ᠥᠪᠥᠷ ᠮᠣᠩᠭᠤᠯ ᠤᠨ A ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠪᠥᠬᠦ ᠵᠢᠯ ᠳᠤ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2024/4/1

 

      3 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠮᠡᠳᠡᠭᠡ ᠨᠡᠶᠢᠲᠡᠯᠡᠵᠦ᠂ ᠥᠷᠭᠡᠨ ᠣᠯᠠᠨ ᠵᠢᠭᠤᠯᠴᠢᠯᠠᠭᠰᠠᠳ ᠲᠤ ᠠᠰᠢᠭ ᠬᠦᠷᠲᠡᠭᠡᠨ ᠂ ᠳᠥᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠢ ᠪᠠᠶᠠᠷᠯᠠᠨ ᠤᠭᠲᠤᠬᠤ ᠶᠢᠨ ᠲᠥᠯᠥᠭᠡ᠂ ᠪᠥᠬᠦ ᠣᠷᠣᠨ ᠤ A ᠲᠠᠰ ᠤᠨ 80 ᠵᠢᠭᠤᠯᠴᠢᠯᠠᠯ ᠦᠵᠡᠮᠵᠢ ᠶᠢᠨ ᠣᠷᠣᠨ ᠤ ᠶᠡᠭᠡ ᠡᠭᠦᠳᠡᠨ ᠪᠢᠯᠧᠲ ᠢ 4 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠡᠯᠲᠦᠷᠢᠭᠦᠯᠦᠨ᠎ᠡ ᠭᠡᠵᠡᠢ᠃

      A ᠳᠡᠰ ᠤᠨ 80 ᠵᠢᠭᠤᠯᠴᠢᠯᠠᠯ ᠦᠵᠡᠮᠵᠢ ᠶᠢᠨ ᠣᠷᠣᠨ  ᠨᠢ ᠪᠦᠬᠦ ᠣᠷᠣᠨ ᠤ 12 ᠠᠶᠢᠮᠠᠭ ᠬᠤᠲᠠ ᠳᠤ ᠲᠥᠭᠡᠵᠡᠢ ᠂ ᠡᠭᠦᠨ ᠳᠤ ᠬᠥᠬᠡᠬᠤᠲᠠ ᠶᠢᠨ ᠮᠧᠩ ᠼᠤᠤ · ᠼᠤᠤ ᠪᠥᠸᠧ ᠶᠤᠸᠠᠨ ᠦᠵᠡᠮᠵᠢ ᠶᠢᠨ ᠣᠷᠣᠨ᠂ ᠪᠤᠭᠤᠲᠤ ᠬᠤᠲᠠ ᠶᠢᠨ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠢᠭᠤᠯᠴᠢᠯᠠᠯ ᠤᠨ ᠣᠷᠣᠨ᠂ ᠬᠥᠯᠥᠨ ᠪᠤᠶᠢᠷ ᠬᠤᠲᠠ ᠶᠢᠨ ᠬᠥᠯᠥᠨ ᠪᠤᠶᠢᠷ ᠤᠨ ᠡᠷᠲᠡᠨ ᠤ ᠬᠤᠲᠠ ᠶᠢᠨ ᠵᠢᠭᠤᠯᠴᠢᠯᠠᠯ ᠤᠨ ᠣᠷᠣᠨ᠂ ᠬᠢᠩᠭᠠᠨ ᠠᠶᠢᠮᠠᠭ ᠤᠨ ᠷᠠᠰᠢᠶᠠᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠂ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠬᠥ᠋ ᠢᠦᠢ ᠶᠤᠸᠠᠨ ᠦᠵᠡᠮᠵᠢ ᠶᠢᠨ ᠣᠷᠣᠨ᠂ ᠤᠯᠠᠭᠠᠨᠬᠠᠳᠠ ᠬᠤᠲᠠ ᠶᠢᠨ ᠯᠢᠤᠢ ᠶᠤᠸᠠᠨ ᠠᠮᠢ ᠠᠬᠤᠢ ᠶᠢᠨ ᠦᠵᠡᠮᠵᠢ ᠶᠢᠨ ᠣᠷᠣᠨ᠂ ᠰᠢᠯᠢ ᠶᠢᠨ ᠭᠤᠣᠯ ᠠᠶᠢᠮᠠᠭ ᠤᠨ ᠰᠢᠯᠢ ᠶᠢᠨ ᠬᠤᠲᠠ ᠶᠢᠨ ᠪᠡᠶᠢᠰᠡ ᠶᠢᠨ ᠰᠦᠮ᠎ᠡ ᠶᠢᠨ ᠵᠢᠭᠤᠯᠴᠢᠯᠠᠯ ᠦᠵᠡᠮᠵᠢ ᠶᠢᠨ ᠣᠷᠣᠨ ᠂ ᠤᠯᠠᠭᠠᠨᠴᠠᠪ ᠬᠤᠲᠠ ᠶᠢᠨ ᠪᠠ ᠸᠠᠩ ᠾᠧ ᠠᠮᠢ ᠠᠬᠤᠢ ᠶᠢᠨ ᠴᠡᠴᠡᠷᠯᠢᠭ ᠤᠨ ᠦᠵᠡᠮᠵᠢ ᠶᠢᠨ ᠣᠷᠣᠨ ᠂ ᠣᠷᠳᠣᠰ ᠬᠤᠲᠠ ᠶᠢᠨ ᠡᠩᠬᠡᠪᠡᠢ ᠵᠢᠭᠤᠯᠴᠢᠯᠠᠯ ᠤᠨ ᠣᠷᠣᠨ ᠂ ᠪᠠᠶᠠᠨᠨᠠᠭᠤᠷ ᠬᠤᠲᠠ ᠶᠢᠨ ᠲᠡᠮᠡᠭᠡᠨ ᠵᠢᠩ ᠤᠨ ᠤᠯᠠᠭ᠎ᠠ ᠥᠷᠲᠡᠭᠡ ᠵᠢᠭᠤᠯᠴᠢᠯᠠᠯ ᠤᠨ ᠣᠷᠣᠨ ᠂ ᠦᠬᠠᠢ ᠬᠤᠲᠠ ᠶᠢᠨ ᠬᠠᠨ ᠰᠧᠨ ᠡᠳ᠋ᠯᠡᠩ ᠤᠨ ᠦᠵᠡᠮᠵᠢ ᠶᠢᠨ ᠣᠷᠣᠨ ᠂ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠤ ᠣᠪᠣᠭᠠᠨ ᠠᠭᠤᠯᠠ ᠵᠢᠭᠤᠯᠴᠢᠯᠠᠯ ᠤᠨ ᠣᠷᠣᠨ ᠵᠡᠷᠭᠡ ᠶᠢ ᠪᠠᠭᠲᠠᠭᠠᠭᠰᠠᠨ ᠤᠯᠠᠨ ᠨᠡᠷᠡᠳᠦ ᠦᠵᠡᠮᠵᠢ ᠶᠢᠨ ᠭᠠᠵᠠᠷ ᠴᠥᠮ ᠨᠡᠷᠡᠰ ᠤᠨ ᠵᠢᠭᠰᠠᠭᠠᠯᠲᠠ ᠳᠤ ᠣᠷᠣᠪᠠ ᠃

      ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠰᠠᠶᠢᠵᠢᠷᠠᠭᠤᠯᠬᠤ ᠶᠢᠨ ᠲᠥᠯᠥᠭᠡ᠂ ᠮᠠᠨ ᠤ ᠣᠷᠣᠨ 5 ᠳ᠋ᠤᠭᠠᠷ ᠰᠠᠷ᠎ᠠ ᠶᠢᠨ 1 ᠤ ᠡᠳᠦᠷ ᠠᠴᠠ ︽2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠵᠢᠭᠤᠯᠴᠢᠯᠠᠭᠰᠠᠳ ᠢ ᠣᠷᠢᠨ ᠠᠪᠴᠢᠷᠠᠭᠰᠠᠨ ᠢ ᠱᠠᠩᠨᠠᠬᠤ ᠠᠷᠭ᠎ᠠ︾ ᠶᠢ ᠬᠡᠷᠡᠭᠵᠢᠭᠦᠯᠬᠦ ᠪᠣᠯᠣᠨ᠎ᠠ ᠂ ᠲᠤᠬᠠᠢ ᠶᠢᠨ ᠦᠶᠡᠰ ᠲᠤ ᠨᠠᠩ ᠣᠯᠠᠨ ᠬᠠᠷᠠᠭᠠᠯᠵᠠᠯ᠂ ᠨᠠᠩ ᠣᠯᠠᠨ ᠭᠡᠨᠡᠳᠲᠡ ᠶᠢᠨ ᠪᠠᠶᠠᠷ ᠢ ᠨᠡᠶᠢᠲᠡᠯᠡᠨ᠎ᠡ ᠃

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ