ᠰᠢᠯᠢ ᠶᠢᠨ ᠭᠤᠣᠯ ᠠᠶᠢᠮᠠᠭ 2.2 ᠳ᠋ᠦᠩᠰᠢᠭᠤᠷ ᠮᠦ ᠨᠤᠲᠤᠭ ᠪᠡᠯᠴᠢᠭᠡᠷ ᠢ ᠪᠡᠯᠴᠢᠭᠡᠷ ᠦᠨᠵᠢᠭᠦᠯᠬᠦ ᠬᠤᠭᠤᠴᠠᠭᠠᠨ ᠳᠤ ᠣᠷᠣᠭᠤᠯᠪᠠ
ᠨᠡᠶᠢᠲᠡᠯᠡᠭᠰᠡᠨ ᠴᠠᠭ᠄
2024/4/2


ᠬᠠᠪᠤᠷ ᠤᠨ ᠤᠯᠠᠷᠢᠯ ᠪᠣᠯ ᠨᠤᠲᠤᠭ ᠪᠡᠯᠴᠢᠭᠡᠷ ᠤᠨ ᠡᠪᠡᠰᠦ ᠨᠣᠭᠤᠭᠠᠨ ᠤ ᠤᠷᠭᠤᠯᠲᠠ ᠶᠢᠨ ᠬᠤᠭᠤᠴᠠᠭ᠎ᠠ ᠮᠥᠨ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ 2.2 ᠳ᠋ᠦᠩᠰᠢᠭᠤᠷ ᠮᠦ ᠨᠤᠲᠤᠭ ᠪᠡᠯᠴᠢᠭᠡᠷ ᠢ ᠵᠠᠯᠭᠠᠭ᠎ᠠ ᠪᠠᠷ ᠪᠡᠯᠴᠢᠭᠡᠷ ᠦᠨᠵᠢᠭᠦᠯᠵᠦ ᠡᠬᠢᠯᠡᠵᠡᠢ ᠃ 45 ᠡᠳᠦᠷ ᠠᠴᠠ ᠢᠯᠡᠭᠦᠦ ᠪᠡᠯᠴᠢᠭᠡᠷ ᠦᠨᠵᠢᠭᠦᠯᠬᠦ ᠬᠤᠭᠤᠴᠠᠭᠠᠨ ᠳᠤ᠂ ᠵᠠᠰᠠᠭ ᠤᠨ ᠣᠷᠳᠣᠨ ᠮᠠᠯᠴᠢᠳ ᠲᠤ ᠨᠥᠬᠦᠪᠦᠷᠢ ᠥᠭᠴᠦ᠂ ᠮᠠᠯᠴᠢᠳ ᠤᠨ ᠥᠪᠡᠷᠰᠡᠳ ᠢᠶᠠᠨ ᠮᠠᠯ ᠢᠶᠠᠨ ᠬᠠᠰᠢᠶᠠᠯᠠᠨ ᠲᠡᠵᠢᠭᠡᠬᠦ ᠶᠢ  ᠨᠢ ᠳᠡᠮᠵᠢᠨ ᠂ ︽ᠴᠠᠯᠢᠩ ᠲᠠᠢ ᠠᠮᠠᠷᠠᠯᠲᠠ︾ ᠶᠢᠨ ᠬᠡᠯᠪᠡᠷᠢ ᠪᠠᠷ ᠨᠤᠲᠤᠭ ᠪᠡᠯᠴᠢᠭᠡᠷ ᠢ ᠦᠨᠵᠢᠭᠦᠯᠬᠦ ᠪᠣᠯᠣᠨ᠎ᠠ ᠃

ᠰᠥᠨᠢᠳ ᠪᠠᠷᠠᠭᠤᠨ ᠬᠤᠰᠢᠭᠤᠨ ᠤ ᠥᠷᠭᠡᠨᠲᠠᠯ᠎ᠠ ᠪᠠᠯᠭᠠᠰᠤᠨ ᠤ ᠴᠠᠩᠲᠤᠰᠢᠯᠢ ᠭᠠᠴᠠᠭᠠᠨ ᠳᠤ ᠂ ᠮᠠᠯᠴᠢᠨ ᠯᠢ ᠬᠠᠢ ᠮᠢᠩ ᠥᠪᠡᠷ ᠤᠨ ᠬᠤᠨᠢᠳ ᠢᠶᠠᠨ ᠲᠡᠵᠢᠭᠡᠵᠦ ᠪᠠᠶᠢᠪᠠ ᠂ ᠣᠶᠢᠯᠠᠭᠠᠭᠰᠠᠨ ᠢᠶᠠᠷ ᠂ ᠲᠡᠳᠡᠨ ᠤ ᠬᠢᠨ 12000 ᠭᠠᠷᠤᠢ ᠮᠦ ᠪᠡᠯᠴᠢᠭᠡᠷ ᠲᠠᠢ ᠪᠥᠭᠡᠳ 400 ᠭᠠᠷᠤᠢ ᠬᠤᠨᠢ ᠲᠡᠵᠢᠭᠡᠵᠦ ᠪᠤᠢ᠂ ᠣᠳᠣᠬᠠᠨ ᠳᠤ ᠭᠦᠢᠴᠡᠳ ᠬᠡᠮᠵᠢᠶᠡᠨ ᠤ ᠡᠪᠡᠰᠦᠨ ᠪᠣᠷᠳᠤᠭ᠎ᠠ ᠪᠡᠯᠡᠳᠬᠡᠭᠡᠳ᠂ ᠪᠡᠯᠴᠢᠭᠡᠷ ᠦᠨᠵᠢᠭᠦᠯᠬᠦ ᠬᠤᠭᠤᠴᠠᠭᠠᠨ ᠳᠤ ᠬᠤᠨᠢᠳ ᠢᠶᠠᠨ ᠲᠡᠵᠢᠭᠡᠬᠦ ᠠᠰᠠᠭᠤᠳᠠᠯ ᠢ ᠠᠷᠭᠠᠴᠠᠭᠠᠵᠤ ᠪᠠᠶᠢᠨ᠎ᠠ᠃

︽ 300 ᠭᠠᠷᠤᠢ ᠪᠣᠭᠤᠵᠢ ᠡᠪᠡᠰᠦ ᠂ 20 ᠭᠠᠷᠤᠢ ᠲᠣᠨ ᠨᠣᠭᠤᠭᠠᠨ ᠳᠠᠷᠤᠰᠢ ᠪᠡᠯᠡᠳᠬᠡᠵᠦ ᠂ ᠪᠠᠰᠠ 10 ᠭᠠᠷᠤᠢ ᠲᠣᠨ ᠡᠪᠡᠰᠦᠨ ᠪᠣᠷᠳᠤᠭ᠎ᠠ ᠪᠡᠯᠡᠳᠬᠡᠪᠡ ᠂ ᠪᠡᠯᠴᠢᠭᠡᠷ ᠦᠨᠵᠢᠭᠦᠯᠬᠦ ᠬᠤᠭᠤᠴᠠᠭ᠎ᠠ ᠪᠣᠯ ᠶᠠᠭ ᠨᠤᠲᠤᠭ ᠪᠡᠯᠴᠢᠭᠡᠷ ᠤᠨ ᠡᠪᠡᠰᠦ ᠨᠣᠭᠤᠭᠠᠨ ᠤ ᠤᠷᠭᠤᠯᠲᠠ ᠰᠡᠷᠭᠦᠬᠦ ᠦᠶ᠎ᠡ ᠂ ᠪᠢᠳᠡ ᠬᠤᠨᠢᠳ ᠢᠶᠠᠨ ᠬᠠᠰᠢᠶᠠᠯᠠᠨ ᠲᠡᠵᠢᠭᠡᠪᠡᠯ ᠨᠤᠲᠤᠭ ᠪᠡᠯᠴᠢᠭᠡᠷ ᠰᠠᠶᠢᠲᠤᠷ ᠰᠡᠷᠭᠦᠵᠦ ᠂ ᠡᠯᠡᠰᠦᠵᠢᠬᠦ ᠶᠢ ᠰᠡᠷᠭᠡᠶᠢᠯᠡᠨ᠎ᠡ ᠂ ᠪᠡᠯᠴᠢᠭᠡᠷ ᠢ ᠰᠠᠶᠢᠨ ᠪᠣᠯᠭᠠᠪᠠᠯ ᠡᠨᠡ ᠵᠢᠯ ᠤᠨ ᠬᠤᠨᠢᠨ ᠤ ᠲᠠᠷᠭᠤ ᠠᠶᠠᠨᠳᠠᠭᠠᠨ ᠰᠠᠶᠢᠵᠢᠷᠠᠨ᠎ᠠ ᠃︾ ᠭᠡᠵᠦ ᠰᠥᠨᠢᠳ ᠪᠠᠷᠠᠭᠤᠨ ᠬᠤᠰᠢᠭᠤᠨ ᠤ  ᠥᠷᠭᠡᠨᠲᠠᠯ᠎ᠠ ᠪᠠᠯᠭᠠᠰᠤᠨ ᠤ ᠴᠠᠩᠲᠤᠰᠢᠯᠢ ᠭᠠᠴᠠᠭᠠᠨ ᠤ ᠮᠠᠯᠴᠢᠨ ᠯᠢ ᠬᠠᠢ ᠮᠢᠩ ᠬᠡᠯᠡᠪᠡ ᠃

ᠣᠶᠢᠯᠠᠭᠠᠭᠰᠠᠨ ᠢᠶᠠᠷ᠂ ᠰᠢᠯᠢ ᠶᠢᠨ ᠭᠤᠣᠯ ᠠᠶᠢᠮᠠᠭ  ᠨᠢ ᠪᠡᠯᠴᠢᠭᠡᠷ ᠦᠨᠵᠢᠭᠦᠯᠬᠦ ᠬᠤᠭᠤᠴᠠᠭᠠᠨ ᠳᠤ ᠮᠦ ᠪᠦᠷᠢ ᠳᠤ 1.125 ᠲᠥᠭᠦᠷᠢᠭ ᠤᠨ ᠪᠠᠷᠢᠮᠵᠢᠶ᠎ᠠ ᠪᠠᠷ ᠪᠥᠬᠦ ᠠᠶᠢᠮᠠᠭ ᠤᠨ 10.1 ᠲᠦᠮᠡᠨ ᠡᠷᠦᠬᠡ ᠮᠠᠯᠴᠢᠨ ᠲᠠᠷᠢᠶᠠᠴᠢᠳ ᠲᠤ ᠨᠥᠬᠦᠪᠦᠷᠢ ᠥᠭᠭᠦᠨ᠎ᠡ᠃ ᠵᠠᠰᠠᠭ ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠬᠡᠬᠦ᠂ ᠵᠣᠬᠢᠴᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ 51.36 ᠲᠦᠮᠡᠨ ᠲᠣᠨ ᠡᠪᠡᠰᠦᠨ ᠪᠣᠷᠳᠤᠭ᠎ᠠ ᠨᠥᠭᠡᠴᠡᠯᠡᠨ ᠂ ᠪᠡᠯᠴᠢᠭᠡᠷ ᠦᠨᠵᠢᠭᠦᠯᠬᠦ ᠬᠤᠭᠤᠴᠠᠭᠠᠨ ᠳᠠᠬᠢ ᠡᠪᠡᠰᠦᠨ ᠪᠣᠷᠳᠣᠭᠠᠨ ᠤ ᠬᠠᠩᠭᠠᠯᠭ᠎ᠠ ᠶᠢ ᠪᠠᠲᠤᠯᠠᠵᠤ ᠪᠠᠶᠢᠨ᠎ᠠ ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠪᠠᠰᠠ ᠪᠡᠯᠴᠢᠭᠡᠷ ᠦᠨᠵᠢᠭᠦᠯᠬᠦ ᠲᠦᠷᠦ ᠶᠢᠨ ᠪᠣᠳᠣᠯᠭ᠎ᠠ ᠢ ᠤᠬᠠᠭᠤᠯᠬᠤ ᠪᠠᠨ ᠡᠷᠴᠢᠮᠵᠢᠭᠦᠯᠵᠦ ᠂ ᠡᠪᠡᠰᠦᠨ ᠪᠣᠷᠳᠣᠭᠠᠨ ᠤ ᠰᠠᠭᠤᠷᠢᠨ ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠡᠷᠴᠢᠮᠵᠢᠭᠦᠯᠵᠦ᠂ ᠠᠮᠢᠳᠠᠨ ᠤ ᠬᠢᠵᠢᠭ ᠢ ᠰᠡᠷᠭᠡᠶᠢᠯᠡᠬᠦ ᠪᠠ ᠵᠠᠰᠠᠬᠤ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠨ᠂ ᠪᠡᠯᠴᠢᠭᠡᠷ ᠦᠨᠵᠢᠭᠦᠯᠬᠦ ᠠᠵᠢᠯ ᠢ ᠥᠷᠨᠢᠭᠦᠯᠬᠦ ᠳᠤ ᠠᠰᠢᠭᠲᠠᠢ ᠨᠥᠬᠦᠴᠡᠯ ᠢ ᠡᠭᠦᠳᠴᠦ ᠥᠭᠴᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ