ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ 4 ᠬᠤᠲᠠ ᠳᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ
ᠨᠡᠶᠢᠲᠡᠯᠡᠭᠰᠡᠨ ᠴᠠᠭ᠄
2024/4/2

 

ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ︾ ᠶᠢᠨ ᠲᠣᠭᠲᠠᠭᠠᠯ ᠢ ᠦᠨᠳᠦᠰᠦᠯᠡᠨ ᠮᠠᠨ ᠤ ᠣᠷᠣᠨ ᠬᠥᠯᠥᠨ ᠪᠤᠶᠢᠷ ᠬᠤᠳᠠ ᠂ ᠲᠦᠩᠯᠢᠶᠣᠣ ᠬᠤᠳᠠ ᠂ ᠪᠠᠶᠠᠨᠨᠠᠭᠤᠷ ᠬᠤᠳᠠ ᠂ ᠦᠬᠠᠢ ᠬᠤᠳᠠ ᠳᠤ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠣᠶᠢᠷ᠎ᠠ ᠳᠤ ᠬᠢᠨᠠᠨ ᠪᠠᠶᠢᠴᠠᠭᠠᠭᠳᠠᠭᠰᠠᠨ ᠬᠤᠲᠠ ᠳᠤ ᠬᠠᠷᠢᠭᠤ ᠲᠤᠰᠬᠠᠪᠠ ᠃

ᠥᠪᠡᠷᠲᠡᠭᠡᠨ ᠵᠠᠰᠠᠬᠤ ᠣᠷᠣᠨ ᠤ ᠲᠣᠰ ᠡᠭᠡᠯᠵᠢ ᠶᠢᠨ ᠬᠢᠨᠠᠨ ᠪᠠᠶᠢᠴᠠᠭᠠᠯᠲᠠ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠭᠦᠨᠵᠡᠭᠡᠢ ᠥᠷᠨᠢᠭᠦᠯᠬᠦ ᠲᠤᠬᠠᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠦᠭᠦ ᠲᠠᠯ᠎ᠠ ᠶᠢᠨ ︽ ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ ︾ ᠥᠷᠨᠢᠭᠦᠯᠵᠦ ᠂ ᠭᠤᠣᠯᠳᠠᠭᠤ ︽ ᠬᠤᠶᠠᠷ ᠦᠢᠯᠡᠴᠢᠯᠡᠭᠡ ︾ ᠶᠢ ᠢᠯᠡᠷᠡᠭᠦᠯᠵᠦ ᠂ ︽ ᠨᠢᠭᠡ ᠭᠡᠯᠪᠡᠷᠢ ᠪᠠᠨ ᠬᠤᠪᠢᠷᠠᠭᠤᠯᠬᠤ ︾ ᠶᠢ ᠪᠡᠶᠡᠯᠡᠭᠦᠯᠪᠡ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠨ ᠪᠠᠶᠢᠴᠠᠭᠠᠬᠤ ᠭᠤᠣᠯᠳᠠᠯᠭ᠎ᠠ ᠪᠤᠯᠭᠠᠵᠤ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠠᠮᠢ ᠠᠬᠤᠢ ᠶᠢᠨ ᠪᠦᠭᠦ ᠡᠯᠧᠮᠧᠨ᠋ᠲ ᠤᠨ ᠬᠠᠷᠠᠯᠲᠠ ᠪᠠ ᠡᠭᠦᠷᠭᠡ ᠲᠠᠢ ᠬᠠᠷᠭᠤᠭᠤᠯᠤᠨ ᠠᠵᠢᠯ ᠤᠨ ᠬᠢᠨᠠᠯᠲᠠ ᠲᠠᠯᠪᠢᠬᠤ ᠪᠠᠨ ᠴᠢᠩᠭᠠᠳᠬᠠᠵᠤ ᠂ ᠬᠢᠨᠠᠨ ᠪᠠᠶᠢᠴᠠᠭᠠᠭᠳᠠᠬᠤ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ︽ ᠬᠠᠯᠬᠠᠪᠴᠢ ᠶᠢᠨ ᠪᠠᠶᠢᠭᠤᠯᠤᠯᠲᠠ ︾ ᠳᠤ ᠦᠢᠯᠡᠴᠢᠯᠡᠪᠡ ᠃ ︽ ᠪᠦᠭᠦ ᠡᠯᠧᠮᠧᠨ᠋ᠲ ᠪᠦᠭᠦ ᠲᠠᠯ᠎ᠠ ᠪᠠᠷ ᠵᠠᠰᠠᠬᠤ ᠪᠠᠶᠢᠷᠢᠰᠢᠯ ᠢ ᠪᠤᠢ ᠪᠤᠯᠭᠠᠬᠤ ᠂ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠤᠢ ᠪᠤᠯᠭᠠᠬᠤ ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠳᠦᠷᠢᠮ ᠲᠣᠭᠲᠠᠴᠠ ᠶᠢ ᠪᠤᠢ ᠪᠤᠯᠭᠠᠬᠤ ︾ ᠱᠠᠭᠠᠷᠳᠠᠯᠭ᠎ᠠ ᠶᠢᠨ ᠲᠣᠭᠤᠷᠢᠨ ᠳᠤ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠠᠬᠢ ᠲᠣᠪᠣᠶᠢᠮ᠎ᠠ ᠵᠥᠷᠢᠴᠡᠯ ᠪᠠ ᠴᠢᠬᠤᠯᠠ ᠶᠡᠭᠡ ᠠᠰᠠᠭᠤᠳᠠᠯ ᠢ ᠴᠢᠩᠭ᠎ᠠ ᠠᠩᠬᠠᠷᠴᠤ ᠂ ᠬᠢᠨᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ ᠂ ︽ ᠭᠤᠷᠪᠠ ᠶᠢ ᠪᠤᠢ ᠪᠤᠯᠭᠠᠬᠤ ︾ ᠳᠤ ᠦᠢᠯᠡᠴᠢᠯᠡᠪᠡ ᠃ ᠠᠮᠢ ᠠᠬᠤᠢ ᠶᠢᠨ ︽ ᠪᠦᠭᠦ ᠡᠯᠧᠮᠧᠨ᠋ᠲ ︾ ᠲᠤ ᠬᠢᠨᠠᠨ ᠪᠠᠶᠢᠴᠠᠭᠠᠯᠲᠠ ᠥᠷᠨᠢᠭᠦᠯᠬᠦ ᠳᠡᠭᠡᠨ ᠲᠠᠯ᠎ᠠ ᠨᠤᠲᠤᠭ ᠣᠢ ᠰᠢᠭᠤᠢ ᠂ ᠭᠤᠣᠯ ᠮᠥᠷᠡᠨ ᠨᠠᠭᠤᠷ ᠴᠦᠭᠦᠷᠦᠮ ᠨᠤᠭᠤ ᠭᠠᠵᠠᠷ ᠂ ᠲᠠᠷᠢᠶᠠᠨ ᠭᠠᠵᠠᠷ ᠂ ᠡᠯᠡᠰᠦᠷᠬᠡᠭᠵᠢᠭᠰᠡᠨ ᠴᠦᠯᠯᠡᠷᠭᠡᠭᠵᠢᠭᠰᠡᠨ ᠭᠠᠵᠠᠷ ᠰᠢᠷᠣᠢ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠂ ᠠᠭᠠᠷ ᠮᠠᠨᠳᠠᠯ ᠂ ᠤᠰᠤ ᠂ ᠬᠥᠷᠥᠰᠥᠨ ᠤ ᠪᠣᠬᠢᠷᠳᠤᠯ ᠢ ᠰᠡᠷᠭᠡᠶᠢᠯᠡᠨ ᠵᠠᠰᠠᠬᠤ ᠂ ᠠᠵᠤ ᠦᠢᠯᠡᠰ ᠦᠨᠪᠤᠭᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠨᠠᠷᠢᠨ ᠳᠠᠩᠰᠠ ᠶᠢᠨ ᠪᠠᠶᠢᠳᠠᠯ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠪᠠ ᠬᠠᠯᠬᠠᠪᠴᠢ ᠶᠢᠨ ᠠᠯᠪᠠᠨ ᠭᠡᠷ ᠤᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ ᠵᠡᠷᠭᠡ ᠡᠯᠧᠮᠧᠨ᠋ᠲ ᠢ ᠪᠦᠭᠦᠨ ᠢ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ ᠂ ᠪᠦᠭᠦ ᠣᠷᠣᠨ ᠤ ︽ ᠶᠡᠭᠡ ᠠᠮᠢ ᠠᠬᠤᠢ ︾ ᠶᠢ ᠰᠠᠶᠢᠲᠤᠷ ᠬᠠᠮᠠᠭᠠᠯᠠᠬᠤ ᠠᠵᠢᠯ ᠢ ᠦᠨᠡᠨ ᠬᠦ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ᠣᠷᠴᠢᠨ ᠲᠣᠭᠤᠷᠢᠨ ᠤ ᠪᠣᠬᠢᠷᠳᠤᠯ ᠢ ᠬᠢᠨᠠᠨ ᠪᠠᠶᠢᠴᠠᠭᠠᠬᠤ ᠪᠠᠷ ᠭᠤᠣᠯᠳᠠᠯᠭ᠎ᠠ ᠪᠤᠯᠭᠠᠵᠤ ᠪᠠᠶᠢᠭᠰᠠᠨ ᠠᠴᠠ ᠠᠮᠢ ᠠᠬᠤᠢ ᠶᠢᠨ ᠰᠢᠰᠲ᠋ᠧᠮ ᠢ ᠬᠢᠨᠠᠨ  ᠪᠠᠶᠢᠴᠠᠭᠠᠬᠤ ᠬᠢᠭᠡᠳ ᠪᠣᠬᠢᠷᠳᠤᠯ ᠢ ᠰᠡᠷᠭᠡᠶᠢᠯᠡᠨ ᠵᠠᠰᠠᠬᠤ ᠶᠢ ᠪᠦᠷᠢᠨ ᠪᠦᠷᠬᠦᠭᠦᠯᠬᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠪᠡ ᠃

ᠬᠢᠨᠠᠨ ᠪᠠᠶᠢᠴᠠᠭᠠᠯᠲᠠ ᠳᠤ ᠂ 4 ᠬᠤᠳᠠ ᠶᠢᠨ ᠬᠢᠨ ᠢᠮᠠᠭᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠡᠷᠬᠡᠪᠰᠢ ᠪᠠᠲᠤ ᠴᠡᠭᠡᠵᠢᠯᠡᠬᠦ ︽ ᠤᠯᠤᠰ ᠤᠨ ᠶᠡᠭᠡ ᠶᠠᠪᠤᠳᠠᠯ ︾ ᠪᠤᠯᠭᠠᠵᠤ ᠂ ᠨᠡᠩ ᠥᠨᠳᠥᠷ ᠵᠣᠭᠰᠣᠴᠠ ᠂ ᠨᠡᠩ ᠥᠷᠭᠡᠨ ᠬᠠᠷᠠᠭᠠᠰᠤ ᠂ ᠨᠡᠩ ᠶᠡᠭᠡ ᠡᠷᠴᠢᠮ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃

ᠬᠢᠨᠠᠨ ᠪᠠᠶᠢᠴᠠᠭᠠᠯᠲᠠ ᠳᠤ ᠂ 4 ᠬᠤᠲᠠ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠦᠨᠳᠦᠰᠦᠯᠡᠵᠦ ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠱᠠᠯᠠᠪᠳᠠᠨ ᠰᠤᠳᠤᠯᠤᠨ ᠲᠣᠭᠲᠠᠭᠠᠵᠤ ᠂ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠬᠡᠷᠡᠭᠲᠡᠢ ᠃ ᠴᠡᠭᠴᠡᠯᠡᠨ ᠰᠠᠶᠢᠵᠢᠷᠠᠭᠤᠯᠬᠤ ᠲᠥᠰᠥᠯ ᠪᠣᠯᠣᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠡ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ