ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠴᠢᠨᠠᠭᠰᠢᠳᠠ ᠤᠯᠠᠮ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠪᠠ ᠵᠣᠯ ᠵᠢᠷᠭᠠᠯᠲᠤ ᠠᠮᠢᠳᠤᠷᠠᠯ ᠳᠤ ᠲᠤᠰᠠᠯᠠᠬᠤ ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠦᠷᠭᠦᠯᠵᠢᠯᠡᠨ ᠡᠷᠴᠢᠮᠵᠢᠭᠦᠯᠵᠦ ᠂ 2024 ᠣᠨ ᠳᠤ ᠨᠢᠭᠡᠨᠲᠡ 46.55 ᠳ᠋ᠦᠩᠰᠢᠭᠤᠷ ᠲᠥᠭᠦᠷᠢᠭ ᠤᠨ ᠬᠤᠯᠪᠣᠭᠳᠠᠯ ᠪᠥᠬᠦᠶ ᠨᠥᠬᠦᠪᠥᠷᠢ ᠪᠠᠯᠠ ᠮᠥᠩᠭᠦ ᠶᠢ ᠤᠷᠢᠳᠴᠢᠯᠠᠨ ᠪᠠᠭᠤᠯᠭᠠᠵᠠᠢ ᠃
ᠲᠣᠰ ᠤᠳᠠᠭ᠎ᠠ ᠨᠥᠬᠦᠪᠥᠷᠢ ᠪᠠᠯᠠ ᠮᠥᠩᠭᠦ ᠶᠢ ᠪᠠᠭᠤᠯᠭᠠᠭᠰᠠᠨ ᠤ ᠳᠠᠷᠠᠭ᠎ᠠ᠂ ᠪᠥᠬᠦ ᠣᠷᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠤ ᠬᠡᠷᠡᠭᠯᠡᠬᠦ ᠵᠠᠷᠤᠳᠠᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠬᠥᠮᠦᠨ ᠳᠤᠮᠳᠠᠴᠢ ᠶᠢᠨ ᠪᠠᠷᠢᠮᠵᠢᠶ᠎ᠠ ᠨᠢᠳᠤᠨᠤᠨ ᠤ ᠬᠢ ᠠᠴᠠ 5 ᠲᠥᠭᠦᠷᠢᠭ ᠳᠡᠭᠡᠭᠰᠢᠯᠡᠪᠡ᠂ ᠡᠨᠡ ᠵᠢᠯ ᠮᠥᠨ ᠴᠦ ᠥᠪᠥᠷ ᠮᠣᠩᠭᠤᠯ ᠤᠨ ᠲᠣᠰ ᠵᠦᠢᠯ ᠤᠨ ᠵᠠᠷᠤᠳᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ ᠪᠠᠶᠢᠭ᠎ᠠ 15 ᠳᠠᠬᠢ ᠵᠢᠯ ᠪᠠᠶᠢᠵᠤ᠂ ᠪᠥᠬᠦ ᠣᠷᠣᠨ ᠤ ᠬᠤᠲᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠤᠨ ᠂ ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠴᠢᠨᠠᠭᠰᠢᠳᠠ ᠨᠡᠩ ᠰᠠᠬᠢᠵᠤ ᠳᠡᠶᠢᠯᠬᠦ ᠂ ᠣᠨᠣᠪᠴᠢᠲᠠᠢ ᠰᠠᠬᠢᠬᠤ᠂ ᠪᠠᠲᠤ ᠰᠠᠬᠢᠬᠤ ᠳᠤ ᠨᠢ ᠬᠦᠴᠦᠨ ᠨᠡᠮᠡᠷᠢᠯᠡᠭᠰᠡᠨ ᠪᠠᠶᠢᠨ᠎ᠠ᠃
2019 ᠣᠨ ᠳᠤ᠂ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠡᠬᠢᠯᠡᠵᠦ᠂ ᠥᠪᠥᠷ ᠮᠣᠩᠭᠤᠯ ᠲᠤᠬᠠᠢ ᠶᠢᠨ ᠵᠢᠯ ᠤᠨ ᠬᠢᠨᠢ 10 ᠳ᠋ᠤᠭᠠᠷ ᠰᠠᠷ᠎ᠠ ᠳᠤ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ︽ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ︵2020 ᠣᠨ — 2030 ᠣᠨ︶︾ ︽︿ᠡᠷᠡᠭᠦᠯ ᠡᠩᠬᠡ ᠥᠪᠥᠷ ᠮᠣᠩᠭᠤᠯ 2030﹀ ᠶᠢᠨ ᠪᠥᠲᠥᠭᠡᠨ ᠪᠠᠶᠢᠭᠤᠯᠤᠯᠲᠠ ᠶᠢᠨ ᠬᠥᠬᠡ ᠭᠠᠳᠠᠷᠲᠤ ᠪᠢᠴᠢᠭ︾ ᠢ ᠵᠠᠯᠭᠠᠭ᠎ᠠ ᠪᠠᠷ ᠳᠠᠷᠤᠮᠠᠯᠯᠠᠨ ᠲᠠᠷᠬᠠᠭᠠᠵᠤ᠂ ᠡᠷᠡᠭᠦᠯ ᠡᠩᠬᠡ ᠥᠪᠥᠷ ᠮᠣᠩᠭᠤᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠲᠤᠰ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠠᠬᠢᠭᠤᠯᠪᠠ᠃
ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠲᠡᠭᠦᠨ ᠤ ᠠᠵᠢᠯ ᠤᠨ ᠭᠤᠣᠯᠳᠠᠯᠭ᠎ᠠ ᠨᠢ᠄ ︽ ᠨᠠᠰᠤᠲᠠᠶᠢᠴᠤᠳ ᠪᠠ ᠨᠢᠯᠬᠠᠰ ︾ ᠵᠡᠷᠭᠡ ᠭᠤᠣᠯᠳᠠᠯᠭ᠎ᠠ ᠲᠠᠢ ᠬᠥᠮᠥᠰ ᠲᠠᠬᠢ ᠡᠷᠡᠭᠦᠯ ᠮᠡᠨᠳᠦ ᠶᠢᠨ ᠬᠠᠮᠢᠶᠠᠷᠤᠯᠲᠠ ᠦᠢᠯᠡᠴᠢᠯᠡᠭᠡ ᠪᠠᠨ ᠴᠢᠩᠭᠠᠳᠬᠠᠵᠤ᠂ ᠴᠢᠰᠤᠨ ᠳᠠᠷᠤᠯᠲᠠ ᠥᠨᠳᠥᠷ᠂ ᠬᠤᠶᠠᠷᠳᠠᠬᠢ ᠬᠡᠯᠪᠡᠷᠢ ᠶᠢᠨ ᠰᠢᠬᠢᠷ ᠰᠢᠵᠢᠩ ᠡᠪᠡᠳᠴᠢᠨ ᠲᠠᠢ ᠵᠡᠷᠭᠡ ᠤᠵᠢᠭ ᠡᠪᠡᠳᠴᠢᠲᠡᠳ ᠲᠠᠬᠢ ᠡᠷᠡᠭᠦᠯ ᠮᠡᠨᠳᠦ ᠶᠢᠨ ᠬᠠᠮᠢᠶᠠᠷᠤᠯᠲᠠ ᠦᠢᠯᠡᠴᠢᠯᠡᠭᠡᠨ ᠤ ᠴᠢᠨᠠᠷ ᠢᠶᠠᠨ ᠳᠡᠭᠡᠭᠰᠢᠯᠡᠭᠦᠯᠵᠦ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠳᠠᠩᠰᠠ ᠡᠪᠬᠡᠮᠡᠯ ᠢ ᠠᠰᠢᠭᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠦᠷᠡᠵᠢᠯ ᠂ ᠬᠡᠦᠬᠡᠳ ᠨᠠᠶᠢᠳᠠᠨ ᠰᠠᠭᠠᠲᠠᠭᠤᠯᠬᠤ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠨᠤᠭᠤᠳ ᠤᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠪᠣᠯᠣᠨ᠎ᠠ᠃