ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/3/29

      3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠰᠠᠶᠢᠨ ᠦᠷ᠎ᠡ ᠶᠢ ᠪᠣᠶᠢᠵᠢᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠡᠯ᠎ᠡ ᠳᠡᠳ᠋ ᠲᠡᠷᠢᠭᠦᠯᠡᠭᠴᠢ ᠲᠦᠷᠦᠭᠦᠯᠡᠨ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠡᠷᠢᠵᠦ᠂ ᠠᠵᠢᠯᠴᠢᠨ ᠬᠡᠷᠡᠭᠯᠡᠵᠦ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠵᠠᠬ᠎ᠠ ᠳᠡᠯᠭᠡᠭᠦᠷ ᠡᠷᠢᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠷᠤᠯᠳᠤᠭᠠᠨ ᠤ ᠵᠠᠮ ᠤᠨ ᠴᠡᠭ ᠢ ᠣᠨᠣᠪᠴᠢᠲᠠᠢ ᠡᠷᠢᠵᠦ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠨᠢᠭᠡ ᠪᠦᠯᠦᠭ ᠤᠯᠠᠷᠢᠭᠤᠯᠤᠨ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠠᠴᠠ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠵᠤ᠂ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠴᠢᠬᠤᠯᠠ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠡᠬᠢ ᠡᠭᠦᠰᠦᠯ ᠠᠴᠠ ᠨᠢ ᠴᠡᠪᠡᠷᠰᠢᠭᠦᠯᠬᠦ᠂ ᠭᠤᠣᠯᠳᠠᠯᠭ᠎ᠠ ᠲᠠᠢ ᠭᠠᠵᠠᠷ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ︽ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠰᠠᠶᠢᠬᠠᠨ ᠦᠨᠦᠷ ᠠᠮᠲᠠ︾ ᠶᠢᠨ ᠲᠥᠷᠥᠯ ᠲᠡᠮᠳᠡᠭ ᠤᠨ ᠳᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠠᠢᠮᠠᠨ ᠪᠤᠯᠬᠤ ᠦᠭᠡᠢ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠥᠷᠢ ᠥᠭᠴᠡᠭᠡ ᠶᠢ ᠦᠨᠡᠨ ᠪᠣᠳᠠᠲᠠᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ ᠲᠣᠬᠢᠷᠠᠭᠤᠯᠬᠤ ᠲᠥᠰᠥᠯ ᠢ ᠰᠤᠳᠤᠯᠵᠤ᠂ ᠠᠵᠤ ᠦᠢᠯᠡᠰ ᠤᠨ ᠲᠦᠷᠦᠯ ᠵᠦᠢᠯ ᠢ ᠤᠨᠢᠨ ᠳᠡᠭᠡᠷ᠎ᠡ ᠨᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢ ᠳᠤ ᠲᠠᠯᠠᠷᠬᠠᠬᠤ ᠰᠡᠳᠬᠢᠯᠭᠡ ᠪᠠᠷ ᠬᠤᠪᠣᠷ ᠨᠠᠨᠳᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠬᠤᠲᠠ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ︽ᠭᠡᠮ ᠰᠣᠭᠤᠭ ᠲᠠᠢ ᠠᠵᠢᠯᠯᠠᠬᠤ︾ ᠶᠢ ᠲᠤᠰᠬᠠᠢ ᠴᠡᠭᠴᠡᠯᠡᠨ ᠵᠠᠰᠠᠬᠤ ᠲᠥᠰᠥᠯ ᠢ ᠬᠢᠨᠠᠨ ᠵᠥᠪᠯᠡᠵᠦ ᠪᠠᠲᠤᠯᠠᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠠᠰᠠᠷ ᠤᠨ ᠳᠣᠲᠣᠷ᠎ᠠ ᠭᠠᠳᠠᠨᠠᠬᠢ᠂ ᠲᠣᠨᠤᠭ ᠲᠥᠬᠦᠭᠡᠷᠦᠮᠵᠢ ᠤᠭᠰᠠᠷᠠᠭ᠎ᠠ ᠲᠣᠨᠤᠭ ᠢ ᠨᠢᠭᠡ ᠴᠣᠭᠴᠠᠵᠢᠭᠤᠯᠤᠨ ᠵᠢᠭᠰᠠᠭᠠᠨ ᠪᠠᠶᠢᠴᠠᠭᠠᠵᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠ ᠨᠠᠷᠢᠯᠢᠭ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠨᠡᠶᠢᠳᠬᠡᠨ ᠲᠠᠭᠢᠨ ᠪᠠᠶᠢᠭᠤᠯᠬᠤ ᠵᠡᠷᠭᠡ ᠵᠦᠢᠯ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ