ᠬᠤᠲᠠ ᠪᠠᠯᠭᠠᠰᠤᠨ ᠤ 1200 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠣᠯᠭᠠᠨ᠎ᠠ — ᠡᠨᠡ ᠪᠣᠯ 5 ᠤ ᠡᠳᠦᠷ ᠤᠨ ᠬᠢᠨᠠᠨ ᠵᠦᠪᠯᠡᠭᠦᠯᠬᠦ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠬᠢᠷᠠᠭᠤᠯᠤᠭᠰᠠᠨ 2024 ᠣᠨ ᠤ ᠠᠵᠢᠯ ᠣᠯᠭᠤᠯᠲᠠ ᠶᠢᠨ ᠵᠢᠱᠢᠭᠰᠡᠨ ᠬᠠᠷᠠᠯᠲᠠ ᠪᠣᠯᠣᠨ᠎ᠠ᠃
ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠶᠢᠨ ᠬᠡᠪᠴᠢᠶ᠎ᠡ ᠶᠢ ᠨᠢᠳᠤᠨᠤᠨ ᠤ ︽1200 ᠲᠦᠮᠡ ᠣᠷᠴᠢᠮ︾ ᠪᠠᠶᠢᠭᠰᠠᠨ ᠠᠴᠠ ᠡᠨᠡ ᠵᠢᠯ ᠤᠨ ︽1200 ᠲᠦᠮᠡ ᠠᠴᠠ ᠳᠡᠭᠡᠭᠰᠢ︾ ᠪᠣᠯᠭᠠᠨ ᠲᠣᠬᠢᠷᠠᠭᠤᠯᠵᠤ᠂ ᠨᠡᠩ ᠢᠳᠡᠪᠬᠢᠲᠡᠢ ᠠᠵᠢᠯ ᠣᠯᠭᠤᠯᠲᠠ ᠶᠢᠨ ᠬᠠᠷᠠᠯᠲᠠ ᠶᠢ ᠳᠤᠷᠠᠳᠤᠨ ᠭᠠᠷᠭᠠᠭᠰᠠᠨ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠦᠪᠴᠢᠯᠡᠬᠦ ᠨᠡᠩ ᠶᠡᠭᠡ ᠡᠷᠴᠢᠮ ᠲᠠᠢ ᠳᠣᠬᠢᠶ᠎ᠠ ᠶᠢ ᠳᠠᠮᠵᠢᠭᠤᠯᠪᠠ᠃
ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ ᠬᠠᠮᠤᠭ ᠤᠨ ᠦᠨᠳᠦᠰᠦᠨ ᠲᠤᠯᠭᠠᠭᠤᠷᠢ ᠪᠣᠯᠣᠨ᠎ᠠ᠃ ᠡᠨᠡ ᠵᠢᠯ ᠤᠨ ᠬᠠᠷᠠᠯᠲᠠ ᠪᠠᠨ ᠶᠠᠭᠤᠨ ᠳᠤ ᠢᠩᠭᠢᠵᠦ ᠲᠣᠭᠲᠠᠭᠠᠭᠰᠠᠨ ᠪᠤᠢ︖
︽ᠡᠨᠡ ᠨᠢ ᠠᠷᠠᠳ ᠤᠨ ᠠᠮᠢᠳᠤᠷᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠶᠢ ᠬᠠᠷᠠᠭᠤᠯᠬᠤ ᠪᠥᠭᠡᠳ ᠪᠣᠳᠠᠲᠤ ᠪᠠᠶᠢᠳᠠᠯ ᠳᠤ ᠰᠠᠭᠤᠷᠢᠯᠠᠨ ᠪᠣᠳᠣᠯᠬᠢᠯᠠᠭᠰᠠᠨ ᠶᠠᠪᠤᠳᠠᠯ ᠮᠥᠨ᠃︾ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠢᠯᠡᠷᠬᠡᠶᠢᠯᠡᠬᠦ ᠳᠤ ᠪᠠᠨ᠂ 2024 ᠣᠨ ᠤ ᠠᠵᠤ ᠠᠬᠤᠢ ᠶᠢᠨ ᠠᠵᠢᠯᠯᠠᠭᠠᠨ ᠤ ᠲᠦᠭᠰᠢᠭᠦᠷᠢ ᠪᠠ ᠥᠷᠢᠰᠦᠯᠳᠦᠭᠡᠨ ᠨᠡᠮᠡᠭᠳᠡᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠳᠠᠷᠤᠭᠠᠰᠤ ᠨᠡᠯᠢᠶᠡᠳ ᠶᠡᠭᠡ ᠪᠠᠶᠢᠭ᠎ᠠ ᠪᠠᠶᠢᠳᠠᠯ ᠳᠣᠣᠷ᠎ᠠ᠂ ᠡᠷᠬᠡᠪᠰᠢ ᠣᠯᠠᠨ ᠲᠦᠮᠡᠨ ᠤ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠢᠯᠡᠷᠡᠭᠦᠯᠬᠦ ᠬᠡᠷᠡᠭᠲᠡᠢ ᠭᠡᠵᠡᠢ᠃
ᠡᠨᠡ ᠵᠢᠯ ᠬᠤᠳᠠ ᠪᠠᠯᠭᠠᠰᠤᠨ ᠳᠤ ᠠᠵᠢᠯ ᠣᠯᠬᠤ ᠴᠢᠬᠤᠯᠠᠲᠠᠢ ᠰᠢᠨ᠎ᠡ ᠪᠠᠷ ᠦᠰᠦᠨ ᠪᠣᠶᠢᠵᠢᠭᠰᠠᠨ ᠬᠥᠳᠡᠯᠮᠦᠷᠢ ᠬᠦᠴᠦᠨ ᠦᠷᠭᠦᠯᠵᠢᠯᠡᠨ ᠥᠨᠳᠥᠷ ᠪᠠᠶᠢᠷᠢᠨ ᠳᠤ ᠪᠠᠶᠢᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠪᠴᠢᠶ᠎ᠡ ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 1170 ᠲᠦᠮᠡᠨ ᠬᠥᠮᠥᠨ ᠢ ᠳᠠᠪᠠᠭ᠋ᠤ ᠶᠢᠨ ᠬᠠᠮᠲᠤ ᠪᠠᠰᠠ ᠦᠯᠡᠮᠵᠢ ᠤᠯᠠᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ ᠡᠶᠢᠮᠦ ᠠᠴᠠ ᠠᠵᠢᠯ ᠣᠯᠭᠤᠯᠲᠠ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠨᠢ ᠲᠤᠶᠢᠯ ᠤᠨ ᠵᠠᠩᠭᠢᠯᠠᠭ᠎ᠠ ᠪᠣᠯᠣᠨ᠎ᠠ᠃
ᠡᠨᠡ ᠬᠦ ᠬᠠᠷᠠᠯᠲᠠ ᠶᠢ ᠪᠡᠶᠡᠯᠡᠭᠦᠯᠵᠦ ᠴᠢᠳᠠᠨ᠎ᠠ ᠦᠦ︖
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠵᠤ ᠠᠬᠤᠢ ᠶᠢᠨ ᠨᠡᠮᠡᠭᠳᠡᠯ ᠤᠨ ᠵᠢᠱᠢᠯᠲᠡ ᠶᠢᠨ ᠬᠠᠷᠠᠯᠲᠠ ᠶᠢ 5% ᠣᠷᠴᠢᠮ ᠪᠠᠶᠢᠯᠭᠠᠨ᠎ᠠ ᠭᠡᠵᠦ ᠳᠤᠷᠠᠳᠪᠠ᠃ ᠡᠨᠡ ᠨᠢ ᠶᠠᠭ ᠠᠵᠢᠯ ᠣᠯᠭᠤᠯᠲᠠ ᠶᠢ ᠠᠬᠢᠭᠤᠯᠵᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠬᠢ ᠬᠡᠷᠡᠭᠴᠡᠭᠡ ᠶᠢ ᠪᠣᠳᠣᠯᠬᠢᠯᠠᠭᠰᠠᠨ ᠶᠤᠮ᠃
︽ᠠᠵᠤ ᠠᠬᠤᠢ ᠶᠢᠨ ᠨᠡᠮᠡᠭᠳᠡᠯ ᠬᠢᠭᠡᠳ ᠠᠵᠢᠯ ᠣᠯᠭᠤᠯᠲᠠ ᠶᠢᠨ ᠬᠤᠯᠪᠣᠯᠳᠤᠨ ᠳᠠᠶᠢᠴᠢᠯᠠᠬᠤ ᠦᠢᠯᠡᠳᠦᠯ ᠠᠴᠠ ᠦᠵᠡᠪᠡᠯ᠂ ᠠᠵᠤ ᠠᠬᠤᠢ ᠶᠢᠨ ᠨᠡᠮᠡᠭᠳᠡᠯ ᠤᠨ 1 ᠵᠠᠭᠤᠨ ᠤ ᠴᠡᠭ ᠨᠢ 200 ᠭᠠᠷᠤᠢ ᠲᠦᠮᠡᠨ ᠬᠥᠮᠥᠨ ᠤ ᠠᠵᠢᠯ ᠣᠯᠭᠤᠯᠲᠠ ᠶᠢ ᠳᠠᠶᠢᠴᠢᠯᠠᠵᠤ ᠳᠡᠶᠢᠯᠦᠨ᠎ᠡ᠃︾ ᠭᠡᠰᠢᠭᠦᠨ ᠮᠦᠸᠧ ᠷᠦᠩ ᠬᠡᠯᠡᠭᠰᠡᠨ ᠨᠢ᠂ ᠡᠨᠡ ᠬᠡᠳᠦᠨ ᠵᠢᠯ ᠤᠨ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠢᠯᠠᠩᠭᠤᠶ᠎ᠠ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢᠨ ᠳᠡᠭᠡᠷ᠎ᠡ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠤᠭᠰᠠᠨ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠲᠣᠭᠲᠠᠭᠤᠨ ᠢᠶᠠᠷ ᠴᠢᠩᠭᠠᠷᠠᠵᠠᠢ ᠭᠡᠪᠡ᠃
ᠠᠵᠢᠯ ᠣᠯᠭᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠡᠷᠭᠢᠴᠡᠭᠦᠯᠵᠦ ᠦᠵᠡᠪᠡᠯ᠂ ᠥᠩᠭᠡᠷᠡᠭᠰᠡᠨ 3 ᠵᠢᠯ ᠳᠤ᠂ ᠮᠠᠨ ᠤ ᠤᠯᠤᠰ ᠤᠨ ᠵᠢᠯ ᠪᠦᠷᠢ ᠶᠢᠨ ᠪᠡᠶᠡᠯᠡᠭᠦᠯᠦᠭᠰᠡᠨ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠣᠭᠰᠠᠨ ᠬᠥᠮᠥᠨ 1200 ᠲᠦᠮᠡ ᠶᠢ ᠳᠠᠪᠠᠵᠠᠢ᠃ 2023 ᠣᠨ ᠳᠤ GDP 5.2% ᠢᠶᠠᠷ ᠨᠡᠮᠡᠭᠳᠡᠵᠦ᠂ ᠪᠥᠬᠦ ᠤᠯᠤᠰ ᠤᠨ 1244 ᠲᠦᠮᠡᠨ ᠬᠥᠮᠥᠨ ᠳᠤ ᠬᠤᠲᠠ ᠪᠠᠯᠭᠠᠰᠤᠨ ᠳᠤ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠦᠷᠭᠦᠯᠵᠢᠯᠡᠨ ᠨᠡᠮᠡᠭᠳᠡᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠬᠦ ᠬᠡᠪᠴᠢᠶ᠎ᠡ 3397 ᠲᠦᠮᠡᠨ ᠬᠥᠮᠥᠨ ᠳᠤ ᠬᠦᠷᠴᠡᠢ᠃
2024 ᠣᠨ ᠤ ᠠᠵᠢᠯ ᠣᠯᠭᠤᠯᠲᠠ ᠶᠢᠨ ᠬᠠᠷᠠᠯᠲᠠ ᠶᠢ ᠬᠡᠷᠬᠢᠨ ᠪᠡᠶᠡᠯᠡᠭᠦᠯᠬᠦ ᠪᠤᠢ︖
— ᠡᠩ ᠲᠡᠷᠢᠭᠦᠨ ᠳᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠳᠬᠠᠬᠤ ᠬᠡᠷᠡᠭᠲᠡᠢ᠃
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠦᠵᠡᠭᠦᠯᠬᠦ ᠳᠡᠮᠵᠢᠯᠭᠡ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠤᠰᠬᠠᠢ ᠲᠥᠷᠥ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠴᠠᠭᠠᠯᠲᠠ᠂ ᠲᠤᠰᠬᠠᠢ ᠵᠢᠭᠡᠯᠡᠯᠭᠡ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠤᠨ ᠠᠵᠤ ᠠᠬᠤᠶᠢᠯᠠᠯ ᠢ ᠳᠡᠮᠵᠢᠬᠦ ᠪᠠᠨ ᠴᠢᠩᠭᠠᠳᠬᠠᠨ᠎ᠠ᠃
— ᠳᠠᠷᠠᠭᠠᠯᠠᠪᠠᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠬᠤ ᠶᠢ ᠬᠠᠪᠰᠤᠷᠤᠨ ᠲᠡᠳᠬᠦᠬᠦ ᠶᠢ ᠳᠣᠪᠣᠶᠢᠯᠭᠠᠬᠤ ᠬᠡᠷᠡᠭᠲᠡᠢ᠃
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠵᠠᠯᠠᠭᠤᠴᠤᠳ ᠤᠨ ᠠᠵᠢᠯ ᠣᠯᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠢᠯ ᠣᠯᠵᠤ ᠦᠢᠯᠡᠰ ᠪᠣᠰᠬᠠᠬᠤ ᠶᠢ ᠵᠢᠯᠤᠭᠤᠳᠬᠤ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ ᠲᠥᠯᠥᠪᠯᠡᠭᠡ ᠶᠢᠨ ᠮᠡᠳᠡᠭᠦᠯᠦᠯᠲᠡ ᠳᠤ᠂ ᠲᠡᠷᠢᠭᠦᠨ ᠤ ᠦᠢᠯᠡᠳᠬᠦ ᠦᠢᠯᠡᠰ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠢ ᠥᠷᠭᠡᠳᠬᠡᠨ᠎ᠡ᠃ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ︵ᠡᠯᠰᠡᠬᠦ︶ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ ᠭᠡᠵᠦ ᠳᠤᠷᠠᠳᠪᠠ᠃
ᠲᠥᠰᠥᠪ ᠤᠨ ᠮᠡᠳᠡᠭᠦᠯᠦᠯᠲᠡ ᠶᠢ ᠦᠨᠳᠦᠰᠦᠯᠡᠪᠡᠯ᠂ 2024 ᠣᠨ ᠳᠤ᠂ ᠲᠥᠪ ᠤᠨ ᠡᠳ᠋ ᠤᠨ ᠵᠠᠰᠠᠭ 667 ᠳ᠋ᠦᠩᠰᠢᠭᠤᠷ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠢ ᠬᠦᠮᠦᠰ ᠵᠡᠷᠭᠡ ᠶᠢᠨ ᠠᠵᠢᠯ ᠣᠯᠵᠤ ᠦᠢᠯᠡᠰ ᠪᠤᠰᠬᠠᠬᠤ ᠶᠢ ᠭᠤᠣᠯᠳᠠᠯᠭ᠎ᠠ ᠲᠠᠢ ᠳᠡᠮᠵᠢᠬᠦ ᠪᠠᠷ ᠲᠥᠯᠥᠪᠯᠡᠵᠦ ᠪᠤᠢ᠃
— ᠡᠭᠦᠨ ᠠᠴᠠ ᠭᠠᠳᠠᠨ᠎ᠠ᠂ ᠬᠠᠩᠭᠠᠯᠭ᠎ᠠ ᠬᠡᠷᠡᠭᠴᠡᠭᠡ ᠶᠢᠨ ᠵᠣᠬᠢᠴᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠣᠷᠣᠨ ᠵᠠᠢ ᠶᠢ ᠥᠷᠭᠡᠳᠬᠡᠬᠦ ᠬᠡᠷᠡᠭᠲᠡᠢ᠃
ᠲᠥᠯᠥᠪᠯᠡᠭᠡ ᠶᠢᠨ ᠮᠡᠳᠡᠭᠦᠯᠦᠯᠲᠡ ᠳᠤ᠂ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤᠯᠢᠭ ᠢᠶᠠᠷ ᠠᠵᠢᠯ ᠣᠯᠬᠤ ᠶᠢ ᠣᠯᠠᠨ ᠠᠷᠭ᠎ᠠ ᠵᠠᠮ ᠢᠶᠠᠷ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠪᠠᠶᠢᠷᠢᠰᠢᠭᠤᠯᠤᠯᠲᠠ ᠶᠢᠨ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ ᠲᠣᠬᠢᠷᠠᠭᠤᠯᠤᠯᠲᠠ ᠪᠠ ᠴᠢᠳᠠᠪᠤᠷᠢᠲᠠᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠡᠩ ᠵᠣᠬᠢᠴᠠᠭᠤᠯᠬᠤ ᠶᠢ ᠠᠬᠢᠭᠤᠯᠵᠤ᠂ ᠵᠠᠭᠤᠨ ᠲᠦᠮᠡᠨ ᠵᠠᠯᠠᠭᠤᠴᠤᠳ ᠤᠨ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠦᠷᠨᠢᠭᠦᠯᠦᠨ᠎ᠡ ᠭᠡᠵᠦ ᠳᠤᠷᠠᠳᠪᠠ᠃