|
ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠳ᠋ᠠᠶᠢᠲ᠋ᠠ ᠨᠡᠶᠢᠲᠡᠯᠡᠬᠦ ᠬᠤᠷᠠᠯ ᠶᠠᠪᠤᠭᠳᠠᠪᠠ |
|
|
ᠨᠡᠶᠢᠲᠡᠯᠡᠭᠰᠡᠨ ᠴᠠᠭ᠄
2024/4/1
|
|
3 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠢᠭᠡᠳ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠬᠠᠮᠲᠤᠷᠠᠨ ᠡᠷᠭᠢᠯᠡᠭᠰᠡᠨ ᠥᠪᠥᠷ ᠮᠣᠩᠭᠤᠯ ᠤᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠳ᠋ᠠᠶᠢᠲ᠋ᠠ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠪᠠ᠃ ᠣᠶᠢᠯᠠᠭᠠᠭᠰᠠᠨ ᠢᠶᠠᠷ᠂ 2020 ᠣᠨ ᠠᠴᠠ ᠡᠬᠢᠯᠡᠨ᠂ ᠮᠠᠨ ᠤ ᠣᠷᠣᠨ ᠪᠥᠬᠦ ᠤᠯᠤᠰ ᠲᠤ ᠡᠩ ᠲᠡᠷᠢᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠢ ᠦᠨᠡᠯᠡᠬᠦ ᠠᠵᠢᠯ ᠥᠷᠨᠢᠭᠦᠯᠦᠭᠰᠡᠨ ᠪᠥᠭᠡᠳ 4 ᠵᠢᠯ ᠤᠨ ᠲᠤᠷᠰᠢ ᠲᠦᠭᠦᠬᠡᠢ ᠰᠦ᠂ ᠬᠤᠨᠢᠨ ᠤ ᠮᠢᠬ᠎ᠠ᠂ ᠦᠬᠡᠷ ᠤᠨ ᠮᠢᠬ᠎ᠠ᠂ ᠲᠥᠮᠥᠰᠥ᠂ ᠲᠤᠲᠤᠷᠭ᠎ᠠ᠂ ᠨᠠᠷᠢᠮᠤ᠂ ᠪᠤᠭᠤᠳᠠᠢ ᠵᠡᠷᠭᠡ 7 ᠶᠡᠭᠡ ᠲᠥᠷᠥᠯ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠦᠨᠡᠯᠡᠯᠲᠡ ᠶᠢ ᠥᠷᠨᠢᠭᠦᠯᠪᠡ᠃ ᠭᠠᠷᠤᠯᠢ ᠶᠢ ᠨᠡᠶᠢᠳᠡ 2241 ᠬᠤᠪᠢ᠂ ᠰᠢᠮ᠎ᠡ ᠲᠡᠵᠢᠭᠡᠯᠲᠦ ᠪᠣᠳᠠᠰ᠂ ᠠᠮᠲᠠᠯᠠᠭᠴᠢ᠂ ᠠᠩᠬᠢᠯᠠᠭᠤᠯᠤᠭᠴᠢ ᠵᠡᠷᠭᠡ ᠶᠢᠨ ᠭᠦᠢᠴᠡᠳᠬᠡᠯ ᠲᠤᠭ᠎ᠠ ᠶᠢ 531 ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠳ᠋ᠠᠶᠢᠲ᠋ᠠ ᠶᠢ 147793 ᠭᠠᠷᠭᠠᠪᠠ᠃ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ ᠬᠠᠮᠲᠤ ᠪᠥᠬᠦ ᠤᠯᠤᠰ ᠲᠤ ᠡᠩ ᠲᠡᠷᠢᠭᠦᠨ ᠳᠤ ︽ᠰᠢᠮ᠎ᠡ ᠲᠡᠵᠢᠭᠡᠯ ᠰᠠᠶᠢᠨ᠂ ᠦᠨᠦᠷ ᠠᠩᠬᠢᠯᠤᠮ᠎ᠠ᠂ ᠰᠠᠶᠢᠬᠠᠨ ᠠᠮᠲᠠᠲᠤ᠂ ᠥᠪᠡᠷᠮᠢᠴᠡ ᠣᠨᠴᠠᠯᠢᠭᠲᠤ︾ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠢ ᠦᠨᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠰᠢᠮ᠎ᠡ ᠲᠡᠵᠢᠭᠡᠯ ᠤᠨ ᠭᠦᠢᠴᠡᠳᠬᠡᠯ ᠲᠤᠭ᠎ᠠ᠂ ᠠᠮᠲᠠᠯᠠᠭᠴᠢ᠂ ᠠᠩᠬᠢᠯᠠᠭᠤᠯᠤᠭᠴᠢ᠂ ᠡᠳ᠋ᠰᠢᠭᠦᠯᠬᠦ ᠶᠠᠰᠤ ᠴᠢᠨᠠᠷ᠂ ᠣᠨᠴᠠᠯᠢᠭ ᠤᠨ ᠭᠦᠢᠴᠡᠳᠬᠡᠯ ᠲᠤᠭ᠎ᠠ ᠵᠡᠷᠭᠡ ᠣᠯᠠᠨ ᠲᠠᠯ᠎ᠠ ᠠᠴᠠ ᠮᠠᠨ ᠤ ᠣᠷᠣᠨ ᠤ ᠳᠠᠪᠠᠭᠤᠯᠢᠭ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠰᠢᠯᠢᠳᠡᠭ ᠶᠠᠰᠤ ᠴᠢᠨᠠᠷ ᠢ ᠪᠥᠬᠦ ᠲᠠᠯ᠎ᠠ ᠪᠠᠷ ᠢᠯᠡᠷᠡᠭᠦᠯᠪᠡ᠃ 2023 ᠣᠨ ᠳᠤ᠂ ᠶᠠᠰᠤ ᠴᠢᠨᠠᠷ ᠢ ᠦᠨᠡᠯᠡᠬᠦ ᠠᠵᠢᠯ ᠨᠢ ᠪᠥᠬᠦ ᠤᠯᠤᠰ ᠤᠨ ᠲᠠᠷᠢᠶᠠᠯᠠᠩ ᠤᠨ ᠭᠠᠷᠤᠯᠢ ᠶᠢᠨ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃ ᠲᠣᠰ ᠤᠳᠠᠭᠠᠨ ᠤ ᠨᠡᠶᠢᠲᠡᠯᠡᠬᠦ ᠬᠤᠷᠠᠯ ᠳᠤ ᠥᠪᠥᠷ ᠮᠣᠩᠭᠤᠯ ᠤᠨ ᠠᠩᠬᠠᠳᠠᠭᠴᠢ ᠪᠦᠯᠦᠭ ᠦᠨᠢᠶᠡᠨ ᠤ ᠰᠦ᠂ ᠬᠤᠨᠢᠨ ᠤ ᠮᠢᠬ᠎ᠠ᠂ ᠦᠬᠡᠷ ᠤᠨ ᠮᠢᠬ᠎ᠠ᠂ ᠲᠥᠮᠥᠰᠥ ᠵᠡᠷᠭᠡ 4 ᠲᠥᠷᠥᠯ ᠤᠨ ᠭᠠᠷᠤᠯᠢ ᠶᠢᠨ ᠶᠠᠰᠤ ᠴᠢᠨᠠᠷ ᠤᠨ ᠳ᠋ᠠᠶᠢᠲ᠋ᠠ ᠶᠢ ᠨᠡᠶᠢᠲᠡᠯᠡᠪᠡ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠣᠯᠠᠨ ᠵᠦᠢᠯ ᠤᠨ ᠬᠡᠯᠪᠡᠷᠢ ᠪᠠᠷ ᠳ᠋ᠠᠶᠢᠲ᠋ᠠ ᠨᠡᠶᠢᠲᠡᠯᠡᠬᠦ ᠬᠤᠷᠠᠯ ᠬᠢᠵᠦ᠂ ᠦᠨᠡᠯᠡᠯᠲᠡ ᠶᠢᠨ ᠳ᠋ᠠᠶᠢᠲ᠋ᠠ ᠶᠢ ᠴᠠᠭ ᠲᠤᠬᠠᠢ ᠳᠤ ᠨᠢ ᠨᠡᠶᠢᠲᠡᠯᠡᠨ᠎ᠡ᠃ ᠡᠭᠦᠨ ᠤ ᠬᠠᠮᠲᠤ᠂ ᠥᠪᠥᠷ ᠮᠣᠩᠭᠤᠯ ᠤᠨ 7 ᠲᠣᠮᠣ ᠠᠵᠤ ᠦᠢᠯᠡᠰ ᠤᠨ ᠬᠡᠯᠬᠢᠶ᠎ᠡ ᠪᠠ ᠨᠠᠷᠠᠲᠤ ᠣᠨᠴᠠ ᠰᠢᠯᠢᠳᠡᠭ ᠰᠢᠨ᠎ᠡ 720 ᠲᠠᠷᠢᠶᠠᠯᠠᠩ ᠤᠨ ᠭᠠᠷᠤᠯᠢ ᠶᠢᠨ ᠳᠠᠪᠠᠭᠤᠯᠢᠭ ᠤᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠢ ᠶᠢᠨ ᠶᠠᠰᠤ ᠴᠢᠨᠠᠷ ᠤᠨ ᠦᠨᠡᠯᠡᠯᠲᠡ ᠶᠢᠨ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠤᠨ᠎ᠠ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|