|
ᠮᠠᠨ ᠤ ᠣᠷᠣᠨ ᠤ 6700 ᠭᠠᠷᠤᠢ ᠰᠤᠷᠭᠠᠭᠤᠯᠢ ᠴᠡᠴᠡᠷᠯᠢᠭ ᠠᠮᠤᠷ ᠲᠦᠪᠰᠢᠨ ᠤ ᠰᠣᠷᠢᠯᠲᠠ ᠥᠷᠨᠢᠭᠦᠯᠪᠡ |
|
|
ᠨᠡᠶᠢᠲᠡᠯᠡᠭᠰᠡᠨ ᠴᠠᠭ᠄
2024/3/28
|
|
3 ᠰᠠᠷ᠎ᠠ ᠶᠢᠨ 25 ᠤ ᠡᠳᠦᠷ᠂ ︽ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠭᠦ︾ ᠪᠠᠷ ᠭᠤᠣᠯ ᠰᠡᠳᠦᠪ ᠪᠤᠯᠭᠠᠬᠰᠠᠨ ᠪᠦᠭᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠶᠢᠨ ᠡᠭᠢᠯᠡᠯᠲᠡ ᠶᠢᠨ ᠶᠣᠰᠣᠯᠠᠯ ᠭᠦᠭᠡᠬᠤᠲᠠ ᠳᠤ ᠶᠠᠪᠤᠭᠳᠠᠵᠤ᠂ ᠪᠦᠭᠦ ᠣᠷᠣᠨ ᠤ 6700 ᠭᠠᠷᠤᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠵᠡᠷᠭᠡᠪᠡᠷ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠣᠷᠢᠯᠲᠠ ᠳᠤ ᠣᠷᠣᠯᠴᠠᠪᠠ᠃ ᠲᠣᠰ ᠤᠳᠠᠭᠠᠨ ᠤ ᠰᠣᠷᠢᠯᠲᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠪᠦᠭᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ︾ ᠪᠠ ᠥᠪᠡᠷᠲᠡᠭᠡᠨ ᠵᠠᠰᠠᠬᠤ ᠣᠷᠣᠨ ᠤ ︽ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾ ᠲᠠᠢ ᠤᠶᠠᠯᠳᠤᠭᠤᠯᠤᠨ ᠥᠷᠨᠢᠭᠦᠯᠦᠭᠰᠡᠨ ᠪᠠᠶᠢᠨ᠎ᠠ᠃ ᠰᠣᠷᠢᠯᠲᠠ ᠪᠠᠷ ᠳᠡᠮᠵᠢᠨ᠂ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠤᠬᠠᠭᠤᠯᠭ᠎ᠠ ᠬᠥᠮᠦᠵᠢᠯ ᠢ ᠰᠤᠷᠭᠠᠭᠤᠯᠢ ᠳᠤ ᠣᠷᠣᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠪᠦᠭᠦ ᠪᠠᠭᠰᠢ ᠰᠤᠷᠤᠬᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠣᠯᠭᠠᠵᠠᠢ᠃ ᠡᠭᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠡᠯ᠎ᠡ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢ ᠪᠣᠯᠣᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠭᠰᠢ ᠨᠠᠷ ᠪᠣᠳᠠᠲᠤ ᠪᠠᠶᠢᠳᠠᠯ ᠪᠣᠯᠣᠨ ᠳᠠᠭᠤᠷᠢᠶᠠᠮᠠᠯ ᠭᠡᠯᠪᠡᠷᠢ ᠶᠢ ᠤᠶᠠᠯᠳᠤᠭᠤᠯᠬᠤ ᠠᠷᠭ᠎ᠠ ᠪᠠᠷ᠂ ᠰᠤᠷᠤᠬᠴᠢᠳ ᠢ ᠵᠣᠬᠢᠶᠠᠨ ᠪᠠᠶᠢᠭᠤᠯᠤᠨ ᠠᠮᠢ ᠵᠢᠭᠤᠲᠠᠬᠤ ᠪᠤᠶᠤ ᠲᠦᠷᠭᠡᠨ ᠲᠠᠷᠬᠠᠭᠠᠬᠤ᠂ ᠠᠩᠬ᠎ᠠ ᠨᠣᠴᠣᠵᠤ ᠪᠠᠶᠢᠭ᠎ᠠ ᠭᠠᠯ ᠢ ᠤᠨᠲᠠᠷᠠᠭᠠᠬᠤ᠂ ᠵᠢᠷᠦᠬᠡ ᠠᠭᠤᠰᠬᠢ ᠶᠢᠨ ᠠᠵᠢᠯᠯᠠᠭ᠎ᠠ ᠶᠢ ᠰᠡᠷᠭᠦᠭᠡᠬᠦ᠂ ᠠᠮᠢᠰᠬᠤᠯ ᠤᠨ ᠵᠠᠮ ᠤᠨ ᠲᠦᠭᠵᠢᠷᠡᠯ ᠠᠴᠠ ᠠᠪᠤᠷᠠᠬᠤ ᠠᠷᠭ᠎ᠠ᠂ ᠤᠲᠤᠭ᠎ᠠ ᠲᠠᠢ ᠵᠠᠮ ᠢᠶᠠᠷ ᠠᠮᠢ ᠵᠢᠭᠤᠲᠠᠬᠤ ᠵᠡᠷᠭᠡ ᠲᠤᠬᠠᠢ ᠶᠢᠨ ᠲᠠᠯᠠᠪᠤᠷ ᠤᠨ ᠰᠣᠷᠢᠯᠲᠠ ᠬᠢᠵᠡᠢ᠃ ᠰᠣᠷᠢᠯᠲᠠ ᠶᠢᠨ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠲᠠᠢ ᠣᠶᠢᠷᠠᠲᠤᠵᠤ᠂ ᠪᠠᠭᠰᠢ ᠰᠤᠷᠤᠬᠴᠢᠳ ᠲᠤ ᠠᠮᠢ ᠵᠢᠭᠤᠲᠠᠵᠤ ᠥᠪᠡᠷ ᠢ ᠪᠠᠨ ᠠᠪᠤᠷᠠᠬᠤ ᠦᠨᠳᠦᠰᠦᠨ ᠠᠷᠭ᠎ᠠ ᠶᠢ ᠦᠨᠡᠨ ᠬᠦ ᠡᠵᠡᠮᠰᠢᠭᠦᠯᠪᠡ᠃ |
|
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|