ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2024/4/26

        4 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢᠨ ᠠᠭᠤᠰᠤᠯᠴᠠᠨ ᠬᠥᠭᠵᠢᠬᠦ ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠰᠥᠪᠯᠡᠵᠦ ᠲᠥᠯᠥᠪᠯᠡᠬᠦ ᠪᠠᠨ ᠴᠢᠩᠭᠠᠳᠬᠠᠨ᠂ ᠪᠥᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠤᠯᠤᠰ ᠠᠴᠠ ᠥᠪᠥᠷ ᠮᠣᠩᠭᠤᠯ ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠪᠣᠯᠣᠨ ᠠᠵᠢᠯ ᠤᠨ ᠲᠣᠭᠲᠠᠴᠠ ᠶᠢ ᠬᠢᠨᠠᠨ ᠵᠥᠪᠯᠡᠵᠦ ᠪᠠᠲᠤᠯᠠᠨ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠳᠠᠷᠤᠢ ᠲᠦᠷᠭᠡᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠰᠠᠨᠠᠯ ᠪᠣᠯᠣᠨ ᠬᠠᠮᠲᠤ ᠶᠢᠨ ᠣᠢ ᠰᠢᠭᠤᠢ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠥᠯ ᠢ ᠰᠤᠳᠤᠯᠵᠤ᠂ ᠣᠶᠢᠲᠤ ᠭᠠᠵᠠᠷ᠂ ᠡᠪᠡᠰᠦ ᠪᠡᠯᠴᠢᠭᠡᠷ᠂ ᠲᠠᠷᠢᠶᠠᠨ ᠭᠠᠵᠠᠷ ᠤᠨ ᠦᠨᠳᠦᠰᠦᠨ ᠬᠡᠮᠵᠢᠶ᠎ᠡ ᠶᠢ ᠲᠣᠳᠣᠷᠬᠠᠢ ᠣᠶᠢᠯᠠᠭᠠᠵᠤ᠂ ᠣᠢ ᠰᠢᠭᠤᠢ ᠶᠢᠨ ᠠᠵᠤ ᠠᠬᠤᠢ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠵᠢᠯ ᠢ ᠠᠮᠢᠳᠤᠯᠢᠭ ᠬᠢᠵᠦ᠂ ᠣᠯᠠᠨ ᠲᠦᠮᠡᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠦᠨᠡᠨ ᠠᠴᠠ ᠵᠥᠪ ᠢ ᠡᠷᠢᠨ ᠰᠠᠶᠢᠲᠤᠷ ᠬᠢᠵᠦ᠂ ᠲᠠᠷᠢᠶᠠᠯᠠᠩ ᠪᠠ ᠠᠵᠤ ᠦᠢᠯᠡᠰᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠥᠯ ᠪᠠ ︽ᠨᠢᠭᠡ ᠶᠠᠪᠤᠳᠠᠯ ᠢ ᠥᠨᠳᠥᠷ ᠪᠦᠲᠦᠮᠵᠢᠲᠡᠢ ᠪᠦᠲᠦᠭᠡᠬᠦ︾ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠣᠯᠠᠨ ᠲᠦᠮᠡᠨ ᠤ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠦᠢᠯᠡᠰ ᠢ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠳᠥᠭᠦᠮ ᠦᠵᠡᠭᠦᠯᠵᠦ᠂ ᠠᠵᠤ ᠠᠬᠤᠶᠢᠯᠠᠯ ᠤᠨ ᠲᠤᠰᠬᠠᠭᠰᠠᠨ ᠳᠠᠩᠰᠠᠯᠠᠭᠤᠯᠬᠤ᠂ ᠬᠤᠪᠢᠷᠠᠭᠤᠯᠬᠤ᠂ ᠳᠠᠩᠰᠠᠯᠠᠨ ᠲᠡᠮᠳᠡᠭᠯᠡᠭᠦᠯᠬᠦ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃

ᠬᠤᠷᠠᠯ ᠠᠴᠠ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠥᠭᠴᠡᠭᠡ ᠶᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠦᠷᠢᠨᠰᠢᠭᠦᠯᠬᠦ᠂ ︽ᠳᠥᠷᠪᠡᠨ ᠨᠢᠭᠡ ᠪᠦᠯᠦᠭ︾ ᠤᠨ ᠥᠷᠢ ᠥᠭᠴᠡᠭᠡ ᠶᠢ ᠠᠷᠢᠯᠭᠠᠬᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠵᠡᠷᠭᠡ ᠲᠥᠰᠥᠯ ᠢ ᠬᠢᠨᠠᠨ ᠵᠥᠪᠯᠡᠵᠦ ᠪᠠᠲᠤᠯᠠᠭᠠᠳ᠂᠂ ᠡᠷᠴᠢᠮ ᠢᠶᠠᠨ ᠴᠢᠩᠭᠠᠷᠠᠭᠤᠯᠵᠤ ᠦᠨᠳᠦᠰᠦᠨ ᠱᠠᠲᠤ ᠶᠢ ᠬᠠᠪᠰᠤᠷᠤᠨ ᠥᠷᠢ ᠥᠭᠴᠡᠭᠡ ᠶᠢ ᠠᠷᠢᠯᠭᠠᠵᠤ᠂ ︽ᠨᠠᠢᠮᠠ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠨᠡ ᠵᠢᠯ ᠥᠷᠢ ᠥᠭᠴᠡᠭᠡ ᠶᠢᠨ ᠲᠦᠭᠰᠢᠭᠦᠷᠢ ᠶᠡᠬᠡᠲᠡᠢ ᠮᠤᠵᠢ ᠶᠢᠨ ᠡᠩᠨᠡᠭᠡ ᠠᠴᠠ ᠭᠠᠷᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠣᠭᠲᠠᠭᠠᠯ ᠢ ᠬᠢᠨᠠᠨ ᠵᠥᠪᠯᠡᠵᠦ ᠪᠠᠲᠤᠯᠠᠨ᠂ ᠨᠡᠶᠢᠭᠡᠮ ᠤᠨ ᠢᠲᠡᠭᠡᠮᠵᠢ ᠶᠢᠨ ᠳᠦᠷᠢᠮ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ᠂ ᠤᠰᠤ ᠬᠥᠷᠥᠰᠥ ᠶᠢᠨ ᠬᠠᠮᠠᠭᠠᠯᠠᠯᠲᠠ ᠶᠢᠨ ᠳᠦᠷᠢᠮ ᠵᠡᠷᠭᠡ 3 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠰᠤᠳᠤᠯᠵᠤ᠂ ᠲᠡᠷᠢᠭᠦᠨ ᠵᠡᠷᠭᠡ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠰᠥᠯ ᠢ ᠬᠢᠨᠠᠨ ᠵᠥᠪᠯᠡᠵᠦ ᠪᠠᠲᠤᠯᠠᠪᠠ᠃

ᠬᠤᠷᠠᠯ ᠠᠴᠠ ᠪᠠᠰᠠ ᠢᠳᠡᠭᠡᠨ ᠤ ᠠᠮᠤᠷ ᠲᠦᠪᠰᠢᠨ ᠤ ᠬᠢᠨᠠᠨ ᠰᠢᠯᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ