ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠰᠤᠷᠤᠯᠴᠠᠵᠦ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/1

 

3 ᠰᠠᠷ᠎ᠠ ᠶᠢᠨ 29 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ︾ ᠢ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃

ᠬᠤᠷᠠᠯ ᠠᠴᠠ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠲᠣᠭᠤᠷᠢᠨ ᠪᠠᠶᠢᠴᠠᠭᠠᠬᠤ ᠠᠵᠢᠯ ᠤᠨ ᠤᠯᠤᠰ ᠲᠥᠷᠥ ᠶᠢᠨ ᠪᠠᠶᠢᠷᠢ ᠲᠣᠭᠲᠠᠭᠠᠯᠲᠠ ᠪᠠ ᠦᠨᠳᠦᠰᠦᠨ ᠡᠭᠦᠷᠭᠡ ᠶᠢ ᠪᠠᠲᠤ ᠡᠵᠡᠮᠳᠡᠵᠦ ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠦᠨᠡᠨ ᠬᠦ ᠴᠢᠩᠭᠠᠳᠬᠠᠵᠤ ᠂ ᠮᠥᠩᠭᠦᠨ ᠭᠦᠢᠯᠭᠡᠭᠡᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠨᠧᠷᠭᠢ ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠲᠥᠪᠯᠡᠷᠡᠭᠰᠡᠨ ᠂ ᠪᠡᠯᠡ ᠮᠥᠩᠭᠦ ᠴᠤᠭᠯᠠᠷᠠᠭᠰᠠᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠂ ︽ ᠨᠢᠭᠡᠳᠦᠭᠡᠷ ᠬᠠᠷᠢᠭᠤᠴᠠᠯᠭᠠᠲᠠᠨ ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠂ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ ᠂ ᠣᠨᠣᠪᠴᠢᠵᠢᠭᠤᠯᠬᠤ ᠂ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ︽ ᠨᠢᠭᠡ ᠱᠤᠭᠤᠮ ︾ ᠢᠶᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠠᠰᠠᠭᠤᠳᠠᠯ ᠢ ᠦᠨᠳᠦᠰᠦᠨ ᠠᠴᠠ ᠨᠢ ᠢᠳᠡᠪᠬᠢᠲᠡᠢ ᠰᠢᠢᠳᠪᠦᠷᠢᠯᠡᠵᠦ ᠂ ᠲᠣᠭᠤᠷᠢᠨ ᠪᠠᠶᠢᠴᠠᠭᠠᠯᠲᠠ ᠶᠢᠨ ︽ ᠰᠡᠭᠦᠯᠴᠢ ᠶᠢᠨ ᠠᠵᠢᠯ ︾ ᠢ ᠦᠨᠡᠨ ᠬᠦ ᠰᠠᠶᠢᠲᠤᠷ ᠬᠢᠬᠦ ᠬᠡᠷᠡᠭᠲᠡᠢ ᠃ ᠲᠣᠭᠤᠷᠢᠨ ᠪᠠᠶᠢᠴᠠᠭᠠᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠵᠤ ᠂ ᠬᠢᠨᠠᠯᠲᠠ ᠲᠠᠯᠪᠢᠬᠤ ᠶᠢᠨ ᠬᠠᠮᠲᠤᠷᠠᠯ ᠬᠦᠴᠦᠨ ᠪᠠ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠥᠷᠢ ᠥᠭᠴᠡᠭᠡ ᠶᠢ ᠠᠷᠢᠯᠭᠠᠬᠤ ᠲᠥᠰᠥᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠢ ᠥᠭᠴᠡᠭᠡ ᠶᠢᠨ ᠶᠡᠷᠦᠩᠬᠡᠢ ᠬᠡᠮᠵᠢᠶ᠎ᠡ ᠶᠢ ᠪᠠᠭᠠᠰᠬᠠᠵᠤ ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠪᠠᠭᠠᠰᠬᠠᠵᠤ ᠬᠡᠷᠡᠭᠯᠡᠵᠦ ᠪᠤᠯᠬᠤ ᠡᠳ᠋ ᠤᠨ ᠬᠦᠴᠦᠨ ᠢ ᠨᠡᠮᠡᠭᠳᠡᠭᠦᠯᠵᠦ ᠂ ᠪᠦᠭᠦ ᠵᠢᠯ ᠤᠨ ᠥᠷᠢ ᠥᠭᠴᠡᠭᠡ ᠶᠢ ᠠᠷᠢᠯᠭᠠᠬᠤ ᠬᠠᠷᠠᠯᠲᠠ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠃ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠴᠡᠪᠡᠷᠯᠡᠨ ᠡᠮᠬᠢᠯᠡᠬᠦ ᠡᠷᠴᠢᠮ ᠢᠶᠠᠨ ᠴᠢᠩᠭᠠᠷᠠᠭᠤᠯᠵᠤ ᠂ ᠠᠷᠪᠢᠯᠠᠨ ᠭᠠᠮᠨᠠᠵᠤ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠰᠢᠨ᠎ᠡ ᠪᠠᠷ ᠨᠡᠮᠡᠭᠳᠡᠬᠦ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ  ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠪᠦᠭᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭᠠᠬᠤ ᠠᠵᠢᠯ ᠢ ᠰᠠᠶᠢᠲᠤᠷ ᠬᠢᠵᠦ ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠩᠭ᠎ᠠ ᠪᠣᠳᠠᠲᠠᠢ ᠠᠳᠬᠤᠵᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭ᠎ᠠ ᠵᠢᠷᠤᠮᠵᠢᠭᠤᠯᠵᠤ ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ᠂ ᠬᠠᠤᠯᠢ ᠪᠠᠷᠢᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠲᠣᠭᠠᠴᠢᠯᠠᠭᠰᠠᠨ ᠬᠡᠷᠡᠭᠯᠡᠭᠡ ᠪᠠ ᠲᠤᠯᠭᠠᠭᠤᠷᠢᠯᠠᠯ ᠢ ᠴᠢᠩᠭᠠᠳᠬᠠᠵᠤ ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠳᠤ ᠨᠠᠩ ᠰᠠᠶᠢᠲᠤᠷ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠭᠠᠳᠠᠭᠠᠳᠤ ᠨᠡᠭᠡᠭᠡᠯᠲᠡ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠨᠡᠩ ᠥᠷᠭᠡᠨ ᠠᠭᠤᠳᠠᠮ ᠪᠠᠶᠢᠷᠢᠰᠢᠯ ᠪᠣᠯᠣᠨ ᠬᠠᠷᠠᠭᠠᠰᠤ ᠪᠠᠷ ᠨᠡᠭᠡᠭᠡᠯᠲᠡ ᠶᠢ ᠰᠦᠪᠡᠭᠴᠢᠯᠡᠵᠦ ᠂ ᠨᠡᠭᠡᠭᠡᠯᠲᠡ ᠶᠢ ᠠᠳᠬᠤᠵᠤ ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠭᠦᠨᠵᠡᠭᠡᠢ ᠠᠭᠤᠰᠤᠯᠴᠠᠨ ᠦᠢᠯᠡᠴᠢᠯᠡᠵᠦ ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠥᠷᠨᠢᠭᠦᠯᠵᠦ ᠂ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠢᠳᠡᠪᠬᠢᠲᠡᠢ ᠥᠷᠭᠡᠳᠬᠡᠵᠦ ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠪᠦᠭᠦ ᠬᠦᠴᠦ ᠪᠠᠷ ᠢᠶᠠᠨ ᠰᠠᠶᠢᠲᠤᠷ ᠠᠳᠬᠤᠵᠤ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ︽ ᠭᠠᠷ ᠳᠠᠮᠵᠢᠪᠠᠴᠤ ᠠᠰᠢᠭ ᠭᠦᠷᠲᠡᠭᠦ ᠦᠭᠡᠢ ︾ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠨᠡᠩ ᠶᠡᠭᠡ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ