ᠦᠬᠠᠢ ᠬᠤᠲᠠ ᠶᠢᠨ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠪᠦᠬᠦᠨ ᠢ ᠬᠠᠮᠤᠷᠪᠠ
ᠨᠡᠶᠢᠲᠡᠯᠡᠭᠰᠡᠨ ᠴᠠᠭ᠄
2024/4/2

    ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠵᠤ᠂ ᠢᠲᠡᠭᠡᠮᠵᠢ ᠲᠠᠢ ᠰᠠᠶᠢᠨ ᠰᠠᠶᠢᠬᠠᠨ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠦᠬᠠᠢ ᠶᠢᠨ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠴᠥᠮ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠭᠠᠷᠭᠠᠭᠰᠠᠨ ᠪᠥᠭᠡᠳ ᠠᠵᠢᠯ ᠤᠨ ᠲᠤᠰᠬᠠᠢ ᠲᠤᠰᠢᠶᠠᠯᠲᠠᠨ ᠲᠣᠬᠢᠷᠠᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠪᠦᠬᠦᠨ ᠢ ᠬᠠᠮᠤᠷᠪᠠ᠃

    ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠶᠢ ᠪᠠᠶᠢᠭᠤᠯᠤᠭᠰᠠᠨ ᠨᠢ ᠦᠬᠠᠢ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠠᠯᠳᠤᠯᠭ᠎ᠠ ᠶᠢᠨ ᠠᠷᠭ᠎ᠠ ᠵᠠᠮ ᠢ ᠨᠡᠪᠲᠡᠷᠡᠭᠦᠯᠬᠦ‍ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠡᠨᠡ ᠨᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠬᠦ᠂ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤ ᠨᠢ ᠭᠤᠣᠯᠳᠠᠭᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠳᠡᠮᠵᠢᠯᠭᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠪᠣᠯᠵᠤᠭ᠎ᠠ ᠠᠴᠠ ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢᠨ ᠵᠠᠭᠠᠯᠳᠤᠯᠭ᠎ᠠ ᠶᠢ ᠲᠥᠪᠯᠡᠷᠡᠭᠦᠯᠦᠨ ᠭᠥᠯᠢᠶᠡᠨ ᠠᠪᠴᠤ ᠰᠢᠢᠳᠪᠦᠷᠢᠯᠡᠨ᠎ᠡ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠨ ᠤ ᠵᠠᠭᠠᠯᠳᠤᠯᠭ᠎ᠠ ᠶᠢᠨ ᠠᠷᠭ᠎ᠠ ᠵᠠᠮ ᠤᠨ ᠰᠠᠭᠠᠳ ᠦᠭᠡᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠭ᠋ᠤ ᠶᠢᠨ ᠲᠥᠯᠥᠭᠡ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠤᠳ ᠴᠥᠮ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠵᠠᠭᠠᠯᠳᠤᠯᠭ᠎ᠠ ᠨᠤᠭᠤᠳ ᠢ ᠲᠥᠷᠥᠯ ᠬᠤᠪᠢᠶᠠᠨ ᠰᠢᠯᠵᠢᠭᠦᠯᠦᠨ ᠭᠦᠢᠴᠡᠳᠬᠡᠬᠦ ᠪᠠ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠭᠠᠯᠳᠤᠯᠭ᠎ᠠ ᠳᠤ ᠬᠠᠨᠳᠤᠭᠤᠯᠤᠨ ᠰᠤᠳᠤᠯᠤᠨ ᠮᠠᠭᠠᠳᠯᠠᠵᠤ ᠵᠠᠳᠠᠯᠤᠨ᠂ ᠣᠨᠣᠪᠴᠢᠲᠠᠢ ᠰᠢᠯᠵᠢᠭᠦᠯᠦᠨ ᠭᠦᠢᠴᠡᠳᠬᠡᠪᠡ᠃

    ︽ᠪᠢᠳᠡ ᠨᠢᠭᠡᠨᠲᠡ ᠰᠢᠯᠵᠢᠭᠦᠯᠦᠨ ᠭᠦᠢᠴᠡᠳᠬᠡᠭᠦᠯᠦᠭᠰᠡᠨ ᠵᠠᠭᠠᠯᠳᠤᠯᠭ᠎ᠠ ᠨᠤᠭᠤᠳ ᠢ ᠲᠣᠭᠲᠠᠭᠰᠠᠨ ᠬᠤᠭᠤᠴᠠᠭ᠎ᠠ ᠪᠠᠷ ᠲᠣᠬᠢᠷᠠᠭᠤᠯᠤᠨ ᠬᠤᠷᠢᠶᠠᠩᠭᠤᠶᠢᠯᠠᠵᠤ᠂ ᠵᠠᠭᠠᠯᠳᠤᠯᠭ᠎ᠠ ᠶᠢᠨ ᠠᠬᠢᠴᠠ ᠶᠢ ᠠᠵᠤ ᠠᠬᠤᠶᠢᠯᠠᠯ ᠪᠠ ᠣᠯᠠᠨ ᠲᠦᠮᠡᠨ ᠳᠤ ᠴᠠᠭ ᠲᠤᠬᠠᠢ ᠳᠤ ᠨᠢ ᠲᠤᠰᠬᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠭᠠᠯᠳᠤᠯᠭ᠎ᠠ ᠶᠢᠨ ᠱᠠᠭᠠᠷᠳᠠᠯᠭ᠎ᠠ ᠳᠤ ᠴᠥᠮ ᠬᠠᠷᠢᠭᠤᠯᠲᠠ ᠥᠭᠬᠦ ᠶᠢ ᠦᠨᠡᠨ ᠬᠦ ᠪᠠᠲᠤᠯᠠᠪᠠ᠃ ᠲᠠᠷᠠᠭᠠᠴᠢ ᠶᠢᠨ ᠠᠯᠬᠤᠮ ᠳᠤ᠂ ᠪᠢᠳᠡ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ﹀ ᠶᠢᠨ ᠴᠣᠩᠬᠤᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠠᠶᠢᠩᠭᠤᠰᠢᠭᠤᠯᠤᠭᠰᠠᠨ᠂ ᠰᠢᠰᠲ᠋ᠧᠮᠵᠢᠭᠰᠡᠨ᠂ ᠥᠨᠳᠥᠷ ᠪᠦᠲᠦᠮᠵᠢ ᠲᠠᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠳᠠᠯᠳᠤᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠳᠤᠮᠳᠠᠬᠢ ᠡᠯ᠎ᠡ ᠲᠦᠷᠦᠯ ᠤᠨ ᠡᠪᠡᠷᠰᠢᠶᠡᠯ᠂ ᠲᠦᠭᠵᠢᠷᠡᠯ᠂ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠢᠲᠡᠭᠡᠮᠵᠢ ᠲᠠᠢ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃︾ ᠭᠡᠵᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠯᠢ ᠰᠢᠶᠠᠩ ᠳ᠋ᠦᠩ ᠬᠡᠯᠡᠪᠡ᠃


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ