ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 2024 ᠣᠨ ᠤ ᠨᠢᠭᠡᠳᠦᠭᠡᠷ ᠤᠯᠠᠷᠢᠯ ᠳᠤ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠯᠠᠨ ᠪᠠᠭᠤᠷᠠᠭᠤᠯᠬᠤ ᠪᠠᠷ ᠳᠠᠮᠵᠢᠭᠤᠯᠤᠨ᠂ ᠥᠪᠥᠷ ᠮᠣᠩᠭᠤᠯ ᠠᠵᠤ ᠠᠬᠤᠶᠢᠯᠠᠯ ᠤᠳ ᠤᠨ ᠳᠠᠷᠤᠭᠠᠰᠤ ᠶᠢ 9.03 ᠳ᠋ᠦᠩᠰᠢᠭᠤᠷ ᠲᠥᠭᠦᠷᠢᠭ ᠬᠥᠩᠭᠡᠯᠡᠭᠰᠡᠨ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1 ᠳ᠋ᠦᠩᠰᠢᠭᠤᠷ ᠲᠥᠭᠦᠷᠢᠭ ᠨᠡᠮᠡᠭᠳᠡᠪᠡ᠃
ᠡᠭᠦᠨ ᠳᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠤᠳ ᠤᠨ ᠳᠠᠷᠤᠭᠠᠰᠤ ᠶᠢ 7.43 ᠳ᠋ᠦᠩᠰᠢᠭᠤᠷ ᠲᠥᠭᠦᠷᠢᠭ ᠬᠥᠩᠭᠡᠯᠡᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ ᠠᠵᠤ ᠠᠬᠤᠶᠢᠯᠠᠯ ᠤᠳ ᠤᠨ ᠳᠠᠷᠤᠭᠠᠰᠤ ᠶᠢ 1.6 ᠳ᠋ᠦᠩᠰᠢᠭᠤᠷ ᠲᠥᠭᠦᠷᠢᠭ ᠬᠥᠩᠭᠡᠯᠡᠪᠡ᠃ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠳ ᠤᠨ ᠠᠵᠢᠯᠴᠢᠨ ᠬᠡᠷᠡᠭᠯᠡᠬᠦ ᠥᠪᠡᠷ ᠤᠨ ᠥᠷᠲᠡᠭ ᠢ ᠦᠨᠡᠬᠡᠷ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠪᠠ᠃
ᠠᠵᠤ ᠠᠬᠤᠶᠢᠯᠠᠯ ᠤᠳ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠯᠡᠵᠦ᠂ ᠠᠵᠤ ᠠᠬᠤᠶᠢᠯᠠᠯ ᠤᠳ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠵᠢᠯ ᠣᠯᠭᠤᠯᠲᠠ ᠶᠢᠨ ᠲᠣᠭᠲᠠᠭᠤᠨ ᠪᠠᠶᠢᠳᠠᠯ ᠢ ᠠᠬᠢᠭᠤᠯᠬᠤ ᠶᠢᠨ ᠲᠥᠯᠥᠭᠡ᠂ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤᠯᠠᠨ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠪᠠᠶᠢᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠦᠷᠭᠦᠯᠵᠢᠯᠡᠨ 1% ᠪᠠᠷ ᠬᠡᠷᠡᠭᠵᠢᠭᠦᠯᠵᠦ᠂ ᠬᠥᠮᠥᠨ ᠬᠡᠷᠡᠭᠯᠡᠬᠦ ᠨᠢᠭᠡᠴᠢ ᠪᠠ ᠬᠤᠪᠢ ᠬᠥᠮᠥᠨ ᠲᠣᠰ ᠲᠣᠰ 0.5% ᠪᠠᠷ ᠬᠡᠷᠡᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠨᠠᠢᠮᠠᠨ ᠳᠡᠰ ᠤᠨ ᠰᠦᠢᠳᠬᠡᠯ ᠤᠨ ᠨᠣᠷᠮ᠎ᠠ ᠶᠢ ᠶᠡᠷᠦᠩᠬᠡᠢ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠠᠭᠤᠷᠢ ᠮᠥᠩᠭᠦᠨ ᠤ ᠨᠡᠶᠢᠲᠡ ᠦᠯᠡᠳᠡᠪᠦᠷᠢ ᠪᠠᠷ 18 ︵ᠪᠠᠭᠲᠠᠨ᠎ᠠ︶ ᠠᠴᠠ 23 ᠰᠠᠷ᠎ᠠ ᠲᠥᠯᠥᠵᠦ ᠪᠣᠯᠬᠤ ᠭᠠᠵᠠᠷ ᠣᠷᠣᠨ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠳᠤ ᠰᠠᠭᠤᠷᠢᠯᠠᠵᠤ 20% ᠪᠠᠷ ᠪᠠᠭᠤᠷᠠᠭᠤᠯᠤᠨ᠎ᠠ︔ ᠨᠡᠶᠢᠲᠡ ᠦᠯᠡᠳᠡᠪᠦᠷᠢ ᠪᠠᠷ 24 ᠰᠠᠷ᠎ᠠ ︵ᠪᠠᠭᠲᠠᠨ᠎ᠠ︶ ᠠᠴᠠ ᠲᠥᠯᠥᠵᠦ ᠪᠣᠯᠬᠤ ᠳᠡᠭᠡᠭᠰᠢ ᠭᠠᠵᠠᠷ ᠣᠷᠣᠨ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠬᠡᠯ ᠤᠨ ᠨᠣᠷᠮ᠎ᠠ ᠳᠤ ᠰᠠᠭᠤᠷᠢᠯᠠᠵᠤ 50% ᠪᠠᠷ ᠪᠠᠭᠤᠷᠠᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ ᠲᠥᠷᠥ ᠶᠢᠨ ᠪᠣᠳᠣᠯᠭ᠎ᠠ ᠶᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠡᠯ᠎ᠡ ᠬᠤᠯᠪᠣᠭᠳᠠᠯ ᠪᠦᠬᠦᠢ ᠨᠢᠭᠡᠴᠢ ︵ᠨᠢᠭᠡᠳᠦᠭᠡᠷ ᠲᠥᠷᠥᠯ ᠤᠨ ᠠᠵᠢᠯ ᠲᠥᠷᠥᠯ ᠤᠨ ᠨᠢᠭᠡᠴᠢ ᠪᠠᠭᠲᠠᠬᠤ ᠦᠭᠡᠢ︶ ᠳᠤ ᠬᠡᠷᠡᠭᠵᠢᠭᠦᠯᠬᠦ ᠪᠣᠯᠣᠨ᠎ᠠ᠃
ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤ ᠪᠠᠷ ᠬᠦᠴᠦᠯᠡᠵᠦ᠂ ᠲᠥᠷᠥ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠦᠨᠡᠬᠡᠷ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠤᠨ᠂ ᠬᠤᠳᠠᠯᠳᠤᠭᠠᠨ ᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃