4 ᠳ᠋ᠦ᠋ᠭᠡᠷ ᠰᠠᠷ᠎ᠠ ᠶᠢᠨ 8 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠣᠷᠣᠨ ᠤ ᠨᠡᠶᠢᠲᠡᠯᠡᠭᠰᠡᠨ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ 21 ᠲᠦᠮᠡ ᠶᠢ ᠳᠠᠪᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠢᠨ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠤᠩᠭᠤᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠨᠠᠩ ᠳᠥᠭᠦᠮ ᠳᠥᠲᠡ ᠢᠲᠡᠭᠡᠮᠵᠢ ᠶᠢᠨ ᠪᠡᠯᠡ ᠲᠣᠬᠢᠷᠠᠭᠤᠯᠬᠤ ᠦᠢᠯᠡᠴᠢᠯᠡᠭᠡ ᠬᠠᠩᠭᠠᠵᠤ᠂ ᠣᠯᠠᠨ ᠰᠠᠯᠠᠭ᠎ᠠ ᠮᠥᠴᠢᠷ ᠲᠠᠢ ᠬᠠᠮᠵᠢᠯᠴᠠᠨ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠪᠠᠶᠢᠨ᠎ᠠ᠃
2023 ᠣᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠤᠩᠭᠤᠬᠤ ᠬᠠᠮᠢᠶᠠᠷᠤᠯᠲᠠ ᠶᠢᠨ ᠠᠷᠭ᠎ᠠ︾ ᠶᠢ ᠰᠢᠨ᠎ᠡ ᠪᠠᠷ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠰᠢᠯᠢᠳᠡᠭᠵᠢᠭᠦᠯᠦᠨ᠂ ᠰᠣᠩᠭᠤᠬᠤ ᠡᠲᠡᠭᠡᠳ ᠢ ᠨᠠᠷᠢᠯᠢᠭᠵᠢᠭᠤᠯᠵᠤ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠠᠶᠠᠯᠢᠭᠵᠢᠭᠤᠯᠪᠠ᠃ ᠣᠲᠣ ᠪᠣᠯᠲᠠᠯ᠎ᠠ᠂ ᠨᠡᠶᠢᠲᠡᠯᠡᠭᠰᠡᠨ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠨᠡᠶᠢᠲᠡ 21 ᠲᠦᠮᠡ ᠶᠢ ᠳᠠᠪᠠᠪᠠ ᠂ ᠡᠭᠦᠨ ᠳᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ 1304᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠠᠵᠤ ᠠᠬᠤᠶᠢᠯᠠᠯ 21 ᠪᠣᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠣᠩᠭᠤᠬᠤ ᠠᠷᠭ᠎ᠠ ᠶᠢᠨ ᠶᠣᠰᠣᠭᠠᠷ᠂ ᠪᠥᠬᠦ ᠣᠷᠣᠨ ᠤ ᠡᠯ᠎ᠡ ᠰᠠᠯᠠᠭ᠎ᠠ ᠮᠥᠴᠢᠷ ᠠᠴᠠ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠶᠢ ᠴᠤᠭᠯᠠᠭᠤᠯᠵᠤ᠂ ᠵᠢᠷᠤᠮᠵᠢᠯᠳᠤ ᠴᠢᠨᠠᠷ ᠪᠠ ᠪᠣᠯᠣᠮᠵᠢᠲᠤ ᠴᠢᠨᠠᠷ ᠢ ᠳᠡᠭᠡᠭᠰᠢᠯᠡᠭᠦᠯᠪᠡ᠃
ᠢᠲᠡᠭᠡᠮᠵᠢ ᠶᠢᠨ ᠲᠡᠮᠳᠡᠭᠯᠡᠯ ᠢᠶᠠᠷ ᠰᠠᠶᠢᠨ ᠡᠵᠡᠩᠨᠡᠯᠲᠡ ᠶᠢᠨ ᠭᠤᠣᠯ ᠴᠣᠭᠴᠠ ᠶᠢ ᠦᠨᠡᠨ ᠬᠦ ᠬᠠᠪᠰᠤᠷᠴᠤ ᠲᠥᠬᠦᠮ ᠲᠥᠲᠡ ᠬᠠᠷᠠᠭᠠᠯᠵᠠᠯ ᠲᠠᠢ ᠪᠡᠯᠡ ᠲᠣᠬᠢᠷᠠᠭᠤᠯᠭ᠎ᠠ ᠶᠢᠨ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠦᠷᠲᠡᠭᠡᠨ ᠂ ᠪᠡᠯᠡ ᠲᠣᠬᠢᠷᠠᠭᠤᠯᠬᠤ ᠳᠤ ᠬᠦᠴᠢᠷᠲᠡᠢ᠂ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠨᠠᠮᠳᠠᠭᠤᠯᠬᠤ ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠷᠣᠨ ᠤ ᠳᠣᠲᠣᠷᠠᠬᠢ ᠡᠬᠢ ᠪᠠᠶᠠᠯᠢᠭ ᠤᠳ ᠢ ᠢᠳᠡᠪᠬᠢᠲᠡᠢ ᠪᠠᠷ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ ᠵᠠᠩᠭᠢᠯᠠᠭ᠎ᠠ ᠪᠠᠶᠢᠭᠤᠯᠬᠤ ᠠᠵᠢᠯ ᠢ ᠬᠦᠴᠦᠯᠡᠨ ᠠᠬᠢᠭᠤᠯᠪᠠ ᠃ ᠣᠲᠣ ᠪᠣᠯᠲᠠᠯ᠎ᠠ᠂ ᠨᠢᠭᠡᠨᠲᠡ 450 ᠳ᠋ᠦᠩᠰᠢᠭᠤᠷ ᠲᠥᠭᠦᠷᠢᠭ ᠢ ᠳᠠᠪᠠᠭᠰᠠᠨ ᠢᠲᠡᠭᠡᠮᠵᠢᠲᠦ ᠵᠢᠭᠡᠯᠡᠯᠭᠡ ᠲᠠᠯᠪᠢᠵᠤ ᠂ ᠡᠭᠦᠨ ᠤ ᠳᠣᠲᠣᠷ᠎ᠠ ᠴᠡᠪᠡᠷ ᠢᠲᠡᠭᠡᠮᠵᠢᠲᠦ ᠵᠢᠭᠡᠯᠡᠯᠭᠡ 235 ᠳ᠋ᠦᠩᠰᠢᠭᠤᠷ ᠲᠥᠭᠦᠷᠢᠭ ᠰᠢᠬᠠᠮ ᠪᠠᠶᠢᠪᠠ ᠃
ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠠᠶᠢᠯᠢ ᠲᠤᠰᠢᠶᠠᠬᠤ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠤᠯ ᠤᠨ ᠺᠠᠷᠲ﹀ ᠤᠨ ᠲᠦᠷ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠲᠣᠰ ᠠᠷᠭ᠎ᠠ ᠳᠤ A ᠲᠠᠰ ᠤᠨ ᠭᠠᠶᠢᠯᠢ ᠲᠤᠰᠢᠶᠠᠬᠤ ᠢᠲᠡᠭᠡᠮᠵᠢ ᠪᠠᠷ ᠭᠤᠣᠯ ᠲᠤᠯᠬᠤ ᠴᠡᠭ ᠪᠣᠯᠭᠠᠵᠤ᠂ ︽ ᠤᠷᠢᠳ ᠢᠶᠠᠷ ᠭᠦᠢᠴᠡᠳᠬᠡᠬᠦ᠂ ᠲᠦᠷᠭᠡᠨ ᠭᠦᠢᠴᠡᠳᠬᠡᠬᠦ᠂ ᠭᠠᠷ ᠭᠦᠢᠴᠡᠳᠬᠡᠯ ᠢ ᠳᠥᠭᠦᠮᠴᠢᠯᠡᠬᠦ᠂ ᠥᠪᠡᠷ ᠤᠨ ᠥᠷᠲᠡᠭ ᠢ ᠪᠠᠭᠤᠷᠠᠭᠤᠯᠬᠤ︾ ᠵᠡᠷᠭᠡ ᠲᠠᠯ᠎ᠠ ᠪᠠᠷ 45 ᠵᠤᠷᠪᠤᠰ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠠᠷᠭ᠎ᠠ ᠬᠡᠮᠵᠢᠶ᠎ᠡ ᠨᠡᠶᠢᠲᠡᠯᠡᠵᠦ᠂ ᠢᠲᠡᠭᠡᠮᠵᠢ ᠲᠠᠢ ᠪᠠᠶᠢᠪᠠᠯ ᠠᠰᠢᠭ ᠬᠦᠷᠲᠡᠵᠦ ᠂ ᠢᠲᠡᠭᠡᠮᠵᠢ ᠲᠠᠢ ᠪᠣᠯ ᠦᠷᠲᠡᠭ ᠲᠠᠢ ᠶᠢ ᠪᠡᠶᠡᠯᠡᠭᠦᠯᠪᠡ᠃