ᠦᠬᠠᠢ ᠬᠤᠲᠠ ᠶᠢᠨ ᠬᠢᠨ ᠡᠮᠡᠭᠲᠡᠶᠢᠴᠦᠳ ᠬᠡᠦᠬᠡᠳ ᠤᠨ ᠠᠵᠢᠯ ᠤᠨ ᠵᠠᠷᠤᠳᠠᠯ ᠢ ᠦᠷᠭᠦᠯᠵᠢᠯᠡᠨ ᠨᠡᠮᠡᠭᠳᠡᠭᠦᠯᠵᠦ ︽ᠣᠷᠤᠭ ᠭᠡᠷ ᠪᠦᠯᠢ ᠶᠢᠨ ᠪᠠᠶᠢᠭᠤᠯᠤᠯᠲᠠ︾ ᠶᠢᠨ ᠠᠵᠢᠯ ᠢ ᠲᠤᠰᠬᠠᠢ ᠵᠠᠷᠤᠳᠠᠯ ᠢᠶᠠᠷ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠪᠠ
ᠨᠡᠶᠢᠲᠡᠯᠡᠭᠰᠡᠨ ᠴᠠᠭ᠄
2024/4/25


ᠣᠶᠢᠷ᠎ᠠ ᠳᠤ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠰᠣᠨᠢᠨ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠠᠴᠠ ᠨᠠᠭᠠᠰᠢ᠂ ᠦᠬᠠᠢ ᠬᠤᠳᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠡᠮᠡᠭᠲᠡᠶᠢᠴᠦᠳ ᠬᠡᠦᠬᠡᠳ ᠪᠠ ᠭᠡᠷ ᠪᠦᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ 2023 ᠣᠨ ᠳᠤ ᠂ ᠲᠥᠰᠥᠪ ᠤᠨ ᠶᠡᠷᠦᠩᠬᠡᠢ ᠲᠤᠭ᠎ᠠ ᠨᠢ ᠳᠡᠭᠡᠷ᠎ᠡ ᠨᠢᠭᠡ ᠵᠢᠯ ᠤᠨ ᠬᠢ ᠠᠴᠠ ᠬᠤᠶᠠᠷ ᠲᠠᠬᠢᠨ ᠰᠢᠬᠠᠮ ᠨᠡᠮᠡᠭᠳᠡᠭᠰᠡᠨ ᠪᠥᠭᠡᠳ ᠪᠦᠬᠦ ᠬᠤᠳᠠ ᠶᠢᠨ ︽ ᠤᠷᠤᠭ ᠭᠡᠷ ᠪᠦᠯᠢ ᠶᠢᠨ ᠪᠠᠶᠢᠭᠤᠯᠤᠯᠲᠠ ︾ ᠶᠢᠨ ᠠᠵᠢᠯ ᠢ ᠲᠤᠰᠬᠠᠢ ᠵᠠᠷᠤᠳᠠᠯ ᠢᠶᠠᠷ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠪᠠ ᠂ ᠡᠨᠡ ᠵᠢᠯ ᠲᠤᠰ ᠲᠥᠰᠥᠪ ᠨᠢᠳᠤᠨᠤᠨ ᠤ ᠰᠠᠭᠤᠷᠢᠨ ᠳᠡᠭᠡᠷ᠎ᠡ ᠪᠠᠰᠠ 10 ᠲᠦᠮᠡᠨ ᠲᠥᠭᠦᠷᠢᠭ ᠨᠡᠮᠡᠭᠳᠡᠭᠰᠡᠨ ᠪᠠᠶᠢᠨ᠎ᠠ ᠃

ᠲᠠᠨᠢᠯᠴᠠᠭᠤᠯᠤᠭᠰᠠᠨ ᠢᠶᠠᠷ᠂ ᠪᠣᠳᠠᠲᠠᠢ ᠠᠵᠢᠯ ᠤᠨ ᠳᠤᠮᠳᠠ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ  ᠨᠢ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠪᠠ ᠬᠤᠲᠠ ᠶᠢᠨ ᠱᠠᠲᠤᠨ ᠤ ᠡᠳ᠋ ᠤᠨ ᠬᠦᠴᠦᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠥᠰᠥᠯ ᠤᠨ ᠠᠷᠭ᠎ᠠ ᠮᠠᠶ᠋ᠢᠭ ᠢᠶᠠᠷ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠡᠮᠡᠭᠲᠡᠶᠢᠴᠦᠳ ᠲᠤ ᠦᠢᠯᠡᠴᠢᠯᠡᠨ ᠬᠠᠷᠢᠯᠴᠠᠬᠤ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠵᠦ᠂ ᠡᠮᠡᠭᠲᠡᠶᠢᠴᠦᠳ ᠬᠡᠦᠬᠡᠳ ᠤᠨ ᠣᠷᠣᠰᠢᠨ ᠬᠥᠭᠵᠢᠬᠦ ᠣᠳᠣᠬᠢ ᠪᠠᠶᠢᠳᠠᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠨᠢᠳᠤᠨᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠬᠥᠭᠵᠢᠯᠲᠡ ᠶᠢᠨ ᠲᠥᠰᠦᠯ ᠢ 10 ᠂ ᠲᠡᠳᠬᠦᠮᠵᠢ ᠶᠢᠨ ᠪᠡᠯᠡ ᠮᠥᠩᠭᠦ ᠶᠢ 52.5 ᠲᠦᠮᠡᠨ ᠲᠥᠭᠦᠷᠢᠭ ᠴᠢᠷᠮᠠᠶᠢᠨ ᠣᠯᠪᠠ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠂ ︽ᠬᠤᠶᠠᠷ ᠬᠥᠲᠥᠯᠪᠦᠷᠢ︾ ᠶᠢᠨ ᠵᠢᠱᠢᠶ᠎ᠡ ᠦᠵᠡᠭᠦᠯᠬᠦ ᠣᠷᠣᠨ ᠵᠢᠴᠢ ᠬᠡᠦᠬᠡᠳ ︵ᠬᠡᠦᠬᠡᠳ ᠬᠠᠮᠠᠭᠠᠯᠠᠬᠤ︶ ᠤᠨ ᠭᠡᠷ ᠢ ᠪᠠᠶᠢᠭᠤᠯᠪᠠ᠃ ᠡᠭᠦᠨ ᠤ ᠬᠠᠮᠲᠤ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠤᠨ ᠦᠢᠯᠡᠴᠢᠯᠡᠭᠡᠨ ᠤ ᠲᠥᠰᠦᠯ ᠢ 2 ᠬᠡᠷᠡᠭᠵᠢᠭᠦᠯᠵᠦ᠂ ᠣᠷᠣᠯᠭ᠎ᠠ ᠪᠠᠭᠠᠲᠠᠢ ︽ᠬᠤᠶᠠᠷ ᠥᠮᠡᠨ︾ ᠳᠤ ᠨᠡᠷᠪᠡᠭᠳᠡᠭᠰᠡᠨ 23 ᠡᠮᠡᠭᠲᠡᠢ ᠶᠢ ᠠᠪᠤᠷᠠᠨ ᠲᠤᠰᠠᠯᠠᠵᠤ᠂ ᠭᠦᠢᠴᠡᠳᠬᠡᠬᠦ ᠵᠥᠪᠯᠡᠯ᠂ ᠭᠡᠷ ᠪᠦᠯᠢ ᠶᠢᠨ ᠬᠥᠮᠦᠵᠢᠯ ᠤᠨ ᠵᠢᠯᠣᠭᠤᠳᠤᠭᠴᠢ ᠵᠡᠷᠭᠡ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠠᠩᠭᠢ ᠶᠢ 3 ᠬᠤᠭᠤᠴᠠᠭ᠎ᠠ ᠡᠷᠭᠢᠯᠡᠪᠡ᠃

ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠶᠠᠷ ᠵᠢᠯ ᠤᠨ ᠲᠤᠷᠰᠢ᠂ ᠦᠬᠠᠢ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠬᠥᠭᠵᠢᠯᠲᠡ ᠶᠢᠨ ᠲᠦᠰᠦᠯ ᠤᠨ ᠪᠡᠯᠡ ᠮᠥᠩᠭᠦ ᠶᠢ 46 ᠲᠦᠮᠡᠨ ᠲᠥᠭᠦᠷᠢᠭ ᠲᠣᠬᠢᠷᠠᠭᠤᠯᠵᠤ᠂ ᠡᠯ᠎ᠡ ᠲᠣᠭᠤᠷᠢᠭ ᠲᠤ ᠰᠢᠯᠵᠢᠭᠦᠯᠦᠨ ᠥᠭᠴᠦ᠂ ᠡᠮᠡᠭᠲᠡᠶᠢᠴᠦᠳ ᠬᠡᠦᠬᠡᠳ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠳᠤ᠂ ᠡᠯ᠎ᠡ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ︽ᠭᠤᠷᠪᠠᠨ ᠰᠢᠨ᠎ᠡ︾ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠪᠠᠶᠢᠭᠤᠯᠤᠯᠲᠠ ᠶᠢᠨ ᠬᠤᠯᠪᠣᠭ᠎ᠠ᠂ ︽ ᠡᠮᠡᠭᠲᠡᠢ ᠰᠢᠨ᠎ᠡ ᠲᠠᠷᠢᠶᠠᠴᠢᠨ ᠤ ᠵᠢᠱᠢᠶ᠎ᠡ ᠦᠵᠡᠭᠦᠯᠬᠦ ᠰᠠᠭᠤᠷᠢᠨ︾ ᠵᠡᠷᠭᠡ 13 ᠪᠦᠲᠦᠭᠡᠨ ᠪᠠᠶᠢᠭᠤᠯᠤᠯᠲᠠ ᠶᠢᠨ ᠲᠦᠰᠦᠯ ᠢ ᠰᠢᠨ᠎ᠡ ᠶᠢ ᠡᠭᠦᠳᠦᠨ ᠬᠡᠷᠡᠭᠵᠢᠭᠦᠯᠬᠦ ᠶᠢ ᠵᠢᠭᠠᠨ ᠵᠢᠯᠣᠭᠤᠳᠪᠠ᠃ ᠬᠤᠲᠠ ᠶᠢᠨ ᠳᠡᠰ ᠤᠨ ︽ᠬᠤᠶᠠᠷ ᠬᠥᠲᠥᠯᠪᠦᠷᠢ︾ ᠶᠢᠨ ᠵᠢᠱᠢᠶ᠎ᠡ ᠦᠵᠡᠭᠦᠯᠬᠦ ᠲᠣᠭᠤᠷᠢᠭ ᠢ 1 ᠡᠭᠦᠳᠦᠨ ᠪᠠᠶᠢᠭᠤᠯᠵᠤ᠂ ᠬᠤᠲᠠ ᠶᠢᠨ ᠲᠠᠰ ᠤᠨ ︽ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠲᠠᠰᠤᠭ︾᠂ ︽ᠡᠮᠡᠭᠲᠡᠶᠢᠴᠦᠳ ᠤᠨ ᠰᠠᠶᠢᠨ ᠳᠤᠷ᠎ᠠ ᠶᠢᠨ ᠥᠷᠲᠡᠭᠡ︾᠂ ᠬᠡᠦᠬᠡᠳ ᠤᠨ ᠭᠡᠷ᠂ ᠬᠤᠲᠠ ᠶᠢᠨ ᠲᠣᠭᠤᠷᠢᠭ ᠤᠨ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠲᠥᠪ ᠵᠡᠷᠭᠡ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ 12 ᠪᠠᠶᠢᠭᠤᠯᠪᠠ ᠃ ᠪᠤᠰᠤᠳ ᠪᠡᠶᠡᠯᠡᠭᠦᠯᠦᠭᠡᠳᠦᠢ ᠲᠦᠰᠦᠯ ᠢ ᠶᠠᠭ ᠡᠮᠬᠢ ᠵᠢᠷᠤᠮ ᠲᠠᠢ ᠪᠠᠷ ᠠᠬᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ ᠤᠨ ᠭᠡᠷ ᠠᠬᠤᠢ ᠶᠢᠨ ᠠᠵᠢᠯ᠂ ᠭᠡᠷ ᠪᠦᠯᠢ ᠶᠢᠨ ᠬᠥᠮᠦᠵᠢᠯ᠂ ᠡᠷᠬᠡ ᠪᠠᠨ ᠬᠠᠮᠠᠭᠠᠯᠠᠬᠤ ᠬᠠᠯᠠᠮᠵᠢᠯᠠᠯ ᠵᠡᠷᠭᠡ ᠦᠢᠯᠡᠴᠢᠯᠡᠭᠡ ᠶᠢ ᠪᠥᠬᠦ ᠬᠤᠲᠠ ᠶᠢᠨ ︽ᠨᠢᠭᠡ ᠮᠥᠴᠡ ᠶᠢᠨ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠳᠤ ᠪᠦᠲᠦᠮᠵᠢᠲᠡᠢ ᠠᠭᠤᠰᠤᠯᠴᠠᠭᠤᠯᠬᠤ ᠶᠢ ᠰᠢᠨᠡᠴᠢᠯᠡᠨ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ