ᠸᠠᠩ ᠯᠢ ᠰᠢᠶᠠ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/16

 

4 ᠰᠠᠷ᠎ᠠ ᠶᠢᠨ 15 ᠤ ᠡᠳᠦᠷ᠂ ᠭᠦᠭᠡᠬᠤᠲᠠ ᠶᠢᠨ ᠳᠤᠯᠠᠭᠠᠯᠠᠭ᠎ᠠ ᠵᠣᠭᠰᠣᠭᠰᠠᠨ ᠡᠳᠦᠷ᠂ ᠸᠠᠩ ᠯᠢ ᠰᠢᠶᠠ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠦ᠂ ᠨᠡᠶᠢᠭᠡᠮ ᠲᠣᠭᠤᠷᠢᠭ ᠢᠶᠠᠷ ᠲᠣᠭᠤᠷᠢᠨ ᠦᠵᠡᠵᠦ᠂ ᠳᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠡᠬᠢᠯᠡᠭᠰᠡᠨ ᠪᠠᠶᠢᠳᠠᠯ ᠢ ᠲᠤᠬᠠᠢ ᠶᠢᠨ ᠭᠠᠵᠠᠷ ᠢᠶᠠᠷ  ᠨᠢ ᠣᠶᠢᠯᠠᠭᠠᠪᠠ᠃ ᠲᠡᠷᠡ᠂ ᠳᠤᠯᠠᠭᠠᠯᠠᠭ᠎ᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠨ᠎ᠠ᠂ ᠣᠯᠠᠨ ᠲᠦᠮᠡᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠷᠬᠡᠪᠰᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃1.jpg

 

ᠳ᠋ᠠ ᠲᠠᠩ ᠺᠤᠮᠫᠠᠨᠢ ᠶᠢᠨ ᠢᠯᠴᠢ ᠡᠭᠦᠰᠬᠡᠭᠴᠢ ᠶᠢ ᠭᠦᠭᠡᠬᠤᠲᠠ ᠳᠤ ᠣᠷᠣᠭᠤᠯᠬᠤ ᠢᠨᠵᠧᠨᠧᠷᠢᠩ ᠤᠨ ᠪᠠᠨᠳᠢ ᠶᠢᠨ ᠠᠶᠢᠯ ᠳᠠᠬᠢ ᠢᠯᠴᠢ ᠲᠤᠰᠠᠭᠠᠷᠯᠠᠬᠤ ᠥᠷᠲᠡᠭᠡ ᠶᠢ ᠶᠠᠭ ᠥᠭᠡᠷᠡᠴᠢᠯᠡᠨ ᠰᠢᠨᠡᠳᠬᠡᠵᠦ ᠪᠤᠶ᠂ ᠸᠠᠩ ᠯᠢ ᠰᠢᠶᠠ ᠦᠢᠯᠡᠳᠪᠦᠷᠢ ᠶᠢᠨ ᠲᠠᠰᠤᠭ ᠲᠤ ᠣᠷᠣᠵᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠢᠯᠴᠢ ᠡᠭᠦᠰᠬᠡᠭᠴᠢ᠂ ᠢᠯᠴᠢ ᠬᠠᠩᠭᠠᠬᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠣᠨ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠣᠶᠤᠨᠴᠢ ᠢᠯᠴᠢ ᠬᠠᠩᠭᠠᠯᠭ᠎ᠠ ᠶᠢᠨ ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠲᠠᠪᠴᠠᠩ ᠳᠤ᠂ ᠲᠡᠷᠡ ᠢᠯᠴᠢ ᠬᠠᠩᠭᠠᠯᠭ᠎ᠠ ᠶᠢᠨ ᠰᠢᠰᠲ᠋ᠧᠮ ᠤᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠵᠦ᠂ 12345 ᠬᠠᠯᠠᠮᠰᠢᠯ ᠤᠲᠠᠰᠤ ᠲᠠᠢ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠢᠯᠴᠢ ᠬᠠᠩᠭᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠢᠯᠴᠢ ᠶᠢ ᠰᠠᠶᠢᠲᠤᠷ ᠬᠠᠩᠭᠠᠬᠤ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠡᠷᠦᠭᠡ ᠬᠤᠪᠢᠶᠠᠨ ᠢᠯᠴᠢ ᠬᠠᠩᠭᠠᠬᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠡᠷᠡᠭᠯᠡᠭᠴᠢᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠵᠠᠬᠢᠪᠠ᠃

ᠲᠢᠶᠠᠨ ᠢᠦᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠨ ᠰᠢᠨᠡᠳᠬᠡᠬᠦ ᠠᠵᠢᠯ ᠨᠢᠭᠡᠨᠲᠡ ᠡᠬᠢᠯᠡᠪᠡ᠃ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠳᠠᠮᠵᠢᠭᠤᠯᠬᠤ ᠬᠤᠭᠤᠯᠠᠢ ᠶᠢ ᠳᠡᠪᠢᠰᠴᠦ ᠪᠠᠶᠢᠭ᠎ᠠ ᠠᠬᠢᠴᠠ ᠶᠢ ᠪᠠᠶᠢᠴᠠᠭᠠᠨ ᠦᠵᠡᠵᠦ᠂ ᠳᠠᠮᠵᠢᠭᠤᠯᠬᠤ ᠬᠤᠭᠤᠯᠠᠢ ᠶᠢᠨ ᠮᠠᠲ᠋ᠧᠷᠢᠶᠠᠯ ᠤᠨ ᠶᠠᠰᠤ ᠴᠢᠨᠠᠷ ᠢ ᠣᠶᠢᠯᠠᠭᠠᠵᠤ᠂ ᠥᠭᠡᠷᠡᠴᠢᠯᠡᠨ ᠰᠢᠨᠡᠳᠬᠡᠭᠰᠡᠨ ᠤ ᠲᠠᠷᠠᠭ᠎ᠠ ᠭᠡᠷ ᠤᠨ ᠳᠤᠯᠠᠭᠠᠨ ᠤ ᠬᠡᠮᠵᠢᠶ᠎ᠡ ᠬᠡᠳᠦᠢ ᠳᠤ ᠬᠦᠷᠬᠦ ᠶᠢ ᠠᠰᠠᠭᠤᠪᠠ᠃ ᠲᠡᠷᠡ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ᠂ ᠥᠩᠭᠡᠷᠡᠭᠰᠡᠨ ᠵᠢᠯ ᠤᠳ ᠤᠨ ᠳᠤᠯᠠᠭᠠᠯᠠᠭ᠎ᠠ ᠶᠢᠨ ᠪᠠᠶᠢᠳᠠᠯ ᠪᠣᠯᠣᠨ ᠥᠭᠡᠷᠡᠴᠢᠯᠡᠨ ᠰᠢᠨᠡᠳᠬᠡᠬᠦ ᠠᠵᠢᠯ ᠨᠢ ᠠᠮᠢᠳᠤᠷᠠᠯ ᠳᠤ ᠦᠵᠡᠭᠦᠯᠭᠦ ᠨᠥᠯᠥᠭᠡ ᠶᠢ ᠯᠠᠪᠯᠠᠨ ᠠᠰᠠᠭᠤᠪᠠ᠃ ᠲᠡᠷᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ᠂ ᠣᠷᠣᠨ ᠤ ᠲᠥᠪ ᠬᠤᠳᠠ ᠳᠤᠯᠠᠭᠠᠯᠠᠭ᠎ᠠ ᠶᠢᠨ ᠢᠨᠵᠧᠨᠧᠷᠢᠩ ᠳᠤ ᠥᠯᠢᠭᠡᠷ ᠳᠠᠭᠤᠷᠢᠶᠠᠯ ᠪᠣᠯᠵᠤ᠂ ᠨᠢᠭᠡ ᠰᠠᠭᠤᠭᠠᠯᠢ ᠠᠷᠠᠳ ᠤᠨ ᠲᠣᠭᠤᠷᠢᠭ ᠲᠤ ᠨᠢᠭᠡ ᠲᠥᠰᠥᠯ ᠭᠠᠷᠭᠠᠵᠤ᠂ ᠦᠨᠡᠨ ᠠᠴᠠ ᠵᠥᠪ ᠢ ᠡᠷᠢᠨ ᠥᠭᠡᠷᠡᠴᠢᠯᠡᠨ ᠰᠢᠨᠡᠳᠬᠡᠬᠦ ᠬᠡᠷᠡᠭᠲᠡᠢ᠃ ᠤᠯᠠᠨ ᠲᠦᠮᠡᠨ ᠳᠤ ᠤᠬᠠᠭᠤᠯᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠨᠡ ᠬᠦ ᠠᠷᠠᠳ ᠲᠤ ᠠᠰᠢᠭᠲᠠᠢ ᠴᠢᠬᠤᠯᠠ ᠢᠨᠵᠧᠨᠧᠷᠢᠩ ᠢ ᠨᠡᠩ ᠰᠠᠶᠢᠲᠤᠷ ᠣᠶᠢᠯᠠᠭᠠᠭᠤᠯᠬᠤ ᠬᠡᠷᠡᠭᠲᠡᠢ ᠭᠡᠵᠦ ᠵᠠᠬᠢᠵᠠᠢ᠃

2.jpg

ᠵᠡᠭᠦᠨ ᠲᠣᠭᠤᠷᠢᠯ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠤᠨ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ᠂ ᠸᠠᠩ ᠯᠢ ᠰᠢᠶᠠ ᠢᠨᠵᠧᠨᠧᠷᠢᠩ ᠤᠨ ᠲᠣᠶᠢᠮᠣ ᠪᠠᠶᠢᠳᠠᠯ᠂ ᠠᠬᠢᠴᠠ ᠶᠢᠨ ᠲᠣᠬᠢᠷᠠᠭᠤᠯᠤᠯᠲᠠ ᠪᠠ ᠪᠠᠷᠢᠯᠭ᠎ᠠ ᠳᠠᠭᠤᠰᠬᠤ ᠴᠠᠭ ᠢ ᠨᠠᠷᠢᠨ ᠠᠰᠠᠭᠤᠪᠠ᠃ ᠲᠡᠷᠡ ᠥᠭᠡᠷᠡᠴᠢᠯᠡᠨ ᠰᠢᠨᠡᠳᠬᠡᠬᠦ ᠠᠬᠢᠴᠠ ᠪᠠᠨ ᠲᠦᠷᠭᠡᠳᠬᠡᠵᠦ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠬᠤᠭᠤᠯᠠᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ᠂ ᠬᠠᠭᠤᠴᠢᠨ ᠬᠤᠭᠤᠯᠠᠢ ᠲᠣᠣᠷ ᠢ ᠰᠡᠯᠪᠢᠨ ᠵᠠᠰᠠᠬᠤ ᠵᠡᠷᠭᠡ ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠯᠢ ᠰᠢᠶᠠ ᠪᠠᠰᠠ ᠪᠦᠭᠦ ᠣᠷᠣᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠡᠬᠢᠯᠡᠭᠰᠡᠨ ᠪᠠᠶᠢᠳᠠᠯ ᠳᠤ ᠪᠠᠶᠢᠷᠢᠯᠠᠭᠤᠯᠤᠯᠲᠠ ᠬᠢᠵᠦ᠂ ᠡᠯ᠎ᠡ ᠠᠶᠢᠮᠠᠭ ᠬᠤᠲᠠ ᠶᠢᠨ ᠳᠤᠯᠠᠭᠠᠯᠠᠭ᠎ᠠ ᠵᠣᠬᠰᠣᠬᠤ ᠡᠳᠦᠷ ᠬᠤᠭᠤᠴᠠᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠶᠢᠨ ᠠᠵᠢᠯ ᠢ ᠲᠦᠷᠭᠡᠳᠬᠡᠵᠦ᠂ ᠪᠦᠲᠦᠮᠵᠢᠲᠡᠶ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠠᠯᠢ ᠴᠢᠳᠠᠬᠤ ᠪᠠᠷ ᠲᠦᠷᠭᠡᠳᠬᠡᠵᠦ᠂ ᠠᠯᠢ ᠴᠢᠳᠠᠬᠤ ᠪᠠᠷ ᠤᠷᠢᠳᠴᠢᠯᠠᠨ ᠬᠢᠵᠦ᠂ ᠬᠤᠭᠤᠯᠠᠢ ᠶᠢᠨ ᠮᠠᠲ᠋ᠧᠷᠢᠶᠠᠯ ᠤᠨ ᠶᠠᠰᠤ ᠴᠢᠨᠠᠷ ᠢ ᠨᠠᠶᠢᠳᠠᠪᠤᠷᠢᠲᠠᠢ ᠪᠠᠶᠢᠯᠭᠠᠵᠤ᠂ ᠬᠤᠳᠠᠯ ᠬᠠᠭᠤᠷᠮᠠᠭ ᠴᠢᠨᠠᠷ ᠮᠠᠭᠤ ᠪᠠᠶᠢᠬᠤ᠂ ᠮᠠᠭᠤ ᠪᠠᠷ ᠰᠠᠶᠢᠨ ᠢ ᠣᠷᠣᠯᠠᠭᠤᠯᠬᠤ ᠶᠢ ᠡᠷᠡᠰ ᠬᠤᠷᠢᠭᠯᠠᠵᠤ᠂ ᠣᠯᠠᠨ ᠲᠦᠮᠡᠨ ᠳᠤ ᠰᠢᠨ᠎ᠡ ᠳᠤᠯᠠᠭᠠᠯᠠᠭ᠎ᠠ ᠶᠢᠨ ᠤᠯᠠᠷᠢᠯ ᠳᠤ ᠳᠤᠯᠠᠭᠠᠯᠠᠭ᠎ᠠ ᠶᠢᠨ ᠢᠨᠵᠧᠨᠧᠷᠢᠩ ᠠᠴᠠ ᠠᠪᠴᠢᠷᠠᠭᠰᠠᠨ ᠪᠣᠳᠠᠲᠠᠢ ᠬᠤᠪᠢᠷᠠᠯᠲᠠ ᠶᠢ ᠦᠨᠡᠨ ᠬᠦ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠢᠨᠵᠧᠨᠧᠷᠢᠩ ᠤᠨ ᠪᠦᠭᠦ ᠶᠠᠪᠤᠴᠠ ᠳᠤ ᠲᠤᠭᠤᠰᠢᠯᠠᠭᠤᠯᠬᠤ ᠶᠢ ᠣᠨᠴᠠᠭᠠᠶᠢᠯᠠᠨ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ