2024 ᠣᠨ ᠤ ᠲᠠᠪᠤᠨ ᠲᠦᠮᠡᠨ ᠣᠶᠤᠲᠠᠳ ᠢ ᠬᠥᠬᠡᠬᠤᠲᠠ ᠳᠤ ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/10

  4 ᠳ᠋ᠦ᠋ᠭᠡᠷ ᠰᠠᠷ᠎ᠠ ᠶᠢᠨ 8 ᠤ ᠡᠳᠦᠷ᠂ ︽ᠴᠢᠩ ᠰᠡᠳᠬᠢᠯ ᠠᠴᠠ ᠪᠠᠨ ᠬᠥᠬᠡᠬᠤᠲᠠ ᠳᠤ ᠤᠷᠢᠨᠠᠮ︾ ᠭᠡᠬᠦ ᠰᠡᠳᠦᠪᠲᠦ 2024 ᠣᠨ ᠤ ᠲᠠᠪᠤᠨ ᠲᠦᠮᠡᠨ ᠣᠶᠤᠲᠠᠳ ᠢ ᠬᠥᠬᠡᠬᠤᠲᠠ ᠳᠤ ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠶᠢᠨ ᠤᠬᠠᠭᠤᠯᠤᠨ ᠲᠠᠨᠢᠯᠴᠠᠭᠤᠯᠬᠤ ᠠᠩᠬᠠᠳᠠᠭᠴᠢ ᠬᠤᠷᠠᠯ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠬᠦᠷᠴᠦ᠂ ᠥᠷᠭᠡᠨ ᠣᠯᠠᠨ ᠡᠷᠳᠡᠮᠲᠡᠨ ᠴᠢᠳᠠᠪᠤᠷᠢᠲᠠᠨ ᠢ ᠬᠥᠬᠡᠬᠤᠲᠠ ᠳᠤ ᠤᠷᠢᠪᠠ᠃

  ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠢ ᡂᠢ ᠤᠬᠠᠭᠤᠯᠬᠤ ᠬᠤᠷᠠᠯ ᠳᠤ ᠣᠷᠣᠯᠴᠠᠭᠰᠠᠨ ᠪᠥᠭᠡᠳ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ ᠪᠠ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠤᠬᠠᠭᠤᠯᠤᠨ ᠲᠠᠨᠢᠯᠴᠠᠭᠤᠯᠵᠠᠢ᠃

  ᠣᠶᠢᠯᠠᠭᠠᠭᠰᠠᠨ ᠢᠶᠠᠷ᠂ ᠬᠥᠬᠡᠬᠤᠲᠠ ᠶᠢᠨ 2024 ᠣᠨ ᠳᠤ ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠴᠢᠳᠠᠪᠤᠷᠢᠲᠠᠨ ᠤᠷᠢᠬᠤ ᠲᠤᠰᠬᠠᠢ ᠠᠵᠢᠯᠯᠠᠭ᠎ᠠ ᠶᠢ ᠤᠷᠢᠳ ᠬᠤᠵᠢᠳ ᠭᠢᠷᠢᠨ ᠶᠡᠭᠡ ᠰᠤᠷᠭᠠᠭᠤᠯᠢ᠂ ᠳ᠋ᠠᠯᠢᠶᠠᠨ ᠤ ᠪᠠᠶᠢᠭᠠᠯᠢ ᠲᠧᠭᠨᠢᠭ ᠤᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠯᠠᠨᠵᠧᠦ ᠶᠡᠭᠡ ᠰᠤᠷᠭᠠᠭᠤᠯᠢ ᠵᠡᠷᠭᠡ ᠨᠠᠷᠠᠲᠤ ᠶᠡᠭᠡ ᠳᠡᠭᠡᠳᠦ ᠰᠤᠷᠭᠠᠭᠤᠯᠢ ᠳᠤ ᠤᠬᠠᠭᠤᠯᠤᠨ ᠲᠠᠨᠢᠯᠴᠠᠭᠤᠯᠵᠤ᠂ ᠬᠥᠬᠡᠬᠤᠲᠠ ᠳᠤ ᠢᠷᠡᠵᠦ ᠬᠥᠭᠵᠢᠬᠦ ᠰᠠᠨᠠᠭ᠎ᠠ ᠲᠠᠢ ᠰᠢᠯᠢᠳᠡᠭ ᠣᠶᠤᠲᠠᠳ ᠲᠤ 1041 ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠪᠠ 8965 ᠠᠵᠤ ᠠᠬᠤᠶᠢᠯᠠᠯ ᠤᠨ ᠠᠵᠢᠯ ᠤᠨ ᠪᠠᠶᠢᠷᠢ ᠬᠠᠩᠭᠠᠨ᠎ᠠ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ