ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ  ᠵᠠᠩ ᠶᠠᠨ ᠺᠦᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/4/2

 

3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ  ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ︾ ᠵᠥᠪᠯᠡᠬᠦ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃

ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠮᠠᠨ ᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠪᠠ ᠬᠠᠤᠯᠢ ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰᠬᠠᠢ ᠰᠡᠳᠦᠪᠲᠦ ᠶᠠᠷᠢᠶ᠎ᠠ ᠲᠠᠯᠪᠢᠵᠠᠢ᠃ ᠬᠤᠷᠠᠯ ᠳᠤ ᠣᠷᠣᠯᠴᠠᠭᠰᠠᠳ ᠵᠥᠪᠯᠡᠬᠦ ᠰᠡᠳᠦᠪ ᠤᠨ ᠲᠣᠭᠤᠷᠢᠨ ᠳᠤ ᠬᠠᠷᠢᠯᠴᠠᠨ ᠵᠥᠪᠳᠡᠯᠴᠡᠪᠡ᠃

ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠨᠢᠭᠡ ᠵᠦᠢᠯ ᠤᠨ ᠴᠢᠬᠤᠯᠠ ᠶᠡᠭᠡ ᠢᠨᠵᠧᠨᠧᠷᠢᠩ ᠮᠥᠨ᠂ ᠪᠦᠭᠦ ᠣᠷᠣᠨ ᠤ ᠡᠯ᠎ᠡ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠢᠨ ᠲᠡᠭᠦᠨ ᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠤᠣᠯᠳᠠᠯᠭ᠎ᠠ ᠲᠠᠢ ᠠᠭᠤᠯᠭ᠎ᠠ ᠪᠤᠯᠭᠠᠵᠤ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤ ︽ᠦᠨᠡᠨᠴᠢ ᠢᠲᠡᠭᠡᠮᠵᠢᠲᠦ ᠥᠪᠥᠷ ᠮᠣᠩᠭᠤᠯ ᠤᠨ ᠪᠠᠶᠢᠭᠤᠯᠤᠯᠲᠠ︾ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠪᠠ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ