᠥᠮᠥᠨ ᠪᠦᠷᠢ ᠳᠤ 10 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠭᠰᠠᠨ ᠠᠴᠠ ᠬᠥᠮᠥᠨ ᠪᠦᠷᠢ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠣᠯᠭᠠᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ ᠵᠡᠷᠭᠡ ᠬᠦᠴᠢᠷᠳᠡᠯᠲᠡᠢ ᠬᠥᠮᠥᠰ ᠲᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠪᠤᠶᠤ ᠬᠡᠰᠡᠭ ᠨᠥᠬᠦᠪᠦᠷᠢ ᠣᠯᠭᠤᠪᠠ᠃
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳ᠋ᠠᠶᠢᠲ᠋ᠠ ᠶᠢᠨ ᠢᠯᠡᠷᠡᠭᠦᠯᠦᠭᠰᠡᠨ ᠢᠶᠠᠷ᠂ 2023 ᠣᠨ ᠳᠤ ᠮᠠᠨ ᠤ ᠤᠯᠤᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠭᠰᠠᠨ ᠪᠥᠬᠦ ᠲᠤᠭ᠎ᠠ 3497 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠳᠤ 6977.59 ᠳ᠋ᠦᠩᠰᠢᠭᠤᠷ ᠲᠥᠭᠦᠷᠢᠭ ᠨᠥᠬᠦᠪᠦᠷᠢᠯᠡᠪᠡ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠪᠥᠬᠦ ᠵᠢᠯ ᠤᠨ ᠵᠠᠷᠤᠯᠭ᠎ᠠ 10423 ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠥᠬᠦ ᠵᠣᠭᠤᠰ ᠤᠨ ᠲᠤᠭ᠎ᠠ ᠠᠴᠠ ᠬᠤᠯᠠ ᠦᠨᠳᠦᠷ ᠪᠠᠶᠢᠪᠠ᠃
ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠴᠢᠬᠤᠯᠠ ᠨᠥᠬᠦᠪᠦᠷᠢ ᠪᠣᠯᠤᠭᠰᠠᠨ ᠤ ᠬᠤᠪᠢ ᠳᠤ᠂ ᠡᠳ᠋ ᠤᠨ ᠵᠠᠰᠠᠭ ᠤᠨ ᠨᠥᠬᠦᠪᠦᠷᠢ ᠪᠠ ᠬᠤᠪᠢ ᠬᠥᠮᠥᠨ ᠤ ᠲᠤᠰᠢᠶᠠᠬᠤ ᠰᠦᠢᠳᠬᠡᠯ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠠᠲᠠᠭᠠᠯ ᠢ ᠬᠠᠮᠲᠤ ᠪᠠᠷ ᠪᠠᠶᠢᠭᠤᠯᠵᠤ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠪᠡ᠃
ᠡᠮᠴᠢᠯᠡᠭᠡᠨ ᠤ ᠳᠠᠭᠠᠳᠬᠠᠯ ᠤᠨ ᠶᠠᠪᠤᠳᠠᠯ ᠨᠢ ︽ᠪᠠᠭ᠎ᠠ ᠶᠠᠪᠤᠳᠠᠯ ᠪᠤᠰᠤ︾᠂ ᠦᠢᠯᠡᠴᠢᠯᠡᠭᠡ ᠶᠢ ᠲᠠᠰᠤᠷᠠᠯᠲᠠ ᠦᠭᠡᠢ ᠲᠠᠰ ᠳᠡᠪᠰᠢᠭᠦᠯᠪᠡ
ᠪᠥᠬᠦ ᠤᠯᠤᠰ ᠤᠨ 10 ᠲᠦᠮᠡ ᠰᠢᠬᠠᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠪᠠᠷᠢᠮᠲᠠ ᠶᠢᠨ ᠬᠡᠷᠡᠭᠯᠡᠭᠴᠢᠳ 10 ᠳ᠋ᠦᠩᠰᠢᠭᠤᠷ ᠬᠦᠮᠦᠨ ᠢ ᠳᠠᠪᠠᠵᠤ᠂ ᠡᠯ᠎ᠡ ᠭᠠᠵᠠᠷ ᠤᠨ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ 132 ᠵᠦᠢᠯ ᠤᠨ ᠡᠮᠴᠢᠯᠡᠭᠡᠨ ᠤ ᠳᠠᠭᠠᠳᠬᠠᠯ ᠤᠨ ᠬᠦᠷᠢᠶᠡᠨ ᠳᠠᠬᠢ ᠠᠷᠠᠳ ᠲᠤ ᠳᠦᠭᠦᠮᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠪᠡ ᠁ ᠣᠶᠢᠷ᠎ᠠ ᠶᠢᠨ ᠵᠢᠯ ᠤᠳ ᠲᠤ᠂ ᠡᠮᠴᠢᠯᠡᠭᠡᠨ ᠤ ᠳᠠᠭᠠᠳᠬᠠᠯ ᠤᠨ ᠶᠠᠪᠤᠳᠠᠯ ︽ᠪᠠᠭ᠎ᠠ ᠶᠠᠪᠤᠳᠠᠯ ᠪᠤᠰᠤ︾ ᠪᠣᠯᠵᠤ᠂ ᠠᠯᠢ ᠣᠯᠠᠨ ᠡᠮᠴᠢᠯᠡᠭᠡᠨ ᠤ ᠳᠠᠭᠠᠳᠬᠠᠯ ᠤᠨ ᠠᠷᠠᠳ ᠲᠤ ᠳᠦᠭᠦᠮᠯᠡᠬᠦ ᠂ ᠠᠷᠠᠳ ᠲᠤ ᠠᠰᠢᠭᠲᠠᠢ ᠦᠢᠯᠡᠴᠢᠯᠡᠭᠡ ᠲᠠᠰᠤᠷᠠᠯᠲᠠ ᠦᠭᠡᠢ ᠲᠠᠰ ᠳᠡᠪᠰᠢᠪᠡ᠃
ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠪᠠᠷ ᠵᠢᠱᠢᠶᠡᠯᠡᠬᠦ ᠳᠤ᠂ 2003 ᠣᠨ ᠳᠤ ︽ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ ᠤ ᠳᠠᠭᠠᠳᠬᠠᠯ︾ ᠳᠤ ᠣᠷᠣᠯᠴᠠᠭᠰᠠᠨ ᠣᠯᠠᠨ ᠲᠦᠮᠡᠨ ᠵᠥᠪᠬᠡᠨ ᠲᠤᠰ ᠰᠢᠶᠠᠨ ︵ᠲᠣᠭᠤᠷᠢᠭ︶ ᠤ ᠡᠮᠨᠡᠯᠭᠡ ᠳᠤ ᠡᠮᠨᠡᠭᠦᠯᠪᠡᠯ ᠰᠠᠶ᠋ᠢ ᠳᠠᠩᠰᠠ ᠲᠠᠶᠢᠯᠬᠤ ᠳᠤ ᠳᠥᠭᠦᠮ ᠪᠠᠶᠢᠵᠤ᠂ ᠣᠨᠳᠣᠣ ᠭᠠᠵᠠᠷ ᠲᠤ ᠡᠪᠡᠳᠴᠢᠨ ᠦᠵᠡᠭᠦᠯᠪᠡᠯ ᠳᠠᠩᠰᠠ ᠲᠠᠶᠢᠯᠬᠤ ᠬᠠᠷᠢᠴᠠᠯ ᠨᠢ ᠪᠠᠭ᠎ᠠ ᠮᠥᠷᠲᠡᠭᠡᠨ ᠰᠢᠭᠤᠳ ᠳ᠋ᠦᠩᠨᠡᠨ ᠪᠣᠳᠣᠵᠤ ᠪᠣᠯᠳᠠᠭ ᠦᠭᠡᠢ ᠪᠠᠶᠢᠪᠠ᠃
ᠣᠳᠣᠬᠠᠨ ᠳᠤ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠠᠵᠢᠯ ᠢ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠵᠦ᠂ ᠪᠥᠬᠦ ᠤᠯᠤᠰ ᠤᠨ 10 ᠲᠦᠮᠡ ᠰᠢᠬᠠᠮ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠮᠤᠵᠢ ᠠᠯᠤᠰᠯᠠᠨ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠪᠠ᠃
ᠳ᠋ᠠᠶᠢᠲ᠋ᠠ ᠠᠴᠠ ᠣᠯᠵᠤ ᠬᠠᠷᠠᠬᠤ ᠨᠢ᠂ 2023 ᠣᠨ ᠳᠤ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠶᠢ ᠰᠦᠯᠵᠢᠶᠡᠨ ᠳᠤ ᠨᠡᠪᠲᠡᠷᠡᠭᠦᠯᠦᠭᠰᠡᠨ ᠡᠮ ᠡᠮᠨᠡᠯᠭᠡ ᠶᠢᠨ ᠪᠠᠶᠢᠭᠤᠯᠤᠮᠵᠢ 55 ᠲᠦᠮᠡ ᠳᠤ ᠬᠦᠷᠴᠦ᠂ ᠤᠯᠠᠨ ᠲᠦᠮᠡᠨ ᠤ 1.3 ᠳ᠋ᠦᠩᠰᠢᠭᠤᠷ ᠬᠥᠮᠥᠨ ᠤᠳᠠᠭ᠎ᠠ ᠶᠢᠨ ᠡᠪᠡᠳᠴᠢᠨ ᠦᠵᠡᠭᠦᠯᠬᠦ ᠳᠤ ᠠᠰᠢᠭ ᠬᠦᠷᠲᠡᠭᠡᠵᠦ᠂ 1536.7 ᠳ᠋ᠦᠩᠰᠢᠭᠤᠷ ᠲᠥᠭᠦᠷᠢᠭ ᠣᠷᠣᠯᠠᠨ ᠲᠦᠯᠦᠬᠦ ᠶᠢ ᠪᠠᠭᠠᠰᠬᠠᠪᠠ᠃
︽ᠡᠮᠴᠢᠯᠡᠭᠡᠨ ᠤ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠬᠦ᠂ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠠᠪᠴᠤ ᠦᠵᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠴᠢᠨᠠᠷ ᠪᠠ ᠦᠨ᠎ᠡ ᠶᠢᠨ ᠬᠠᠷᠢᠴᠠᠯ ᠨᠡᠯᠢᠶᠡᠳ ᠥᠨᠳᠥᠷ ᠪᠠᠶᠢᠨ᠎ᠠ᠃︾ ᠭᠡᠵᠦ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠠᠨ ᠨᠡᠶᠢᠲᠡ ᠶᠢᠨ ᠠᠵᠤ ᠠᠬᠤᠢ ᠶᠢᠨ ᠤᠬᠠᠭᠠᠨ ᠰᠤᠳᠤᠯᠬᠤ ᠲᠠᠰᠤᠭ ᠤᠨ ᠡᠷᠬᠢᠯᠡᠭᠴᠢ ᠸᠠᠩ ᠵᠧᠨ ᠬᠡᠯᠡᠪᠡ᠃
ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠢᠯᠡᠷᠬᠡᠶᠢᠯᠡᠬᠦ ᠳᠤ ᠪᠠᠨ᠂ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠢ ︽ᠡᠪᠡᠳᠴᠢᠯᠡᠬᠦ ᠦᠶ᠎ᠡ ᠳᠤ ᠪᠠᠲᠤᠯᠠᠭ᠎ᠠ ᠲᠠᠢ᠂ ᠡᠪᠡᠳᠴᠢᠨ ᠦᠭᠡᠢ ᠦᠶ᠎ᠡ ᠳᠤ ᠪᠤᠰᠤᠳ ᠲᠤ ᠠᠰᠢᠭᠲᠠᠢ︾ ᠶᠤᠮ᠂ ᠡᠨᠡ ᠨᠢ ᠣᠯᠠᠨ ᠲᠦᠮᠡᠨ ᠨᠢᠭᠡᠪᠦᠷᠢ ᠶᠢᠨ ᠡᠪᠡᠳᠴᠢᠨ ᠡᠮᠭᠡᠭ ᠤᠨ ᠲᠦᠭᠰᠢᠭᠦᠷᠢ ᠶᠢᠨ ᠲᠣᠭᠲᠠᠪᠤᠷᠢ ᠦᠭᠡᠢ ᠴᠢᠨᠠᠷ ᠲᠤ ᠬᠠᠨᠳᠤᠬᠤ ᠦᠶ᠎ᠡ ᠶᠢᠨ ᠣᠶᠤᠨᠴᠢ ᠰᠣᠩᠭᠤᠯᠲᠠ ᠮᠥᠨ ᠭᠡᠵᠡᠢ᠃
ᠡᠨᠡ ᠵᠢᠯ ᠤᠨ ᠪᠦᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠬᠤᠷᠠᠯ ᠳᠡᠭᠡᠷ᠎ᠡ ᠂ ᠳᠠᠭᠠᠳᠬᠠᠯ ᠳᠤ ᠣᠷᠣᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠰᠤᠳᠤᠯᠤᠨ ᠪᠦᠷᠢᠨᠰᠢᠭᠦᠯᠵᠦ᠂ ᠦᠷᠭᠦᠯᠵᠢᠯᠡᠨ ᠰᠦᠢᠳᠬᠡᠯ ᠲᠤᠰᠢᠶᠠᠵᠤ ᠪᠠᠶᠢᠭ᠎ᠠ ᠣᠯᠠᠨ ᠲᠦᠮᠡᠨ ᠤ ᠠᠰᠢᠭ ᠭᠥᠷᠳᠡᠬᠦ ᠶᠢ ᠳᠦᠷᠢᠮ ᠢᠶᠠᠷ ᠪᠠᠲᠤᠯᠠᠵᠤ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠢ ᠭᠡᠵᠦ ᠳᠤᠷᠠᠳᠪᠠ᠃