ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠣᠷ ᠵᠠᠰᠠᠭ ᠠᠯᠪᠠᠨ ᠲᠠᠷᠬᠠᠭᠠᠭᠰᠠᠨ 〔2023〕 86 ᠳ᠋ᠤᠭᠠᠷ ᠲᠤᠭᠠᠲᠦ
ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ ᠂ ᠬᠣᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠬᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠶᠯᠡᠰ ᠦᠨ ᠨᠢᠭᠡᠴᠢ ᠳᠦ ᠄
ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
2023ᠣᠨ ᠤ 12 ᠳ᠋ᠤᠭᠠᠷ ᠰᠠᠷ᠎ᠠ ᠶᠢᠨ 19 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵2023 ᠣᠨ ᠳᠤ ᠵᠠᠰᠠᠪᠤᠷᠢ ᠣᠷᠣᠭᠤᠯᠪᠠ︶
1 ᠶᠡᠷᠦᠩᠬᠡᠢ ᠳᠦᠷᠢᠮ
1.1 ᠨᠠᠶᠢᠷᠠᠭᠤᠯᠤᠨ ᠵᠣᠬᠢᠶᠠᠭᠰᠠᠨ ᠵᠣᠷᠢᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠡᠷᠬᠢᠮᠯᠡᠬᠦ ᠶᠢ ᠪᠠᠷᠢᠮᠲᠠᠯᠠᠨ᠂ ᠪᠠᠶᠢᠭᠠᠯᠢ ᠶᠢᠨ ᠭᠠᠮᠰᠢᠭ ᠤᠨ ᠬᠡᠷᠡᠭ᠂ ᠠᠳᠡᠯ ᠤᠨ ᠭᠠᠢ ᠭᠠᠮᠰᠢᠭ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ︵ᠳᠣᠷᠣᠭᠰᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠡᠵᠦ ᠲᠣᠪᠴᠢᠯᠠᠨ᠎ᠠ︶ ᠡᠭᠦᠰᠦᠭᠰᠡᠨ ᠤ ᠳᠠᠷᠠᠭ᠎ᠠ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠳᠠᠷᠤᠢ ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠡᠯ᠎ᠡ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠮᠥᠨ ᠬᠠᠷ᠎ᠠ ᠶᠢᠨ ᠦᠬᠦᠯ ᠰᠢᠷᠬᠠᠲᠤᠯ ᠪᠠ ᠡᠷᠡᠭᠦᠯ ᠮᠡᠨᠳᠦ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ ᠬᠥᠩᠭᠡᠯᠡᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃
1.2 ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ
︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠥᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠥᠯᠢ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠤᠨ ᠴᠢᠨᠠᠷᠲᠠᠢ ᠪᠣᠬᠢᠷᠲᠤᠯ ᠢ ᠰᠡᠷᠭᠡᠶᠢᠯᠡᠨ ᠵᠠᠰᠠᠬᠤ ᠬᠠᠥᠯᠢ︾ ᠵᠢᠴᠢ ︽ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾ ᠂ ︽ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠂ ︽ ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠂︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ︵ᠲᠤᠷᠰᠢᠨ ᠬᠡᠷᠡᠭᠵᠢᠭᠦᠯᠬᠦ︶︾ ᠵᠡᠷᠭᠡ ᠬᠠᠥᠯᠢ ᠴᠠᠭᠠᠵᠠ᠂ ᠬᠠᠥᠯᠢ ᠲᠣᠭᠲᠠᠭᠠᠯ ᠪᠠ ᠪᠡᠯᠡᠳᠭᠡᠯ ᠲᠥᠰᠥᠯ ᠢ ᠦᠨᠳᠦᠰᠦᠯᠡᠵᠦ᠂ ᠲᠣᠰ ᠪᠡᠯᠡᠳᠭᠡᠯ ᠲᠥᠰᠥᠯ ᠢ ᠲᠣᠭᠲᠠᠭᠠᠪᠠ᠃
1.3 ᠲᠣᠬᠢᠷᠠᠭᠤᠯᠤᠨ ᠬᠡᠷᠡᠭᠯᠡᠬᠦ ᠬᠡᠪᠴᠢᠶ᠎ᠡ
ᠲᠣᠰ ᠪᠡᠯᠡᠳᠭᠡᠯ ᠲᠥᠰᠥᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠬᠡᠨᠡᠳᠲᠡ ᠶᠢᠨ ᠬᠡᠷᠡᠭ ︵ᠪᠠᠶᠢᠭᠠᠯᠢ ᠶᠢᠨ ᠭᠠᠮᠰᠢᠭ ᠤᠨ ᠲᠥᠷᠥᠯ᠂ ᠠᠳᠡᠯ ᠤᠨ ᠭᠠᠢ ᠭᠠᠮᠰᠢᠭ ᠤᠨ ᠲᠥᠷᠥᠯ᠂ ᠨᠡᠶᠢᠭᠡᠮ ᠤᠨ ᠠᠮᠤᠷ ᠲᠦᠪᠰᠢᠨ ᠤ ᠲᠥᠷᠥᠯ︶ ᠠᠴᠠ ᠪᠣᠯᠣᠭᠰᠠᠨ ᠬᠥᠮᠥᠨ ᠬᠠᠷ᠎ᠠ ᠶᠢᠨ ᠦᠬᠦᠯ ᠰᠢᠷᠬᠠᠲᠤᠯ᠂ ᠡᠷᠡᠭᠦᠯ ᠮᠡᠨᠳᠦ ᠶᠢᠨ ᠬᠤᠬᠢᠷᠠᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠲᠣᠬᠢᠷᠠᠭᠤᠯᠤᠨ ᠬᠡᠷᠡᠭᠯᠡᠨ᠎ᠡ᠃
ᠪᠠᠶᠢᠭᠠᠯᠢ ᠶᠢᠨ ᠭᠠᠮᠰᠢᠭ ᠤᠨ ᠬᠡᠷᠡᠭ ᠲᠤ ᠭᠤᠣᠯᠳᠠᠭᠤ ᠤᠰᠤᠳᠤᠯ ᠭᠠᠩᠳᠠᠯ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠭᠠᠵᠠᠷ ᠬᠥᠷᠥᠰᠥᠨ ᠤ ᠭᠠᠮᠰᠢᠭ᠂ ᠠᠮᠢᠳᠤ ᠪᠣᠳᠠᠰ ᠤᠨ ᠭᠠᠮᠰᠢᠭ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠠᠶᠤᠯ ᠵᠡᠷᠭᠡ ᠪᠠᠭᠲᠠᠨ᠎ᠠ︔ ᠠᠳᠡᠯ ᠤᠨ ᠭᠠᠢ ᠭᠠᠮᠰᠢᠭ ᠤᠨ ᠬᠡᠷᠡᠭ ᠲᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠲᠥᠷᠥᠯ ᠤᠨ ᠠᠮᠤᠷ ᠲᠦᠪᠰᠢᠨ ᠤ ᠠᠳᠡᠯ᠂ ᠦᠢᠯᠡᠳᠭᠦᠨ ᠤ ᠶᠠᠰᠤ ᠴᠢᠨᠠᠷ ᠤᠨ ᠠᠳᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠳᠡᠯ᠂ ᠣᠯᠠᠨ ᠨᠡᠶᠢᠲᠡ ᠶᠢᠨ ᠪᠡᠯᠡᠳᠭᠡᠮᠵᠢ ᠪᠠ ᠲᠥᠬᠦᠭᠡᠷᠦᠮᠵᠢ ᠶᠢᠨ ᠠᠳᠡᠯ᠂ ᠴᠥᠮ᠎ᠡ ᠪᠣᠯᠣᠨ ᠰᠠᠴᠤᠷᠠᠭ ᠤᠨ ᠠᠳᠡᠯ᠂ ᠬᠢᠮᠢ ᠶᠢᠨ ᠬᠤᠣᠷᠳᠠᠯ᠂ ᠣᠷᠴᠢᠨ ᠲᠣᠭᠤᠷᠢᠨ ᠤ ᠪᠣᠬᠢᠷᠲᠤᠯ ᠪᠠ ᠠᠮᠢ ᠠᠬᠤᠢ ᠶᠢ ᠡᠪᠳᠡᠭᠰᠡᠨ ᠬᠡᠷᠡᠭ ᠵᠡᠷᠭᠡ ᠪᠠᠭᠲᠠᠨ᠎ᠠ︔ ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠭᠤᠣᠯᠳᠠᠭᠤ ᠰᠦᠷᠳᠡᠭᠦᠯᠦᠯ ᠳᠠᠭᠠᠷᠢᠯᠲᠠ ᠶᠢᠨ ᠬᠡᠷᠡᠭ᠂ ᠡᠷᠡᠭᠦᠦ ᠶᠢᠨ ᠶᠠᠯᠠᠲᠤ ᠬᠡᠷᠡᠭ᠂ ᠪᠦᠯᠦᠭᠵᠢᠯ ᠤᠨ ᠴᠢᠨᠠᠷᠲᠠᠢ ᠬᠡᠷᠡᠭ᠂ ᠲᠣᠰᠣ ᠬᠡᠢ ᠶᠢᠨ ᠬᠠᠩᠭᠠᠯᠭ᠎ᠠ ᠲᠠᠰᠤᠯᠳᠠᠭᠰᠠᠨ ᠭᠡᠨᠡᠳᠲᠡ ᠶᠢᠨ ᠬᠡᠷᠡᠭ᠂ ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ᠂ ᠭᠠᠳᠠᠭᠠᠳᠤ ᠲᠠᠢ ᠬᠤᠯᠪᠣᠭᠳᠠᠭᠰᠠᠨ ᠭᠡᠨᠡᠳᠲᠡ ᠶᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ᠂ ᠰᠦᠯᠵᠢᠶ᠎ᠡ ᠪᠠ ᠮᠡᠳᠡᠭᠡ ᠵᠠᠩᠬᠢ ᠶᠢᠨ ᠠᠮᠤᠷ ᠲᠦᠪᠰᠢᠨ ᠤ ᠬᠡᠷᠡᠭ ᠵᠡᠷᠭᠡ ᠪᠠᠭᠲᠠᠨ᠎ᠠ᠃
ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
1.4 ᠠᠵᠢᠯᠯᠠᠬᠤ ᠵᠠᠷᠴᠢᠮ
ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ︔ ᠬᠠᠷᠢᠶᠠᠯᠠᠭᠳᠠᠬᠤ ᠭᠠᠵᠠᠷ ᠢᠶᠠᠷ ᠬᠠᠮᠢᠶᠠᠷᠤᠭᠤᠯᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠪᠣᠯᠭᠠᠨ᠎ᠠ︔ ᠬᠠᠥᠯᠢ ᠲᠣᠭᠲᠠᠭᠠᠯ ᠢ ᠵᠢᠷᠤᠮᠯᠠᠵᠤ᠂ ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠯᠭᠠᠨ᠎ᠠ︔ ᠴᠠᠭ ᠲᠤ ᠨᠢ ᠲᠤᠰᠬᠠᠯ ᠭᠠᠷᠭᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠤᠨ᠎ᠠ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠨ᠎ᠡ︔ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶᠢᠩᠭᠤ ᠪᠡᠯᠡᠳᠭᠡᠨ᠎ᠡ︔ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢ ᠣᠷᠣᠯᠴᠠᠭᠤᠯᠤᠨ᠎ᠠ᠃
2 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠤᠨ ᠳᠡᠰ ᠤᠨ ᠬᠤᠪᠢᠶᠠᠷᠢᠯᠠᠯ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠣᠭᠰᠠᠨ ᠬᠥᠮᠥᠨ ᠬᠠᠷ᠎ᠠ ᠶᠢᠨ ᠦᠬᠦᠯ ᠰᠢᠷᠬᠠᠲᠤᠯ ᠪᠠ ᠡᠷᠡᠭᠦᠯ ᠮᠡᠨᠳᠦ ᠶᠢ ᠬᠤᠬᠢᠷᠠᠭᠤᠯᠤᠭᠰᠠᠨ ᠪᠠᠶᠢᠳᠠᠯ ᠢ ᠦᠨᠳᠦᠰᠦᠯᠡᠵᠦ᠂ ︽ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠠᠭᠠᠢ ᠬᠦᠨᠳᠦ ᠶᠡᠭᠡ ︵ Ⅰ ᠳᠡᠰ︶᠂ ᠬᠦᠨᠳᠦ ᠶᠡᠭᠡ ︵ Ⅱ ᠳᠡᠰ ︶᠂ ᠨᠡᠯᠢᠶᠡᠳ ᠶᠡᠭᠡ ︵ Ⅲ ᠳᠡᠰ︶ ᠪᠠ ᠡᠩ ᠤᠨ ︵Ⅳ ᠳᠡᠰ︶ ᠭᠡᠬᠦ ᠳᠥᠷᠪᠡᠨ ᠳᠡᠰ ᠬᠤᠪᠢᠶᠠᠨ᠎ᠠ᠃
2.1 ᠣᠨᠴᠠᠭᠠᠢ ᠬᠦᠨᠳᠦ ᠶᠡᠭᠡ ᠬᠡᠷᠡᠭ ︵ Ⅰ ᠳᠡᠰ︶
︵1︶ ᠨᠢᠭᠡ ᠤᠳᠠᠭᠠᠨ ᠤ ᠬᠡᠷᠡᠭ ᠲᠤ ᠣᠨᠴᠠᠭᠠᠢ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠦᠭᠰᠡᠨ ᠮᠥᠷᠲᠡᠭᠡᠨ ᠬᠦᠨᠳᠦ ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠬᠥᠮᠥᠨ ᠠᠷᠪᠢᠨ᠂ ᠡᠰᠡᠭᠦᠯ᠎ᠡ ᠴᠥᠮ᠎ᠡ ᠶᠢᠨ ᠠᠳᠡᠯ ᠪᠠ ᠭᠡᠨᠡᠳᠲᠡ ᠶᠢᠨ ᠰᠠᠴᠤᠷᠠᠭ ᠤᠨ ᠬᠡᠷᠡᠭ᠂ ᠬᠢᠮᠢ ᠶᠢᠨ ᠡᠳ᠋ ᠯᠡᠪᠡᠷᠡᠭᠰᠡᠨ ᠠᠳᠡᠯ ᠵᠡᠷᠭᠡ ᠠᠴᠠ ᠪᠣᠯᠵᠤ ᠶᠡᠭᠡ ᠬᠡᠮᠵᠢᠶᠡᠨ ᠤ ᠬᠥᠮᠥᠨ ᠬᠠᠷ᠎ᠠ ᠦᠬᠦᠵᠦ ᠰᠢᠷᠬᠠᠲᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠳᠡᠮᠵᠢᠯᠭᠡ ᠦᠵᠡᠭᠦᠯᠬᠦ ᠶᠢ ᠭᠤᠶᠤᠴᠢᠯᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵2︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠣᠨᠴᠠᠭᠠᠢ ᠬᠦᠨᠳᠦ ᠨᠣᠴᠢᠲᠠᠢ ᠬᠥᠮᠥᠨ ᠬᠠᠷ᠎ᠠ ᠦᠬᠦᠵᠦ ᠰᠢᠷᠬᠠᠲᠤᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵3︶ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
2.2 ᠬᠦᠨᠳᠦ ᠶᠡᠭᠡ ᠬᠡᠷᠡᠭ ︵ Ⅱ ᠳᠡᠰ ︶
︵1︶ ᠨᠢᠭᠡ ᠤᠳᠠᠭᠠᠨ ᠤ ᠬᠡᠷᠡᠭ ᠲᠤ ᠬᠦᠨᠳᠦ ᠶᠡᠭᠡ ᠬᠥᠮᠥᠨ ᠬᠠᠷ᠎ᠠ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 5 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵2︶ ᠠᠶᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵3︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
2.3 ᠨᠡᠯᠢᠶᠡᠳ ᠶᠡᠭᠡ ᠬᠡᠷᠡᠭ ︵ Ⅲ ᠳᠡᠰ ︶
︵1︶ ᠨᠢᠭᠡ ᠤᠳᠠᠭᠠᠨ ᠤ ᠬᠡᠷᠡᠭ ᠲᠤ ᠨᠡᠯᠢᠶᠡᠳ ᠶᠡᠭᠡ ᠬᠥᠮᠥᠨ ᠬᠠᠷ᠎ᠠ ᠶᠢᠨ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 3 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵2︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
2.4 ᠡᠩ ᠤᠨ ᠬᠡᠷᠡᠭ ︵Ⅳ ᠳᠡᠰ ︶
︵1︶ ᠨᠢᠭᠡ ᠤᠳᠠᠭᠠᠨ ᠤ ᠬᠡᠷᠡᠭ ᠲᠤ ᠵᠣᠬᠢᠬᠤ ᠲᠤᠭ᠎ᠠ ᠬᠡᠮᠵᠢᠶᠡᠨ ᠤ ᠬᠥᠮᠥᠨ ᠬᠠᠷ᠎ᠠ ᠶᠢᠨ ᠦᠬᠦᠯ ᠰᠢᠷᠬᠠᠲᠤᠯ ᠡᠭᠦᠰᠴᠦ᠂ ᠡᠭᠦᠨ ᠳᠤ ᠦᠬᠦᠭᠰᠡᠨ ᠪᠠ ᠬᠦᠨᠳᠦ ᠲᠦᠭᠰᠢᠭᠦᠷᠢᠲᠡᠢ ᠪᠠᠶᠢᠳᠠᠯ ᠳᠤ ᠪᠠᠶᠢᠭ᠎ᠠ ᠡᠪᠡᠳᠴᠢᠲᠡᠨ ᠤ ᠵᠢᠱᠢᠶ᠎ᠡ 1 ᠠᠴᠠ ᠳᠠᠪᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
︵2︶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠥᠷᠨᠢᠭᠦᠯᠬᠦ ᠴᠢᠬᠤᠯᠠᠲᠠᠢ ᠪᠤᠰᠤᠳ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
3 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠤᠳᠤᠷᠢᠳᠤᠯᠭ᠎ᠠ᠂ ᠵᠢᠯᠣᠭᠤᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠵᠣᠬᠢᠴᠠᠭᠤᠯᠤᠨ ᠨᠢᠭᠡᠳᠦᠭᠦᠯᠵᠦ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠬᠠᠮᠲᠤ ᠪᠠᠷ ᠠᠷᠭᠠᠴᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ᠃
ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠄ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ 〔 ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠭᠠᠨ᠎ᠠ᠂ ᠡᠭᠦᠨ ᠳᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶᠂ ᠶᠡᠷᠦᠩᠬᠡᠢ ᠡᠮᠨᠡᠯᠭᠡ ᠶᠢᠨ ᠬᠤᠷᠢᠶ᠎ᠠ᠂ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ᠂ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠵᠡᠷᠭᠡ ᠶᠢ ᠪᠠᠭᠲᠠᠭᠠᠨ᠎ᠠ 〕᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠪᠠᠭᠲᠠᠭᠠᠨ᠎ᠠ᠃
3.1 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ
ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠄ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠡᠷᠢᠭᠦᠯᠡᠭᠴᠢ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠨᠠᠷᠢᠨ ᠪᠢᠴᠢᠭ ᠤᠨ ᠳᠡᠳ᠋ ᠳᠠᠷᠤᠭ᠎ᠠ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ︶᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠠᠴᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠦᠬᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠢᠴᠢ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠤᠭ᠍ᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠠᠵᠢᠯ ᠢ ᠬᠠᠷᠢᠭᠤᠴᠠᠨ᠎ᠠ︔ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠠᠴᠠ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠬᠡᠯᠡᠵᠦ᠂ ᠬᠤᠯᠪᠣᠭᠳᠠᠯ ᠪᠦᠬᠦᠢ ᠭᠠᠵᠠᠷ ᠲᠠᠰᠤᠭ ᠪᠠ ᠬᠤᠯᠪᠣᠭᠳᠠᠯ ᠪᠦᠬᠦᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠠᠵᠢᠯ ᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠠᠩᠬᠢ ᠡᠩᠨᠡᠭᠡ ᠶᠢ ᠬᠠᠮᠢᠶᠠᠷᠬᠤ᠂ ᠵᠣᠬᠢᠶᠠᠨ ᠪᠠᠶᠢᠭᠤᠯᠵᠤ ᠬᠠᠷᠢᠯᠴᠠᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ᠂ ᠮᠡᠳᠡᠭᠡ ᠵᠠᠩᠬᠢ ᠶᠢ ᠴᠤᠭᠯᠠᠭᠤᠯᠬᠤ᠂ ᠮᠡᠷᠭᠡᠵᠢᠯ ᠴᠢᠳᠠᠪᠤᠷᠢ ᠶᠢᠨ ᠰᠣᠷᠢᠯᠲᠠ ᠬᠢᠬᠦ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃
ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠄ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠷᠠᠭᠠᠯᠵᠠᠭᠰᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠡᠯᠢᠶᠡᠳ ᠶᠡᠭᠡ ᠪᠠ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠲᠣᠰ ᠲᠣᠰ ᠤᠳᠤᠷᠢᠳᠤᠨ᠂ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠡᠭᠦᠷᠭᠡ ᠶᠢ ᠳᠠᠭᠠᠭᠠᠨ ᠡᠭᠦᠷᠬᠡᠯᠡᠬᠦ ᠶᠢᠨ ᠬᠠᠮᠲᠤ ᠨᠡᠷ᠎ᠡ ᠵᠢᠭᠠᠭᠰᠠᠨ ᠪᠠᠶᠢᠭᠤᠯᠤᠮᠵᠢ ᠪᠠᠷ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃
3.2 ᠲᠤᠰᠬᠠᠢ ᠮᠡᠷᠭᠡᠵᠢᠯᠲᠡᠨ ᠤ ᠳᠤᠭᠤᠶᠢᠯᠠᠩ
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠮᠡᠷᠭᠡᠵᠢᠯᠲᠡᠨ ᠤ ᠰᠠᠨᠠᠯ ᠵᠥᠪᠯᠡᠯᠭᠡ ᠥᠭᠬᠦ ᠺᠣᠮᠢᠰ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠰᠠᠨᠠᠯ ᠵᠥᠪᠯᠡᠯᠭᠡ ᠰᠠᠨᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠬᠠᠩᠭᠠᠨ᠎ᠠ᠃ ᠲᠤᠰᠬᠠᠢ ᠮᠡᠷᠭᠡᠵᠢᠯᠲᠡᠨ ᠤ ᠰᠠᠨᠠᠯ ᠵᠥᠪᠯᠡᠯᠭᠡ ᠥᠭᠬᠦ ᠺᠣᠮᠢᠰ ᠲᠤ 3 ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃
ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃
3.3 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ
ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠡᠭᠦᠷᠭᠡ ᠶᠢ ᠳᠠᠭᠠᠭᠠᠨ ᠡᠭᠦᠷᠬᠡᠯᠡᠨ᠎ᠡ᠃ ᠨᠢᠭᠡᠳᠦᠯᠲᠡᠢ ᠪᠠᠶᠢᠷᠢᠯᠠᠭᠤᠯᠬᠤ᠂ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭᠠᠷ᠂ ᠡᠯ᠎ᠡ ᠱᠠᠲᠤᠨ ᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠵᠢᠴᠢ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭ᠎ᠠ᠂ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠰᠢᠯᠵᠢᠭᠦᠯᠦᠨ ᠬᠦᠷᠭᠡᠬᠦ ᠡᠭᠦᠷᠭᠡ ᠶᠢ ᠳᠠᠭᠠᠭᠠᠨ ᠡᠭᠦᠷᠬᠡᠯᠡᠨ᠎ᠡ︔ ᠡᠯ᠎ᠡ ᠱᠠᠲᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ᠂ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ ᠨᠢ ᠰᠢᠷᠬᠠᠲᠤᠭᠰᠠᠳ ᠢ ᠬᠦᠯᠢᠶᠡᠨ ᠠᠪᠬᠤ ᠶᠢᠨ ᠬᠠᠮᠲᠤ ᠡᠮᠨᠡᠨ ᠰᠢᠢᠳᠪᠦᠷᠢᠯᠡᠬᠦ᠂ ᠠᠪᠤᠷᠠᠨ ᠵᠠᠰᠠᠬᠤ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠬᠤᠭᠤᠴᠠᠭᠠᠨ ᠳᠠᠬᠢ ᠴᠢᠰᠤᠨ ᠤ ᠬᠠᠩᠭᠠᠯᠲᠠ ᠪᠠ ᠴᠢᠰᠤᠨ ᠤ ᠢᠷᠡᠯᠲᠡ ᠶᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠰᠢᠷᠬᠠᠲᠤᠭᠰᠠᠳ ᠵᠢᠴᠢ ᠲᠡᠭᠦᠨ ᠤ ᠭᠡᠷ ᠤᠨ ᠬᠥᠮᠥᠰ᠂ ᠠᠪᠤᠷᠠᠨ ᠲᠤᠰᠠᠯᠠᠬᠤ ᠠᠵᠢᠯᠲᠠᠨ ᠤ ᠰᠡᠳᠭᠢᠴᠡ ᠶᠢᠨ ᠬᠢᠮᠤᠷᠠᠯ ᠢ ᠵᠢᠯᠣᠭᠤᠳᠤᠨ ᠨᠥᠯᠥᠭᠡᠯᠡᠬᠦ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠨᠢ ᠥᠪᠡᠷ ᠥᠪᠡᠷ ᠤᠨ ᠡᠭᠦᠷᠭᠡ ᠴᠢᠳᠠᠪᠤᠷᠢ ᠪᠠᠨ ᠦᠨᠳᠦᠰᠦᠯᠡᠵᠦ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠠᠬᠢ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃
3.4 ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠲᠤᠬᠠᠢ ᠶᠢᠨ ᠲᠠᠯᠠᠪᠠᠢ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠴᠢᠬᠤᠯᠠᠲᠠᠢ ᠦᠶ᠎ᠡ ᠳᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠲᠤᠬᠠᠢ ᠶᠢᠨ ᠲᠠᠯᠠᠪᠠᠢ ᠳᠠᠬᠢ ᠬᠠᠮᠤᠭ ᠤᠨ ᠳᠡᠭᠡᠳᠦ ᠵᠡᠷᠭᠡ ᠳᠡᠰ ᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠤᠶᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠵᠢᠭᠠᠭᠰᠠᠨ ᠬᠠᠷᠢᠭᠤᠴᠠᠯᠭᠠᠲᠠᠨ ᠨᠥᠬᠦᠳ ᠠᠴᠠ ᠵᠢᠯᠣᠭᠤᠳᠬᠤ ᠳᠠᠷᠤᠭ᠎ᠠ ᠶᠢᠨ ᠲᠤᠰᠢᠶᠠᠯ ᠢ ᠳᠠᠭᠠᠭᠠᠨ ᠡᠭᠦᠷᠬᠡᠯᠡᠵᠦ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠵᠢᠯᠣᠭᠤᠳᠴᠤ᠂ ᠵᠣᠬᠢᠴᠠᠭᠤᠯᠤᠨ᠎ᠠ᠃
4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠪᠠ ᠵᠣᠭᠰᠣᠭᠠᠬᠤ
4.1 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠶᠢ ᠳᠡᠰ ᠬᠤᠪᠢᠶᠠᠨ ᠳᠠᠭᠠᠬᠤ
4.1.1 Ⅰ ᠳᠡᠰ ᠤᠨ ᠳᠠᠭᠠᠬᠤ ᠠᠵᠢᠯᠯᠠᠭ᠎ᠠ
4.1.1.1 Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ
ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅰ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄
︵1︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵2︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵3︶ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵4︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠣᠨᠴᠠᠭᠠᠢ ᠬᠦᠨᠳᠦ ᠶᠡᠭᠡ ᠬᠡᠷᠡᠭ ︵ Ⅰ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
4.1.1.2 Ⅰ ᠳᠡᠰ ᠤᠨ ᠳᠠᠭᠠᠬᠤ ᠠᠵᠢᠯᠯᠠᠭᠠᠨ
ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠬᠤ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠵᠢᠯᠣᠭᠤᠳᠤᠯᠭ᠎ᠠ ᠳᠣᠣᠷ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢᠬᠠᠨ ᠡᠬᠢᠯᠡᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠠ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠨ ᠠᠪᠤᠷᠠᠨ ᠵᠠᠰᠠᠬᠤ ᠠᠵᠢᠯ ᠢ ᠥᠷᠨᠢᠭᠦᠯᠦᠨ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠠ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠲᠠᠯ᠎ᠠ ᠪᠠᠷ ᠰᠢᠮᠳᠠᠭᠤᠯᠤᠨ ᠵᠢᠯᠣᠭᠤᠳᠤᠯᠭ᠎ᠠ ᠬᠢᠬᠦ ᠶᠢ ᠬᠢᠨᠠᠮᠠᠭᠠᠢ ᠬᠦᠯᠢᠶᠡᠵᠦ᠂ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ ᠲᠤᠰᠠᠯᠠᠮᠵᠢ ᠶᠢ ᠣᠯᠬᠤ ᠪᠠᠷ ᠬᠦᠴᠦᠯᠡᠨ ᠴᠢᠷᠮᠠᠶᠢᠨ᠎ᠠ᠃
ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠨᠴᠠᠭᠠᠢ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃
4.1.2 Ⅱ ᠳᠡᠰ ᠤᠨ ᠳᠠᠭᠠᠬᠤ ᠠᠵᠢᠯᠯᠠᠭ᠎ᠠ
4.1.2.1 Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ
ᠳᠣᠣᠷ᠎ᠠ ᠵᠢᠭᠰᠠᠭᠠᠭᠰᠠᠨ ᠨᠦᠭᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅱ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄
︵1︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵2︶ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵3︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠦᠨᠳᠦ ᠶᠡᠭᠡ ᠬᠡᠷᠡᠭ ︵ Ⅱ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
4.1.2.2 Ⅱ ᠳᠡᠰ ᠤᠨ ᠳᠠᠭᠠᠬᠤ ᠠᠵᠢᠯᠯᠠᠭᠠᠨ
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠬᠦᠨᠳᠦ ᠶᠡᠭᠡ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠵᠤ᠂ ᠵᠣᠬᠢᠴᠠᠭᠤᠯᠤᠨ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠪᠠ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠬᠦᠷᠴᠦ ᠡᠮᠴᠢᠯᠡᠵᠦ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠭᠰᠠᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠬᠢ ᠰᠢᠮᠳᠠᠭᠤᠯᠤᠯ ᠵᠢᠯᠣᠭᠤᠳᠤᠯᠭ᠎ᠠ ᠶᠢ ᠬᠢᠨᠠᠮᠠᠭᠠᠢ ᠬᠦᠯᠢᠶᠡᠵᠦ᠂ ᠬᠡᠷᠡᠭᠴᠡᠭᠡ ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠳᠡᠪᠰᠢᠭᠦᠯᠵᠦ ᠤᠯᠤᠰ ᠤᠨ ᠲᠤᠰᠠᠯᠠᠮᠵᠢ ᠶᠢ ᠣᠯᠬᠤ ᠪᠠᠷ ᠬᠦᠴᠦᠯᠡᠨ ᠴᠢᠷᠮᠠᠶᠢᠨ᠎ᠠ᠃
ᠬᠡᠷᠡᠭ ᠭᠠᠷᠤᠭᠰᠠᠨ ᠭᠠᠵᠠᠷ ᠤᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠦᠨᠳᠦ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠤᠨ᠎ᠠ᠃
4.1.3 Ⅲ ᠳᠡᠰ ᠤᠨ ᠳᠠᠭᠠᠬᠤ ᠠᠵᠢᠯᠯᠠᠭ᠎ᠠ
4.1.3.1 Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ
ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅲ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄
︵1︶ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠶᠢᠮᠠᠭ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠨᠡᠯᠢᠶᠡᠳ ᠶᠡᠭᠡ ᠬᠡᠷᠡᠭ ︵Ⅲ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
4.1.3.2 Ⅲ ᠳᠡᠰ ᠤᠨ ᠳᠠᠭᠠᠬᠤ ᠠᠵᠢᠯᠯᠠᠭᠠᠨ
ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠨᠡᠯᠢᠶᠡᠳ ᠶᠡᠭᠡ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢᠬᠠᠨ ᠡᠬᠢᠯᠡᠭᠦᠯᠵᠦ᠂ ᠲᠤᠬᠠᠢ ᠶᠢᠨ ᠲᠠᠯᠠᠪᠠᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠰ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠨᠡᠯᠢᠶᠡᠳ ᠶᠡᠭᠡ ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠰᠢᠮᠳᠠᠭᠤᠯᠤᠨ ᠵᠢᠯᠣᠭᠤᠳᠴᠤ᠂ ᠴᠢᠬᠤᠯᠠᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠪᠠ ᠳᠡᠮᠵᠢᠯᠭᠡ ᠦᠵᠡᠭᠦᠯᠬᠦ ᠬᠡᠷᠡᠭᠲᠡᠢ᠃
4.1.4 Ⅳ ᠳᠡᠰ ᠤᠨ ᠳᠠᠭᠠᠬᠤ ᠠᠵᠢᠯᠯᠠᠭ᠎ᠠ
4.1.4.1 Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠬᠦ
ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤ ᠨᠢ ᠨᠡᠶᠢᠴᠡᠭᠰᠡᠨ ᠪᠠᠢᠪᠠᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ Ⅳ ᠳᠡᠰ ᠤᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄
︵1︶ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠴᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠬᠤᠰᠢᠭᠤ ᠰᠢᠶᠠᠨ ᠤ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠡᠬᠢᠯᠡᠭᠦᠯᠦᠭᠰᠡᠨ᠃
︵2︶ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩ ᠤᠨ ᠬᠡᠷᠡᠭ ︵Ⅳ ᠳᠡᠰ ︶ ᠤᠨ ᠳᠡᠰ ᠲᠤ ᠨᠡᠶᠢᠴᠡᠭᠰᠡᠨ ᠪᠤᠰᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ᠃
4.1.4.2 Ⅳ ᠳᠡᠰ ᠤᠨ ᠳᠠᠭᠠᠬᠤ ᠠᠵᠢᠯᠯᠠᠭᠠᠨ
ᠬᠤᠰᠢᠭᠤ ᠰᠢᠶᠠᠨ ︵ᠬᠤᠲᠠ᠂ ᠲᠣᠭᠤᠷᠢᠭ︶ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠬᠣᠯᠪᠣᠭᠳᠠᠯ ᠪᠦᠬᠦᠢ ᠵᠢᠭᠠᠪᠤᠷᠢ᠂ ᠨᠡᠪᠲᠡᠷᠡᠭᠦᠯᠭᠡ ᠪᠤᠶᠤ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢᠬᠠᠨ ᠡᠬᠢᠯᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠲᠤᠬᠠᠢ ᠶᠢᠨ ᠲᠠᠯᠠᠪᠠᠢ ᠶᠢᠨ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠢ ᠨᠤᠲᠠᠯᠠᠨ ᠲᠣᠭᠲᠠᠭᠠᠬᠤ ᠪᠠ ᠦᠨᠡᠯᠡᠨ ᠵᠢᠱᠢᠬᠦ ᠶᠢᠨ ᠬᠠᠮᠲᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠦᠨ᠎ᠡ᠃
ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠴᠢᠬᠤᠯᠠᠲᠠᠢ ᠦᠶ᠎ᠡ ᠳᠤ ᠳᠠᠷᠤᠢ ᠲᠦᠷᠭᠡᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ ᠮᠡᠷᠭᠡᠵᠢᠯ ᠤᠨ ᠵᠢᠯᠣᠭᠤᠳᠤᠯᠭ᠎ᠠ ᠥᠭᠬᠦ ᠬᠡᠷᠡᠭᠲᠡᠢ᠃
4.2 ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠵᠢᠴᠢ ᠵᠢᠯᠣᠭᠤᠳᠤᠯᠭ᠎ᠠ
ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠠᠪᠤᠷᠠᠨ ᠲᠤᠰᠠᠯᠠᠬᠤ ᠵᠠᠷᠯᠢᠭ ᠵᠢᠭᠠᠪᠤᠷᠢ ᠶᠢ ᠲᠣᠰᠣᠭᠰᠠᠨ ᠤ ᠳᠠᠷᠠᠭ᠎ᠠ ᠴᠠᠭ ᠲᠤᠬᠠᠢ ᠳᠤ ᠨᠢ ᠲᠤᠬᠠᠢ ᠶᠢᠨ ᠲᠠᠯᠠᠪᠠᠢ ᠳᠤ ᠬᠦᠷᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠪᠠᠶᠢᠳᠠᠯ ᠢ ᠦᠨᠳᠦᠰᠦᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠠᠪᠤᠴᠠ ᠳᠤ᠂ ᠢᠳᠡᠪᠬᠢᠲᠡᠢ ᠪᠠᠷ ᠠᠪᠤᠷᠠᠨ ᠵᠠᠰᠠᠬᠤ ᠬᠡᠷᠡᠭᠲᠡᠢ ᠮᠥᠷᠲᠡᠭᠡᠨ ᠥᠪᠡᠷ ᠢ ᠪᠠᠨ ᠬᠠᠮᠠᠭᠠᠯᠠᠬᠤ ᠶᠢ ᠪᠠᠰᠠ ᠠᠩᠬᠠᠷᠴᠤ᠂ ᠠᠮᠤᠷ ᠲᠦᠪᠰᠢᠨ ᠢᠶᠠᠨ ᠦᠨᠡᠨ ᠬᠦ ᠪᠠᠲᠤᠯᠠᠬᠤ ᠬᠡᠷᠡᠭᠲᠡᠢ᠃
ᠲᠤᠬᠠᠢ ᠶᠢᠨ ᠲᠠᠯᠠᠪᠠᠢ ᠶᠢᠨ ᠪᠠᠶᠢᠳᠠᠯ ᠢ ᠴᠠᠭ ᠲᠤᠬᠠᠢ ᠳᠤ ᠨᠢ ᠣᠨᠣᠪᠴᠢᠲᠠᠢ ᠪᠠᠷ ᠡᠵᠡᠮᠰᠢᠨ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠵᠤ ᠵᠢᠯᠣᠭᠤᠳᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠤᠰᠢᠭᠤ ᠲᠦᠷᠭᠡᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠪᠠᠷ ᠶᠠᠪᠤᠭᠳᠠᠭᠤᠯᠬᠤ ᠶᠢᠨ ᠲᠤᠰᠠᠳᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠳᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠢ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠠᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠬᠦᠷᠴᠦ᠂ ᠡᠮᠦᠨ᠎ᠡ ᠹᠷᠤᠨᠲ ᠲᠤ ᠬᠦᠷᠴᠦ ᠵᠢᠯᠣᠭᠤᠳᠴᠤ᠂ ᠳᠤᠮᠳᠠᠬᠢ ᠭᠤᠭᠴᠤᠭ᠎ᠠ ᠶᠢ ᠪᠠᠭᠠᠰᠬᠠᠨ᠂ ᠰᠢᠢᠳᠪᠦᠷᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠵᠦ᠂ ᠲᠤᠬᠠᠢ ᠶᠢᠨ ᠲᠠᠯᠠᠪᠠᠢ ᠶᠢᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃
4.2.1 ᠲᠤᠬᠠᠢ ᠶᠢᠨ ᠲᠠᠯᠠᠪᠠᠢ ᠳᠤ ᠲᠦᠷᠭᠡᠨ ᠠᠪᠤᠷᠠᠬᠤ
ᠲᠤᠬᠠᠢ ᠶᠢᠨ ᠲᠠᠯᠠᠪᠠᠢ ᠳᠤ ᠬᠥᠷᠥᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠲᠤᠬᠠᠢ ᠶᠢᠨ ᠲᠠᠯᠠᠪᠠᠢ ᠶᠢᠨ ᠲᠤᠰᠬᠠᠢ ᠠᠪᠤᠷᠠᠨ ᠲᠤᠰᠠᠯᠠᠬᠤ ᠠᠩᠬᠢ ᠯᠤᠭ᠎ᠠ ᠵᠣᠬᠢᠴᠠᠯᠳᠤᠨ ᠬᠠᠮᠵᠢᠯᠴᠠᠵᠤ᠂ ᠰᠢᠷᠬᠠᠲᠤᠭᠰᠠᠳ ᠢ ᠳᠠᠷᠤᠢ ᠲᠦᠷᠭᠡᠨ ᠠᠶᠤᠯᠲᠠᠢ ᠣᠷᠣᠨ ᠠᠴᠠ ᠰᠢᠯᠵᠢᠭᠦᠯᠦᠨ ᠵᠥᠭᠡᠭᠡᠵᠦ ᠭᠠᠷᠭᠠᠨ᠂ ︽ ᠤᠷᠢᠳ ᠢᠶᠠᠷ ᠠᠮᠢ ᠶᠢ ᠨᠢ ᠠᠪᠤᠷᠠᠵᠤ ᠳᠠᠷᠠᠭ᠎ᠠ ᠨᠢ ᠰᠢᠷᠬ᠎ᠠ ᠶᠢ ᠨᠢ ᠠᠨᠠᠭᠠᠬᠤ᠂ ᠤᠷᠢᠳ ᠢᠶᠠᠷ ᠬᠦᠨᠳᠦ ᠰᠢᠷᠬᠠᠲᠤᠭᠰᠠᠨ ᠢ ᠨᠢ ᠳᠠᠷᠠᠭ᠎ᠠ ᠨᠢ ᠬᠥᠩᠭᠡᠨ ᠰᠢᠷᠬᠠᠲᠤᠭᠰᠠᠨ ᠢ ᠨᠢ ᠠᠪᠤᠷᠠᠬᠤ︾ ᠵᠠᠷᠴᠢᠮ ᠢᠶᠠᠷ ᠠᠵᠢᠯ ᠢᠶᠠᠨ ᠥᠷᠨᠢᠭᠦᠯᠦᠨ᠂ ᠣᠯᠠᠨ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ ᠰᠢᠷᠬᠠᠲᠠᠨ ᠡᠪᠡᠳᠴᠢᠲᠡᠨ ᠤ ᠰᠢᠷᠬ᠎ᠠ ᠶᠢ ᠨᠢ ᠪᠠᠢᠴᠠᠭᠠᠬᠤ ᠳ᠋ᠤ ᠪᠠᠨ ᠲᠥᠷᠥᠯ ᠬᠤᠪᠢᠶᠠᠨ᠂ ︽ ᠨᠣᠭᠤᠭᠠᠨ᠂ ᠰᠢᠷ᠎ᠠ᠂ ᠤᠯᠠᠭᠠᠨ᠂ ᠬᠠᠷ᠎ᠠ︾ ᠳᠥᠷᠪᠡᠨ ᠵᠦᠢᠯ ᠤᠨ ᠥᠩᠭᠡ ᠪᠠᠷ ᠲᠣᠰ ᠲᠣᠰ ᠬᠥᠩᠭᠡᠨ᠂ ᠬᠦᠨᠳᠦ᠂ ᠬᠦᠨᠳᠦ ᠲᠦᠭᠰᠢᠭᠦᠷᠢ ᠲᠠᠢ ᠰᠢᠷᠬᠠᠲᠠᠨ ᠡᠪᠡᠳᠴᠢᠲᠡᠨ ᠪᠠ ᠨᠠᠰᠤ ᠪᠠᠷᠠᠭᠰᠠᠨ ᠬᠥᠮᠥᠰ ᠲᠤ ᠢᠯᠭᠠᠬᠤ ᠲᠡᠮᠳᠡᠭ ︵ᠰᠦᠯᠢᠶᠣᠣ ᠮᠠᠲ᠋ᠧᠷᠢᠶᠠᠯ ᠤᠨ ᠪᠠᠭᠤᠪᠴᠢ ᠪᠠᠷ ᠲᠥᠷᠥᠯ ᠬᠤᠪᠢᠶᠠᠬᠤ ᠲᠡᠮᠳᠡᠭ ᠢ ᠵᠣᠬᠢᠶᠠᠨ᠎ᠠ︶ ᠬᠠᠳᠠᠵᠤ᠂ ᠰᠢᠷᠬᠠᠲᠠᠨ ᠡᠪᠡᠳᠴᠢᠲᠡᠨ ᠪᠤᠶᠤ ᠨᠠᠰᠤ ᠪᠠᠷᠠᠭᠰᠠᠨ ᠬᠥᠮᠥᠰ ᠤᠨ ᠪᠠᠭᠤᠤ ᠪᠤᠶᠤ ᠰᠢᠯᠪᠢ ᠶᠢᠨ ᠬᠡᠰᠡᠭ ᠲᠤ ᠵᠠᠩᠭᠢᠳᠤᠨ᠂ ᠳᠠᠷᠠᠭᠠᠴᠢ ᠶᠢᠨ ᠠᠪᠤᠷᠠᠨ ᠵᠠᠰᠠᠯᠲᠠ ᠳᠤ ᠢᠯᠭᠠᠨ ᠲᠠᠨᠢᠬᠤ ᠪᠤᠶᠤ ᠵᠣᠬᠢᠬᠤ ᠠᠷᠭ᠎ᠠ ᠬᠡᠮᠵᠢᠶ᠎ᠡ ᠠᠪᠬᠤ ᠳᠤ ᠳᠥᠭᠦᠮ ᠦᠵᠡᠭᠦᠯᠦᠨ᠎ᠡ᠃
4.2.2 ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ
ᠲᠤᠬᠠᠢ ᠶᠢᠨ ᠲᠠᠯᠠᠪᠠᠢ ᠶᠢᠨ ᠣᠷᠴᠢᠨ ᠨᠢ ᠲᠦᠭᠰᠢᠭᠦᠷᠢᠲᠡᠢ ᠪᠤᠶᠤ ᠰᠢᠷᠬᠠᠲᠠᠨ ᠡᠪᠡᠳᠴᠢᠲᠡᠨ ᠤ ᠪᠠᠶᠢᠳᠠᠯ ᠨᠢ ᠠᠷᠠᠢ ᠪᠣᠯᠣᠮᠠᠷ ᠪᠣᠯ᠂ ᠰᠢᠷᠬᠠᠲᠠᠨ ᠡᠪᠡᠳᠴᠢᠲᠡᠨ ᠢ ᠲᠦᠷᠭᠡᠬᠡᠨ ᠰᠢᠯᠵᠢᠭᠦᠯᠦᠨ ᠵᠥᠭᠡᠭᠡᠬᠦ ᠶᠢᠨ ᠬᠠᠮᠲᠤ ᠳᠣᠣᠷᠠᠬᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠄
︵1︶ ᠨᠢᠭᠡᠨᠲᠡ ᠰᠢᠷᠬ᠎ᠠ ᠶᠢ ᠨᠢ ᠪᠠᠶᠢᠴᠠᠭᠠᠵᠤ ᠲᠥᠷᠥᠯ ᠬᠤᠪᠢᠶᠠᠭᠠᠳ ᠰᠢᠯᠵᠢᠭᠦᠯᠦᠨ ᠵᠥᠭᠡᠭᠡᠬᠦ ᠪᠠᠷ ᠪᠠᠶᠢᠭ᠎ᠠ ᠰᠢᠷᠬᠠᠲᠠᠨ ᠡᠪᠡᠳᠴᠢᠲᠡᠨ ᠳᠤ ᠳᠠᠬᠢᠨᠲᠠ ᠪᠠᠶᠢᠴᠠᠭᠠᠯᠲᠠ ᠬᠢᠨ᠎ᠡ᠃ ᠬᠥᠳᠡᠯᠦᠮᠡᠯ ᠴᠢᠨᠠᠷᠲᠠᠢ ᠴᠢᠰᠤ ᠶᠡᠭᠡ ᠭᠠᠷᠤᠭᠰᠠᠨ ᠪᠤᠶᠤ ᠰᠢᠯᠵᠢᠭᠦᠯᠦᠨ ᠵᠥᠭᠡᠭᠡᠬᠦ ᠵᠠᠮ ᠳᠤ ᠪᠠᠨ ᠠᠮᠢ ᠨᠠᠰᠤᠨ ᠤ ᠠᠶᠤᠯ ᠲᠦᠭᠰᠢᠭᠦᠷᠢ ᠭᠠᠷᠬᠤ ᠪᠣᠯᠣᠮᠵᠢ ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠤᠷᠢᠳ ᠢᠶᠠᠷ ᠲᠤᠬᠠᠢ ᠶᠢᠨ ᠭᠠᠵᠠᠷ ᠲᠤ ᠨᠢ ᠲᠦᠷᠭᠡᠨ ᠠᠪᠤᠷᠠᠵᠤ᠂ ᠡᠮᠴᠢᠯᠡᠨ ᠵᠠᠰᠠᠵᠦ᠂ ᠴᠢᠬᠤᠯᠠ ᠪᠦᠬᠦᠢ ᠵᠠᠰᠠᠯᠲᠠ ᠬᠢᠭᠰᠡᠨ ᠤ ᠳᠠᠷᠠᠭ᠎ᠠ ᠰᠠᠶ᠋ᠢ ᠬᠠᠷᠠᠭᠠᠯᠵᠠᠨ ᠬᠠᠮᠠᠭᠠᠯᠠᠭᠰᠠᠨ ᠤᠷᠢᠳᠠᠯ ᠳᠣᠣᠷ᠎ᠠ ᠰᠢᠯᠵᠢᠭᠦᠯᠦᠨ ᠵᠥᠭᠡᠭᠡᠨ᠎ᠡ᠃
︵2︶ ᠰᠢᠯᠵᠢᠭᠦᠯᠦᠨ ᠵᠥᠭᠡᠭᠡᠬᠦ ᠺᠠᠷᠲ ᠢ ᠬᠢᠨᠠᠮᠠᠭᠠᠢ ᠲᠠᠭᠯᠠᠵᠤ ᠬᠦᠯᠢᠶᠡᠨ ᠠᠪᠬᠤ ᠡᠮᠴᠢᠯᠡᠭᠡᠨ ᠤ ᠪᠠᠶᠢᠭᠤᠯᠤᠮᠵᠢ ᠳᠤ ᠲᠤᠰᠢᠶᠠᠨ ᠥᠭᠬᠦ ᠶᠢᠨ ᠬᠠᠮᠲᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃
︵3︶ ᠰᠢᠯᠵᠢᠭᠦᠯᠦᠨ ᠵᠥᠭᠡᠭᠡᠬᠦ ᠶᠠᠪᠤᠴᠠ ᠳᠤ ᠡᠮᠴᠢ ᠰᠤᠪᠢᠯᠠᠭᠴᠢ ᠨᠠᠷ ᠡᠮᠴᠢᠯᠡᠭᠡᠨ ᠤ ᠴᠢᠩᠭᠡᠯᠢᠭ ᠲᠤ ᠰᠢᠷᠬᠠᠲᠠᠨ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠡᠷᠬᠡᠪᠰᠢ ᠨᠢᠭᠲᠠ ᠠᠵᠢᠶᠠᠷᠠᠬᠤ ᠶᠢᠨ ᠬᠠᠮᠲᠤ ᠡᠮᠴᠢᠯᠡᠭᠡ ᠵᠠᠰᠠᠯᠲᠠ ᠶᠢᠨ ᠦᠷᠭᠦᠯᠵᠢᠯᠡᠨ ᠶᠠᠪᠤᠭᠳᠠᠬᠤ ᠶᠢ ᠦᠨᠡᠨ ᠬᠦ ᠪᠠᠲᠤᠯᠠᠨ᠎ᠠ᠃
︵4︶ ᠰᠢᠯᠵᠢᠭᠦᠯᠦᠨ ᠵᠥᠭᠡᠭᠡᠬᠦ ᠶᠠᠪᠤᠴᠠ ᠳᠤ ᠰᠢᠨᠵᠢᠯᠡᠬᠦ ᠤᠬᠠᠭᠠᠨᠴᠢ ᠪᠠᠷ ᠡᠪᠲᠡᠢ ᠵᠥᠭᠡᠭᠡᠪᠦᠷᠢᠯᠡᠵᠦ᠂ ᠬᠤᠶᠠᠳᠠᠬᠢ ᠤᠳᠠᠭᠠᠨ ᠤ ᠭᠡᠮᠲᠤᠯ ᠭᠠᠷᠬᠤ ᠠᠴᠠ ᠵᠠᠶᠢᠯᠠᠰᠭᠢᠬᠦ ᠬᠡᠷᠡᠭᠲᠡᠢ᠃
︵5︶ ᠰᠢᠷᠬᠠᠲᠠᠨ ᠡᠪᠡᠳᠴᠢᠲᠡᠨ ᠢ ᠵᠣᠬᠢᠰᠲᠠᠢ ᠰᠠᠯᠭᠠᠨ ᠲᠣᠬᠢᠷᠠᠭᠤᠯᠬᠤ ᠪᠤᠶᠤ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠷ᠎ᠡ ᠵᠢᠭᠠᠭᠰᠠᠨ ᠴᠡᠭ ᠢᠶᠠᠷ ᠰᠢᠯᠵᠢᠭᠦᠯᠦᠨ ᠵᠥᠭᠡᠭᠡᠵᠦ᠂ ᠶᠠᠮᠠᠷᠪᠠ ᠡᠮᠴᠢᠯᠡᠭᠡᠨ ᠤ ᠪᠠᠶᠢᠭᠤᠯᠤᠮᠵᠢ ᠭᠡᠳ ᠶᠠᠮᠠᠷ ᠨᠢᠭᠡᠨ ᠰᠢᠯᠲᠠᠭᠠᠨ ᠢᠶᠠᠷ ᠰᠢᠷᠬᠠᠲᠠᠨ ᠡᠪᠡᠳᠴᠢᠲᠡᠨ ᠢ ᠬᠦᠯᠢᠶᠡᠨ ᠠᠪᠬᠤ ᠪᠠ ᠡᠮᠴᠢᠯᠡᠬᠦ ᠶᠢ ᠲᠡᠪᠴᠢᠵᠦ ᠪᠣᠯᠬᠤ ᠦᠭᠡᠢ᠃
4.3 ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠠᠵᠢᠯ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠠᠶᠢᠳᠠᠯ ᠢ ᠦᠨᠳᠦᠰᠦᠯᠡᠨ ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶᠢᠭᠤᠯᠤᠮᠵᠢ ᠪᠠ ᠠᠵᠢᠯᠲᠠᠨ ᠢ ᠵᠣᠬᠢᠶᠠᠨ ᠪᠠᠶᠢᠭᠤᠯᠵᠤ᠂ ᠰᠡᠳᠭᠢᠴᠡ ᠶᠢᠨ ᠬᠢᠮᠤᠷᠠᠯ ᠢ ᠵᠢᠯᠣᠭᠣᠳᠤᠨ ᠨᠥᠯᠥᠭᠡᠯᠡᠬᠦ᠂ ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ ᠪᠠ ᠦᠨᠡᠯᠡᠯᠲᠡ ᠬᠢᠬᠦ᠂ ᠡᠷᠡᠭᠦᠯ ᠬᠠᠮᠠᠭᠠᠯᠠᠯ ᠤᠨ ᠬᠠᠥᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ ᠥᠷᠨᠢᠭᠦᠯᠵᠦ᠂ ᠪᠦᠲᠦᠮᠵᠢᠲᠡᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠠᠪᠴᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠣᠭᠰᠠᠨ ᠳᠠᠭᠠᠯᠲᠠ ᠪᠤᠶᠤ ᠡᠭᠦᠰᠦᠮᠡᠯ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠵᠦ᠂ ᠶᠡᠭᠡ ᠭᠠᠮᠰᠢᠭ ᠤᠨ ᠳᠠᠷᠠᠭ᠎ᠠ ᠶᠡᠭᠡ ᠬᠢᠵᠢᠭ ᠡᠪᠡᠳᠴᠢᠨ ᠳᠡᠯᠭᠡᠷᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃
4.4 ᠮᠡᠳᠡᠭᠡ ᠵᠠᠩᠬᠢ ᠶᠢ ᠮᠡᠳᠡᠭᠦᠯᠬᠦ ᠪᠠ ᠨᠡᠶᠢᠲᠡᠯᠡᠬᠦ
ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠪᠠ ᠪᠤᠰᠤᠳ ᠡᠮᠴᠢᠯᠡᠭᠡᠨ ᠤ ᠪᠠᠶᠢᠭᠤᠯᠤᠮᠵᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠳᠠᠷᠤᠢ ᠲᠦᠷᠭᠡᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠠᠷᠭᠡ ᠪᠠᠶᠢᠳᠠᠯ ᠢ ᠳᠠᠷᠤᠢᠬᠠᠨ ᠬᠡᠷᠡᠭ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠪᠠᠷ ᠪᠠᠶᠢᠭᠤᠯᠤᠭᠰᠠᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠲᠤ ᠮᠡᠳᠡᠭᠦᠯᠦᠨ᠎ᠡ᠃
ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠭᠠᠵᠠᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠳᠠᠭᠠᠭᠠᠨ ᠡᠭᠦᠷᠬᠡᠯᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠨ᠂ ᠡᠳᠦᠷ ᠪᠦᠷᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠷᠬᠠᠲᠠᠨ ᠡᠪᠡᠳᠴᠢᠲᠡᠨ ᠤ ᠪᠠᠶᠢᠳᠠᠯ᠂ ᠡᠮᠴᠢᠯᠡᠵᠦ ᠠᠪᠤᠷᠠᠨ ᠵᠠᠰᠠᠵᠤ ᠪᠠᠶᠢᠭ᠎ᠠ ᠠᠬᠢᠴᠠ ᠵᠡᠷᠭᠡ ᠶᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ ᠮᠡᠳᠡᠭᠦᠯᠦᠯᠲᠡ ᠲᠣᠰᠣᠭᠰᠠᠨ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠭᠠᠵᠠᠷ ᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠦᠨ᠎ᠡ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠮᠡᠳᠡᠭᠡ ᠵᠠᠩᠬᠢ ᠶᠢ ᠨᠡᠶᠢᠲᠡᠯᠡᠬᠦ ᠠᠵᠢᠯ ᠢ ᠨᠢ ᠬᠠᠮᠵᠢᠯᠴᠠᠵᠤ ᠰᠠᠶᠢᠲᠤᠷ ᠬᠢᠨ᠎ᠡ᠃
4.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠶᠢ ᠳᠡᠰ ᠳᠡᠪᠰᠢᠭᠦᠯᠬᠦ ᠪᠠ ᠵᠣᠭᠰᠣᠭᠠᠬᠤ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠴᠠᠭ ᠮᠥᠴᠡ ᠶᠢ ᠳᠠᠭᠠᠯᠳᠤᠨ ᠤᠯᠠᠷᠢᠨ ᠬᠤᠪᠢᠰᠴᠤ᠂ ᠬᠦᠨᠳᠦ ᠨᠣᠴᠢ ᠶᠢᠨ ᠪᠠ ᠬᠥᠨᠥᠭᠡᠯ ᠤᠨ ᠬᠡᠮᠵᠢᠶ᠎ᠡ ᠴᠦ ᠤᠯᠠᠮ ᠨᠢᠭᠡ ᠠᠯᠬᠤᠮ ᠰᠢᠷᠦᠭᠦᠰᠬᠦ ᠶᠢᠨ ᠬᠠᠮᠲᠤ ᠦᠷᠪᠢᠰᠦᠨ ᠳᠡᠯᠭᠡᠷᠡᠬᠦ ᠬᠠᠨᠳᠤᠰᠢ ᠢᠯᠡᠷᠡᠬᠦ ᠪᠤᠶᠤ ᠪᠠᠶᠢᠳᠠᠯ ᠨᠢ ᠪᠤᠳᠤᠯᠢᠶᠠᠨᠲᠠᠢ ᠪᠣᠯᠵᠤ ᠬᠤᠷᠢᠭᠯᠠᠬᠤ ᠳᠤ ᠪᠡᠷᠬᠡ ᠪᠣᠯᠪᠠᠯ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠡᠷᠭᠡ ᠳᠡᠰ ᠢ ᠴᠠᠭ ᠲᠤᠬᠠᠢ ᠳᠤ ᠨᠢ ᠳᠡᠭᠡᠭᠰᠢᠯᠡᠭᠦᠯᠬᠦ ᠬᠡᠷᠡᠭᠲᠡᠢ᠃
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ ᠡᠮᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠢ ᠠᠪᠤᠷᠠᠨ ᠵᠠᠰᠠᠯᠲᠠ ᠶᠢ ᠬᠦᠯᠢᠶᠡᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠠᠳᠠᠯᠢ ᠱᠠᠲᠤᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠪᠤᠶᠤ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠵᠦ ᠪᠣᠯᠬᠤ ᠶᠢᠨ ᠬᠠᠮᠲᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠶᠢ ᠵᠣᠭᠰᠣᠭᠠᠭᠰᠠᠨ ᠮᠡᠳᠡᠭᠡ ᠵᠠᠩᠬᠢ ᠶᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ᠎ᠡ᠃
5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠪᠣᠯ ᠤᠯᠤᠰ ᠤᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠤᠷᠢᠭᠯᠠᠬᠤ ᠲᠣᠭᠲᠠᠯᠴᠠᠭᠠᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ︽ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠵᠤ᠂ ᠰᠢᠨᠲᠠᠷᠠᠰᠢ ᠦᠭᠡᠢ ᠪᠠᠶᠢᠩᠭᠤ ᠪᠡᠯᠡᠳᠭᠡᠬᠦ︾ ᠵᠠᠷᠴᠢᠮ ᠢ ᠵᠢᠷᠤᠮᠯᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠵᠣᠬᠢᠶᠠᠨ ᠪᠠᠶᠢᠭᠤᠯᠤᠯᠲᠠ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠪᠠᠶᠢᠭᠤᠯᠵᠤ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠷᠭᠡᠵᠢᠯ ᠤᠨ ᠲᠥᠰᠥᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃
5.1 ᠮᠡᠳᠡᠭᠡ ᠵᠠᠩᠬᠢ ᠶᠢᠨ ᠰᠢᠰᠲ᠋ᠧᠮ ᠤᠨ ᠪᠠᠲᠤᠯᠠᠭ᠎ᠠ
ᠣᠳᠣᠬᠢ ᠪᠠᠶᠢᠭ᠎ᠠ ᠡᠬᠢ ᠪᠠᠶᠠᠯᠢᠭ ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠬᠢᠴᠢᠯᠠᠯᠲᠠ ᠶᠢᠨ ᠮᠡᠷᠭᠡᠵᠢᠯ ᠢ ᠭᠦᠢᠴᠡᠳ ᠬᠡᠷᠡᠭᠯᠡᠵᠦ᠂ ᠥᠨᠳᠥᠷ ᠪᠦᠲᠦᠮᠵᠢᠲᠡᠢ ᠪᠥᠭᠡᠳ ᠨᠢᠭᠡᠳᠦᠯᠲᠡᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠬᠠᠮᠢᠶ᠎ᠠ ᠪᠦᠬᠦᠢ ᠮᠡᠳᠡᠭᠡ ᠵᠠᠩᠬᠢ ᠶᠢ ᠴᠠᠭ ᠲᠤᠬᠠᠢ ᠳᠤ ᠨᠢ ᠂ ᠣᠨᠣᠪᠴᠢᠲᠠᠢ ᠡᠵᠡᠮᠰᠢᠨ᠂ ᠲᠡᠷᠡ ᠳᠠᠷᠤᠢ ᠪᠠᠴᠢᠮ ᠪᠠᠶᠢᠳᠠᠯ ᠢ ᠠᠷᠭᠠᠴᠠᠭᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠵᠦ᠂ ᠵᠠᠷᠯᠢᠭ ᠵᠢᠭᠠᠪᠤᠷᠢ ᠨᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠬᠡᠰᠡᠭ ᠵᠤᠷᠪᠤᠰ ᠨᠢ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠪᠠᠶᠢᠬᠤ ᠶᠢ ᠦᠨᠡᠨ ᠬᠦ ᠪᠠᠲᠤᠯᠠᠨ᠎ᠠ᠃
5.2 ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢᠨ ᠪᠠᠲᠤᠯᠠᠭ᠎ᠠ
︽ ᠲᠦᠷᠭᠡᠨ ᠠᠪᠤᠷᠠᠯᠳᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠪᠠ ︽ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠡᠮᠴᠢᠯᠡᠭᠡᠨ ᠤ ᠲᠦᠷᠭᠡᠨ ᠠᠪᠤᠷᠠᠬᠤ ᠬᠠᠮᠢᠶᠠᠷᠤᠯᠲᠠ ᠶᠢᠨ ᠠᠷᠭ᠎ᠠ︾ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠥᠪ ᠤᠨ ᠪᠠᠶᠢᠭ᠎ᠠ ᠭᠠᠵᠠᠷ ᠦᠢᠯᠡᠴᠢᠯᠡᠬᠦ ᠬᠥᠮᠥᠨ ᠠᠮᠠ ᠶᠢᠨ ᠲᠤᠭ᠎ᠠ ᠪᠠ ᠡᠮᠴᠢᠯᠡᠵᠦ ᠠᠪᠤᠷᠠᠨ ᠵᠠᠰᠠᠬᠤ ᠬᠡᠷᠡᠭᠴᠡᠭᠡ ᠪᠠᠨ ᠦᠨᠳᠦᠰᠦᠯᠡᠵᠦ᠂ ᠵᠣᠬᠢᠬᠤ ᠬᠡᠪᠴᠢᠶ᠎ᠡ ᠲᠠᠢ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ᠢ 1 ᠪᠠᠶᠢᠭᠤᠯᠬᠤ ᠶᠢᠨ ᠬᠠᠮᠲᠤ᠂ ᠲᠦᠷᠭᠡᠨ ᠠᠪᠤᠷᠠᠯᠳᠠ ᠶᠢᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ︔ ᠪᠤᠰᠤᠳ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠶᠡᠷᠦᠩᠬᠡᠶᠢᠯᠡᠭᠰᠡᠨ ᠬᠦᠴᠦᠨ ᠢᠶᠠᠷ ᠨᠡᠯᠢᠶᠡᠳ ᠴᠢᠩᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠵᠣᠬᠢᠬᠤ ᠬᠡᠪᠴᠢᠶ᠎ᠡ ᠲᠠᠢ ᠲᠦᠷᠭᠡᠨ ᠠᠪᠤᠷᠠᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃
5.3 ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠪᠠᠶᠢᠭᠤᠯᠤᠮᠵᠢ ᠶᠢᠨ ᠪᠠᠲᠤᠯᠠᠭ᠎ᠠ
ᠤᠯᠤᠰ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ ᠡᠩ ᠤᠨ ᠦᠶ᠎ᠡ ᠪᠠ ᠪᠠᠴᠢᠮ ᠦᠶ᠎ᠡ ᠶᠢ ᠤᠶᠠᠯᠳᠤᠭᠤᠯᠬᠤ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠤᠭᠤᠲᠤ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠴᠥᠮ᠎ᠡ ᠪᠠ ᠰᠠᠴᠤᠷᠠᠭ ᠤᠨ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠪᠠᠶᠢᠭᠤᠯᠤᠮᠵᠢ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ ᠲᠣᠬᠢᠷᠠᠭᠤᠯᠤᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠥᠷᠪᠡᠳᠦᠭᠡᠷ ᠡᠮᠨᠡᠯᠭᠡ ᠶᠢᠨ ᠬᠤᠷᠢᠶᠠᠨ ᠳᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠮᠢ ᠶᠢᠨ ᠬᠤᠣᠷᠳᠠᠯ ᠤᠨ ᠡᠮᠴᠢᠯᠡᠭᠡᠨ ᠤ ᠠᠪᠤᠷᠠᠨ ᠵᠠᠰᠠᠬᠤ ᠰᠠᠭᠤᠷᠢᠨ ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠲᠣᠬᠢᠷᠠᠭᠤᠯᠤᠨ᠎ᠠ᠃ ᠪᠤᠰᠤᠳ ᠭᠠᠵᠠᠷ ᠣᠷᠣᠨ ᠨᠢ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠲᠦᠰᠢᠭᠯᠡᠵᠦ ᠬᠢᠮᠢ ᠶᠢᠨ ᠬᠤᠣᠷᠳᠠᠯ᠂ ᠴᠥᠮ᠎ᠡ ᠪᠠ ᠰᠠᠴᠤᠷᠠᠭ ᠤᠨ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠤᠰᠬᠠᠢ ᠰᠠᠯᠠᠭ᠎ᠠ ᠲᠠᠰᠤᠭ ᠪᠠᠶᠢᠭᠤᠯᠬᠤ ᠬᠡᠷᠡᠭᠲᠡᠢ᠃
5.4 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠶᠢᠨ ᠪᠠᠲᠤᠯᠠᠭ᠎ᠠ
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠠᠩᠬᠢ ᠶᠢ 4 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠠᠨᠠᠭᠠᠬᠤ ᠤᠬᠠᠭᠠᠨ ᠤ ᠡᠮᠨᠡᠯᠭᠡ ᠶᠢᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠳᠤ ᠲᠣᠰ ᠲᠣᠰ ᠲᠣᠬᠢᠷᠠᠭᠤᠯᠤᠨ᠎ᠠ︔ ᠰᠡᠳᠭᠢᠴᠡ ᠶᠢᠨ ᠬᠢᠮᠤᠷᠠᠯ ᠢ ᠵᠢᠯᠣᠭᠣᠳᠤᠨ ᠨᠥᠯᠥᠭᠡᠯᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠲᠤ ᠲᠣᠬᠢᠷᠠᠭᠤᠯᠤᠨ᠎ᠠ︔ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠪᠠᠲᠤᠯᠠᠭᠠᠨ ᠤ ᠲᠥᠪ ᠲᠤ ᠲᠣᠬᠢᠷᠠᠭᠤᠯᠤᠨ᠎ᠠ︔ ᠭᠡᠨᠡᠳᠲᠡ ᠶᠢᠨ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠶᠡᠷᠦᠩᠬᠡᠶᠢᠯᠡᠭᠰᠡᠨ ᠲᠥᠪ ᠲᠤ ᠲᠣᠬᠢᠷᠠᠭᠤᠯᠤᠨ᠎ᠠ︔ ᠬᠢᠲᠠᠳ ᠠᠨᠠᠭᠠᠬᠤ ᠤᠬᠠᠭᠠᠨ ᠤ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ 1 ᠲᠣᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠳᠤ ᠲᠣᠬᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠦᠨᠳᠦ ᠶᠡᠭᠡ ᠵᠢᠴᠢ ᠲᠡᠭᠦᠨ ᠠᠴᠠ ᠬᠦᠨᠳᠦ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠ ᠣᠷᠣᠨ ᠤ ᠭᠠᠳᠠᠨᠠᠬᠢ ᠤᠯᠤᠰ ᠠᠴᠠ ᠲᠣᠬᠢᠷᠠᠭᠤᠯᠤᠨ ᠲᠣᠮᠢᠯᠠᠭᠰᠠᠨ ᠳᠡᠮᠵᠢᠨ ᠲᠤᠰᠠᠯᠠᠬᠤ ᠠᠵᠢᠯᠯᠠᠭ᠎ᠠ ᠶᠢ ᠡᠭᠦᠷᠬᠡᠯᠡᠬᠦ ᠶᠢᠨ ᠬᠠᠮᠲᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠴᠤ ᠪᠠᠶᠢᠭᠠᠳ ᠨᠡᠯᠢᠶᠡᠳ ᠶᠡᠭᠡ ᠵᠢᠴᠢ ᠲᠡᠭᠦᠨ ᠠᠴᠠ ᠬᠥᠩᠭᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠰᠠᠶᠢᠲᠤᠷ ᠬᠢᠯᠭᠡᠨ᠎ᠡ᠃
ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠶᠡᠷᠦᠩᠬᠡᠶᠢᠯᠡᠭᠰᠡᠨ ᠴᠢᠨᠠᠷᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭ ᠬᠤᠪᠢᠶᠠᠷᠢ ᠠᠩᠬᠢ ︵ᠠᠶᠢᠮᠠᠭ ᠬᠤᠲᠠ ᠶᠢᠨ ᠱᠠᠲᠤᠨ ᠤ ᠬᠢ 50 ᠬᠥᠮᠥᠨ ᠠᠴᠠ ᠳᠤᠲᠠᠭᠤ ᠪᠠᠶᠢᠯᠭᠠᠬᠤ ᠦᠭᠡᠢ᠂ ᠬᠤᠰᠢᠭᠤ ᠰᠢᠶᠠᠨ ᠤ ᠱᠠᠲᠤᠨ ᠤ ᠬᠢ 20 ᠬᠥᠮᠥᠨ ᠠᠴᠠ ᠳᠤᠲᠠᠭᠤ ᠪᠠᠶᠢᠯᠭᠠᠬᠤ ᠦᠭᠡᠢ︶ ᠶᠢ ᠲᠣᠬᠢᠷᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠤᠨ ᠣᠨᠴᠠᠯᠢᠭ ᠢ ᠨᠢ ᠦᠨᠳᠦᠰᠦᠯᠡᠨ᠂ ᠣᠨᠴᠠᠭᠠᠢ ᠲᠤᠰᠬᠠᠢ ᠮᠡᠷᠭᠡᠵᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠩᠬᠢ ᠶᠢ ᠪᠠᠶᠢᠭᠤᠯᠤᠨ᠎ᠠ᠃
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯᠲᠠᠨ ᠤ ᠬᠤᠪᠢᠷᠠᠯᠲᠠ ᠪᠠ ᠪᠣᠳᠠᠲᠠᠢ ᠪᠠᠨ ᠦᠨᠳᠦᠰᠦᠯᠡᠵᠦ᠂ 3 ᠵᠢᠯ ᠪᠦᠷᠢ ᠨᠢᠭᠡ ᠤᠳᠠᠭ᠎ᠠ ᠡᠩᠨᠡᠭᠡ ᠶᠢᠨ ᠪᠦᠷᠢᠯᠳᠦᠭᠦᠨ ᠢᠶᠠᠨ ᠲᠣᠬᠢᠷᠠᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠬᠤ ᠶᠢᠨ ᠬᠠᠮᠲᠤ᠂ ᠬᠠᠮᠢᠶᠠᠷᠤᠯᠲᠠ ᠪᠠᠨ ᠴᠢᠩᠳᠠᠯᠠᠵᠤ᠂ ᠪᠣᠯᠪᠠᠰᠤᠷᠠᠯ ᠪᠠ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠤᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
5.5 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠩᠬᠢ᠂ ᠪᠠᠲᠤᠯᠠᠭᠠᠨ ᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠵᠢᠯᠣᠭᠤᠳᠬᠤ ᠭᠠᠵᠠᠷ ᠤᠨ ᠨᠢᠭᠡᠳᠦᠯᠲᠡᠢ ᠵᠢᠭᠠᠨ ᠵᠢᠯᠣᠭᠤᠳᠤᠯᠭ᠎ᠠ ᠲᠣᠬᠢᠷᠠᠭᠤᠯᠤᠯᠲᠠ ᠳᠣᠣᠷ᠎ᠠ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ︔ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠪᠡᠯᠡᠳᠭᠡᠯ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠵᠦ ᠲᠣᠰ ᠰᠠᠯᠠᠭ᠎ᠠ ᠮᠥᠴᠢᠷ᠂ ᠲᠣᠰ ᠨᠢᠭᠡᠴᠢ ᠶᠢᠨ ᠣᠨ ᠤ ᠰᠣᠷᠢᠯᠲᠠ ᠶᠢᠨ ᠲᠥᠯᠥᠪᠯᠡᠭᠡ ᠪᠠᠨ ᠲᠣᠭᠲᠠᠭᠠᠵᠤ᠂ ᠰᠢᠷᠡᠭᠡᠨ ᠤ ᠰᠣᠷᠢᠯᠲᠠ ᠪᠤᠶᠤ ᠪᠣᠳᠠᠲᠤ ᠪᠠᠶᠢᠯᠳᠤᠭᠠᠨ ᠤ ᠰᠣᠷᠢᠯᠲᠠ᠂ ᠬᠡᠰᠡᠭ ᠴᠢᠳᠠᠮᠵᠢ ᠶᠢᠨ ᠰᠣᠷᠢᠯᠲᠠ ᠪᠤᠶᠤ ᠪᠥᠬᠦ ᠲᠠᠯ᠎ᠠ ᠶᠢᠨ ᠰᠣᠷᠢᠯᠲᠠ ᠵᠡᠷᠭᠡ ᠬᠡᠯᠪᠡᠷᠢ ᠶᠢ ᠠᠪᠴᠤ ᠪᠣᠯᠣᠨ᠎ᠠ᠃ ᠰᠣᠷᠢᠯᠲᠠ ᠳᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ᠂ ᠵᠣᠬᠢᠶᠠᠨ ᠪᠠᠶᠢᠭᠤᠯᠵᠤ ᠬᠠᠮᠢᠶᠠᠷᠬᠤ᠂ ᠲᠦᠷᠭᠡᠨ ᠲᠤᠰᠬᠠᠯ ᠭᠠᠷᠭᠠᠬᠤ ︵ᠠᠩᠬᠢ ᠶᠢᠨ ᠴᠤᠭᠯᠠᠷᠠᠬᠤ᠂ ᠲᠤᠬᠠᠢ ᠶᠢᠨ ᠲᠠᠯᠠᠪᠠᠢ ᠳᠤ ᠨᠢ ᠠᠪᠤᠷᠠᠨ ᠵᠠᠰᠠᠬᠤ᠂ ᠰᠢᠷᠬᠠᠲᠤᠭᠰᠠᠳ ᠢ ᠰᠢᠯᠵᠢᠭᠦᠯᠦᠨ ᠵᠥᠭᠡᠭᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠵᠠᠰᠠᠬᠤ ᠵᠡᠷᠭᠡ︶᠂ ᠡᠳ᠋ ᠪᠠᠷᠠᠭ᠎ᠠ ᠨᠦᠬᠡᠴᠡᠯᠡᠬᠦ᠂ ᠰᠠᠯᠠᠭ᠎ᠠ ᠮᠥᠴᠢᠷ ᠢ ᠵᠣᠬᠢᠴᠠᠭᠤᠯᠬᠤ᠂ ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠮᠡᠳᠡᠭᠡ ᠵᠠᠩᠬᠢᠴᠢᠯᠠᠯᠲᠠ ᠶᠢᠨ ᠬᠠᠮᠵᠢᠯᠴᠠᠭ᠎ᠠ ᠵᠡᠷᠭᠡ ᠠᠭᠤᠯᠭ᠎ᠠ ᠲᠠᠢ ᠬᠤᠯᠪᠣᠭᠳᠠᠭᠤᠯᠬᠤ ᠬᠡᠷᠡᠭᠲᠡᠢ᠃
ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠰᠣᠷᠢᠯᠲᠠ ᠳᠤ ᠣᠯᠠᠨ ᠨᠡᠶᠢᠲᠡ ᠣᠷᠣᠯᠴᠠᠬᠤ ᠴᠢᠬᠤᠯᠠᠲᠠᠢ ᠪᠣᠯ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
5.6 ᠡᠳ᠋ ᠪᠠᠷᠠᠭ᠎ᠠ ᠨᠥᠭᠡᠴᠡᠯᠡᠬᠦ ᠪᠠᠲᠤᠯᠠᠭ᠎ᠠ
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠯᠡᠭᠦᠷ᠂ ᠲᠥᠬᠦᠭᠡᠷᠦᠮᠵᠢ᠂ ᠲᠦᠷᠭᠡᠨ ᠪᠠᠶᠢᠴᠠᠭᠠᠨ ᠬᠡᠮᠵᠢᠬᠦ ᠬᠡᠷᠡᠭᠰᠡᠯ ᠪᠠ ᠤᠷᠪᠠᠯᠵᠢ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠵᠡᠷᠭᠡ ᠡᠳ᠋ ᠪᠠᠷᠠᠭᠠᠨ ᠤ ᠨᠦᠬᠡᠴᠡᠯᠡᠬᠦ ᠲᠥᠯᠥᠪᠯᠡᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ︵ᠡᠳ᠋ ᠪᠠᠷᠠᠭ᠎ᠠ ᠨᠦᠬᠡᠴᠡᠯᠡᠬᠦ︶᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠵᠡᠷᠭᠡ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠦᠢᠯᠡᠳᠪᠦᠷᠢᠯᠡᠬᠦ᠂ ᠨᠦᠬᠡᠴᠡᠯᠡᠬᠦ ᠪᠠ ᠲᠣᠬᠢᠷᠠᠭᠤᠯᠤᠨ ᠵᠥᠭᠡᠭᠡᠪᠦᠷᠢᠯᠡᠬᠦ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠬᠠᠩᠭᠠᠯᠭ᠎ᠠ ᠶᠢ ᠪᠠᠲᠤᠯᠠᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠨ᠎ᠠ᠃ ᠡᠮ ᠡᠮᠨᠡᠯᠭᠡ ᠶᠢᠨ ᠨᠦᠬᠡᠴᠡ ᠡᠳ᠋ ᠪᠠᠷᠠᠭᠠᠨ ᠤ ᠨᠦᠬᠡᠴᠡᠯᠡᠬᠦ᠂ ᠬᠡᠷᠡᠭᠯᠡᠬᠦ ᠶᠢ ︽ ᠤᠯᠤᠰ ᠤᠨ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ ᠠᠷᠭ᠎ᠠ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮ ᠡᠮᠨᠡᠯᠭᠡ ᠶᠢᠨ ᠨᠦᠬᠡᠴᠡᠯᠡᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ ᠬᠡᠷᠡᠭᠵᠢᠭᠦᠯᠦᠨ᠎ᠡ᠃
5.7 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ
ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠠᠴᠠ ᠡᠭᠦᠷᠬᠡᠯᠡᠪᠡᠰᠦ ᠵᠣᠬᠢᠬᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠬᠢᠬᠦ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠬᠡᠷᠡᠭᠰᠡᠬᠦ ᠴᠢᠬᠤᠯᠠᠲᠠᠢ ᠵᠠᠷᠤᠳᠠᠯ ᠢ ᠨᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ᠂ ᠵᠠᠷᠤᠳᠠᠯ ᠤᠨ ᠬᠡᠷᠡᠭᠯᠡᠭᠡᠨ ᠤ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃
ᠪᠠᠶᠢᠭᠠᠯᠢ ᠶᠢᠨ ᠭᠠᠢ ᠭᠠᠮᠰᠢᠭ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠡᠯ᠎ᠡ ᠱᠠᠲᠤᠨ ᠤ ᠡᠳ᠋ ᠤᠨ ᠵᠠᠰᠠᠭ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠮᠴᠢᠯᠡᠵᠦ ᠠᠪᠤᠷᠠᠨ ᠵᠠᠰᠠᠬᠤ ᠵᠠᠷᠤᠳᠠᠯ ᠢ ᠡᠭᠦᠷᠬᠡᠯᠡᠬᠦ ᠪᠤᠶᠤ ᠨᠥᠬᠦᠪᠦᠷᠢ ᠣᠯᠭᠤᠨ᠎ᠠ᠃
ᠠᠶᠤᠯ ᠦᠭᠡᠢ ᠦᠢᠯᠡᠳᠪᠦᠷᠢᠯᠡᠯ ᠤᠨ ᠠᠳᠡᠯ ᠠᠴᠠ ᠪᠣᠯᠵᠤ ᠬᠥᠮᠥᠨ ᠬᠠᠷ᠎ᠠ ᠦᠬᠦᠵᠦ ᠰᠢᠷᠬᠠᠲᠤᠪᠠᠯ᠂ ᠠᠳᠡᠯ ᠭᠠᠷᠤᠭᠰᠠᠨ ᠨᠢᠭᠡᠴᠢ ᠨᠢ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠳᠡᠭᠡ︶ ᠪᠤᠶᠤ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠠᠪᠤᠴᠠ ᠳᠤ ᠡᠭᠦᠰᠦᠭᠰᠡᠨ ᠵᠠᠷᠤᠳᠠᠯ ᠢ ᠲᠥᠯᠥᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠮᠳᠠᠭᠤᠯᠤᠨ ᠨᠠᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃
ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠡᠭᠦᠰᠦᠭᠰᠡᠨ ᠬᠥᠮᠥᠨ ᠬᠠᠷ᠎ᠠ ᠶᠢᠨ ᠦᠬᠦᠯ ᠰᠢᠷᠬᠠᠲᠤᠯ ᠢ ᠪᠣᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠬᠠᠷᠢᠭᠤᠴᠠᠯᠭᠠᠲᠤ ᠨᠢᠭᠡᠴᠢ ᠪᠤᠶᠤ ᠬᠠᠷᠢᠭᠤᠴᠠᠯᠭᠠᠲᠠᠨ ᠠᠴᠠ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠢ ᠨᠢ ᠡᠭᠦᠷᠬᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠮᠳᠠᠭᠤᠯᠤᠨ ᠨᠠᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠳᠤ ᠨᠥᠬᠦᠪᠦᠷᠢ ᠣᠯᠭᠤᠵᠤ ᠪᠣᠯᠣᠨ᠎ᠠ᠃
ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠡᠶ᠎ᠡ ᠮᠠᠬᠠᠪᠤᠳ᠂ ᠡᠮᠴᠢᠯᠡᠭᠡ᠂ ᠡᠷᠡᠭᠦᠯ ᠮᠡᠨᠳᠦ ᠵᠡᠷᠭᠡ ᠳᠠᠭᠠᠳᠬᠠᠯ ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ ᠲᠤ ᠳᠠᠭᠠᠳᠬᠠᠯ ᠤᠨ ᠲᠥᠯᠥᠪᠦᠷᠢ ᠥᠭᠬᠦ ᠠᠵᠢᠯ ᠢ ᠰᠠᠶᠢᠲᠤᠷ ᠬᠢᠨ᠎ᠡ᠃
5.8 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ
ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠩᠬᠢ ᠨᠢ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠪᠤᠷᠠᠨ ᠰᠤᠪᠢᠯᠠᠬᠤ ᠲᠡᠷᠭᠡ ᠬᠥᠰᠭᠡ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠲᠣᠬᠢᠷᠠᠭᠤᠯᠤᠨ᠎ᠠ᠃
ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ︵ᠵᠠᠮ ᠬᠠᠷᠢᠯᠴᠠᠭᠠᠨ ᠤ ᠬᠠᠮᠢᠶᠠᠷᠤᠯᠲᠠ︶ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠥᠮᠥᠰ ᠪᠠ ᠡᠳ᠋ ᠪᠠᠷᠠᠭ᠎ᠠ ᠲᠡᠭᠡᠭᠡᠪᠦᠷᠢᠯᠡᠬᠦ ᠶᠢ ᠤᠷᠢᠳ ᠢᠶᠠᠷ ᠪᠠᠶᠢᠷᠢᠯᠠᠭᠤᠯᠵᠤ᠂ ᠤᠷᠢᠳ ᠢᠶᠠᠷ ᠲᠣᠬᠢᠷᠠᠭᠤᠯᠬᠤ᠂ ᠤᠷᠢᠳ ᠢᠶᠠᠷ ᠶᠠᠪᠤᠭᠤᠯᠬᠤ ᠶᠢ ᠪᠠᠲᠤᠯᠠᠵᠤ᠂ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠳᠠᠯ ᠣᠨᠴᠠᠭᠠᠢ ᠪᠠᠴᠢᠮ ᠦᠶ᠎ᠡ ᠳᠤ᠂ ᠲᠤᠬᠠᠢ ᠶᠢᠨ ᠲᠠᠯᠠᠪᠠᠢ ᠵᠢᠴᠢ ᠬᠠᠮᠢᠶ᠎ᠠ ᠪᠦᠬᠦᠢ ᠵᠠᠮ ᠨᠡᠪᠲᠡᠷᠡᠯᠭᠡ ᠳᠤ ᠵᠠᠮ ᠬᠠᠷᠢᠯᠴᠠᠭᠠᠨ ᠤ ᠬᠠᠮᠢᠶᠠᠷᠤᠨ ᠬᠤᠷᠢᠭᠯᠠᠯᠲᠠ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ︽ ᠰᠠᠭᠠᠳ ᠦᠭᠡᠢ ᠨᠡᠪᠲᠡᠷᠡᠬᠦ ᠵᠠᠮ︾ ᠭᠠᠷᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃
5.9 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ
ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠠᠢ ᠶᠢᠨ ᠠᠮᠤᠷ ᠢ ᠬᠠᠮᠠᠭᠠᠯᠠᠬᠤ ᠡᠮᠬᠢ ᠳᠢᠭᠯᠢᠮ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠬᠠᠢ ᠶᠢᠨ ᠲᠠᠯᠠᠪᠠᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢ ᠨᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠯᠡᠭᠦᠷ ᠪᠠ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠬᠠᠮᠢᠶᠠᠷᠤᠯᠲᠠ ᠲᠠᠯᠪᠢᠬᠤ ᠶᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠨᠢ ︽ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠶᠡᠷᠦᠩᠬᠡᠢ ᠨᠡᠶᠢᠭᠡᠮᠯᠢᠭ ᠤᠨ ᠪᠠᠶᠢᠭᠠᠯᠢ ᠶᠢᠨ ᠭᠠᠢ ᠭᠠᠮᠰᠢᠭ ᠪᠠ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ︾ ᠶᠣᠰᠣᠭᠠᠷ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠪᠠᠶᠢᠭᠠᠳ ᠲᠤᠬᠠᠢ ᠶᠢᠨ ᠲᠠᠯᠠᠪᠠᠢ ᠳᠤ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠡᠭᠦᠨ ᠤ ᠬᠠᠮᠲᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠤᠷᠢᠶᠠᠯᠠᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠬᠠᠨᠳᠢᠪ ᠢ ᠬᠠᠥᠯᠢ ᠶᠣᠰᠣᠭᠠᠷ ᠬᠦᠯᠢᠶᠡᠨ᠂ ᠪᠠᠴᠢᠮ ᠱᠠᠭᠠᠷᠳᠠᠭᠳᠠᠬᠤ ᠬᠦᠮᠦᠯᠢᠭ ᠦᠵᠡᠯ ᠤᠨ ᠲᠤᠰᠠᠯᠠᠮᠵᠢ ᠬᠠᠩᠭᠠᠨ᠎ᠠ᠃
ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠴᠡᠷᠢᠭ ᠠᠩᠬᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠴᠢ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠬᠥᠮᠥᠰ ᠪᠠ ᠬᠦᠴᠦᠨ ᠢ ᠵᠣᠬᠢᠶᠠᠨ ᠪᠠᠶᠢᠭᠤᠯᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠢ ᠳᠡᠮᠵᠢᠬᠦ ᠪᠠ ᠲᠡᠭᠦᠨ ᠳᠤ ᠬᠠᠮᠵᠢᠯᠴᠠᠨ᠎ᠠ᠃
ᠬᠥᠬᠡᠬᠤᠲᠠ ᠪᠣᠭᠤᠮᠲᠠ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠭᠠᠳᠠᠭᠠᠳᠤ ᠠᠴᠠ ᠣᠷᠣᠭᠤᠯᠬᠤ ᠣᠨᠴᠠ ᠵᠦᠢᠯ ᠤᠨ ᠡᠮ ᠤᠨ ᠵᠦᠢᠯ᠂ ᠤᠷᠪᠠᠯᠵᠢ᠂ ᠪᠠᠭᠠᠵᠢ ᠬᠡᠷᠡᠭᠰᠡᠯ ᠢ ᠤᠷᠢᠳ ᠢᠶᠠᠷ ᠪᠣᠭᠤᠮᠲᠠ ᠪᠠᠷ ᠨᠡᠪᠲᠡᠷᠡᠭᠦᠯᠵᠦ ᠪᠠᠶᠢᠴᠠᠭᠠᠨ ᠰᠢᠯᠭᠠᠵᠤ ᠥᠩᠭᠡᠷᠡᠭᠦᠯᠬᠦ ᠠᠵᠢᠯ ᠢ ᠬᠠᠷᠢᠭᠤᠴᠠᠨ᠎ᠠ᠃
6 ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠣᠯᠠᠨ ᠨᠡᠶᠢᠲᠡ ᠣᠷᠣᠯᠴᠠᠬᠤ
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠮᠡᠳᠡᠯᠭᠡ ᠶᠢᠨ ᠲᠦᠭᠡᠮᠡᠯᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠡ︔ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠭᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠨᠢ ᠨᠡᠶᠢᠭᠡᠮ ᠨᠡᠶᠢᠲᠡ ᠳᠠᠬᠢ ᠤᠬᠠᠭᠤᠯᠭ᠎ᠠ ᠬᠥᠮᠥᠵᠢᠯ ᠢᠶᠠᠨ ᠥᠷᠭᠡᠳᠬᠡᠬᠦ ᠬᠡᠷᠡᠭᠲᠡᠢ︔ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠨᠢ ᠬᠠᠷᠢᠶᠠᠲᠤ ᠬᠥᠮᠥᠰ ᠢᠶᠠᠨ ᠤᠬᠠᠭᠤᠯᠤᠨ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ︔ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠤᠬᠠᠭᠤᠯᠬᠤ ᠮᠠᠲ᠋ᠧᠷᠢᠶᠠᠯ ᠢ ᠬᠠᠩᠭᠠᠬᠤ ᠪᠠ ᠪᠠᠭᠰᠢ ᠶᠢᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠥᠷᠭᠡᠨ ᠬᠡᠪᠴᠢᠶ᠎ᠡ ᠪᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠮᠤᠷ ᠲᠦᠪᠰᠢᠨ ᠢ ᠬᠠᠮᠠᠭᠠᠯᠠᠭᠴᠢ ᠪᠠ ᠡᠷᠡᠭᠦᠯ ᠬᠠᠮᠠᠭᠠᠯᠠᠭᠴᠢ ᠪᠠᠷ ᠭᠤᠣᠯᠯᠠᠬᠤ ᠬᠦᠴᠦᠨ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠵᠣᠬᠢᠶᠠᠨ ᠪᠠᠶᠢᠭᠤᠯᠤᠨ᠂ ᠪᠣᠯᠪᠠᠰᠤᠷᠠᠯ ᠪᠠ ᠰᠣᠷᠢᠯᠲᠠ ᠪᠠᠷ ᠳᠠᠮᠵᠢᠨ ᠲᠡᠳᠡᠨ ᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃
7 ᠳᠠᠭᠠᠯᠳᠤᠭᠤᠯᠤᠯ
7.1 ᠬᠠᠷᠢᠭᠤᠴᠠᠯᠭ᠎ᠠ ᠪᠠ ᠱᠠᠩᠨᠠᠯ ᠲᠣᠷᠭᠠᠭᠤᠯᠢ
ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠠᠪᠤᠷᠠᠨ ᠲᠤᠰᠠᠯᠠᠬᠤ ᠠᠵᠢᠯ ᠨᠢ ᠬᠠᠷᠢᠭᠤᠴᠠᠯᠭᠠᠲᠤ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃
ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠯ ᠣᠯᠭᠤᠨ᠎ᠠ᠃
ᠬᠠᠷᠢᠭᠤᠴᠠᠯᠭ᠎ᠠ ᠪᠠᠨ ᠠᠯᠳᠠᠵᠤ᠂ ᠲᠤᠰᠢᠶᠠᠯ ᠢᠶᠠᠨ ᠭᠤᠲᠤᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠂ ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
7.2 ᠪᠡᠯᠡᠳᠭᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ
ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠵᠤ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠨ᠎ᠡ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ ᠨᠡᠶᠢᠲᠡᠯᠡᠵᠦ ᠪᠣᠯᠣᠨ᠎ᠠ᠃
ᠲᠣᠰ ᠪᠡᠯᠡᠳᠭᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠶᠠᠪᠤᠴᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠴᠠᠭ ᠲᠤᠬᠠᠢ ᠳᠤ ᠨᠢ ᠵᠠᠰᠠᠪᠤᠷᠢ ᠣᠷᠣᠭᠤᠯᠵᠤ᠂ ᠨᠥᠬᠦᠪᠦᠷᠢᠯᠡᠨ᠎ᠡ᠃
7.3 ᠪᠡᠯᠡᠳᠭᠡᠯ ᠲᠥᠰᠥᠯ ᠳᠤ ᠲᠠᠶᠢᠯᠪᠤᠷᠢ ᠥᠭᠬᠦ ᠰᠠᠯᠠᠭ᠎ᠠ ᠮᠥᠴᠢᠷ
ᠲᠣᠰ ᠪᠡᠯᠡᠳᠭᠡᠯ ᠲᠥᠰᠥᠯ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃
7.4 ᠪᠡᠯᠡᠳᠭᠡᠯ ᠲᠥᠰᠥᠯ ᠤᠨ ᠬᠡᠷᠡᠭᠵᠢᠭᠦᠯᠬᠦ ᠬᠤᠭᠤᠴᠠᠭ᠎ᠠ
ᠲᠣᠰ ᠪᠡᠯᠡᠳᠭᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ﹀ ᠪᠠ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠲᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ 〔2006〕 364 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃
2023 ᠤᠨ ᠤ 12 ᠳ᠋ᠤᠭᠠᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ