ᠰᠦᠨ ᠱᠤᠤ ᠴᠧᠩ ᠸᠠᠩ ᠯᠢ ᠰᠢᠶᠠ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/15

 4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ᠃


1.jpg


ᠰᠦᠨ ᠱᠤᠤ ᠴᠧᠩ  ᠶᠢᠨ ᠪᠦᠦ ᠹᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠣᠯᠣᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠲᠤᠰᠬᠠᠶᠢᠯᠠᠨ ᠪᠠᠶᠢᠭᠤᠯᠤᠭᠰᠠᠨ ᠨᠢ ᠭᠤᠣᠯᠳᠠᠭᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠨᠠᠩ ᠰᠠᠶᠢᠲᠤᠷ ᠬᠠᠷᠢᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠶᠢᠨ ᠲᠥᠯᠥᠭᠡ ᠶᠤᠮ᠂ ᠨᠡᠷᠡᠰ ᠲᠤ ᠵᠢᠭᠰᠠᠭᠠᠭᠳᠠᠭᠰᠠᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠠᠳᠠᠯᠢᠬᠠᠨ ᠬᠠᠷᠠᠭᠠᠯᠵᠠᠯ ᠭᠦᠷᠳᠡᠨ᠎ᠡ᠃ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠦᠷᠭᠦᠯᠵᠢᠯᠡᠨ ᠥᠪᠥᠷ ᠮᠣᠩᠭᠤᠯ ᠳᠤ ᠭᠦᠨᠵᠡᠭᠡᠶᠢᠷᠡᠵᠦ᠂ ᠬᠤᠶᠠᠷ ᠲᠠᠯ᠎ᠠ ᠪᠠᠷ ᠢᠶᠠᠨ ᠲᠤᠰᠬᠠᠢ ᠠᠵᠢᠯᠲᠠᠨ ᠲᠣᠮᠢᠯᠠᠨ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠠᠪᠤᠴᠠ ᠳᠤ ᠠᠵᠤ ᠠᠬᠤᠶᠢᠯᠠᠯ ᠳᠤ ᠬᠢᠭᠰᠡᠨ ᠠᠮᠠᠯᠠᠯᠲᠠ ᠪᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃


2.jpg


 ᠶᠢᠨ ᠪᠦᠦ ᠹᠠᠩ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ ᠪᠣᠯᠣᠨ ᠥᠪᠥᠷ ᠮᠣᠩᠭᠤᠯ ᠳᠠᠬᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ᠂ ᠵᠢᠩ ᠤᠣ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ  ᠬᠢᠨ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠯᠤᠭ᠎ᠠ ᠭᠡᠷᠡᠯᠴᠢ ᠴᠡᠨᠡᠭ ᠤᠨ ᠦᠢᠯᠡᠳᠬᠡᠯ ᠪᠠ ᠬᠡᠷᠡᠭᠯᠡᠭᠡ ᠵᠡᠷᠭᠡ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠡᠯᠡ ᠨᠡᠶᠢᠯᠡᠭᠦᠯᠦᠭᠰᠡᠨ ᠠᠵᠤ ᠠᠬᠤᠶᠢᠯᠠᠯ ᠢ ᠰᠠᠶᠢᠲᠤᠷ ᠡᠷᠭᠢᠯᠡᠵᠦ᠂ ᠪᠡᠯᠡ ᠣᠷᠣᠭᠤᠯᠤᠭᠰᠠᠨ ᠲᠥᠷᠥᠯ ᠵᠦᠢᠯ ᠢ ᠰᠠᠶᠢᠲᠤᠷ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ