ᠰᠦᠨ ᠱᠤᠤ ᠴᠧᠩ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠢ ᠲᠣᠭᠤᠷᠢᠨ ᠦᠵᠡᠪᠡ  ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/4/28


4 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︾ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ ᠢ ᠲᠣᠭᠤᠷᠢᠨ ᠦᠵᠡᠪᠡ᠃


1.jpg


ᠲᠣᠰ ᠤᠳᠠᠭᠠᠨ ᠤ ᠦᠵᠡᠰᠭᠦᠯᠡᠩ ᠳᠤ ᠨᠡᠶᠢᠲᠡ 195 ᠬᠤᠪᠢ ᠪᠦᠲᠦᠭᠡᠯ ᠢ ᠳᠡᠯᠭᠡᠨ ᠦᠵᠡᠭᠦᠯᠵᠦ᠂ ᠤᠷᠠᠨ ᠪᠢᠴᠢᠯᠭᠡ᠂ ᠲᠠᠮᠠᠭ᠎ᠠ ᠰᠡᠶᠢᠯᠦᠮᠡᠯ ᠵᠢᠴᠢ ᠬᠢᠲᠠᠳ ᠵᠢᠷᠤᠭ᠂ ᠲᠣᠰᠣᠨ ᠪᠤᠳᠤᠭ ᠤᠨ ᠵᠢᠷᠤᠭ᠂ ᠱᠤᠭᠤᠮᠠᠯ᠂ ᠤᠰᠤᠨ ᠪᠤᠳᠤᠭ ᠤᠨ ᠵᠢᠷᠤᠭ ᠵᠡᠷᠭᠡ ᠲᠦᠷᠦᠯ ᠵᠦᠢᠯ ᠤᠨ ᠤᠷᠠᠯᠢᠭ ᠤᠨ ᠪᠦᠲᠦᠭᠡᠯ ᠢ ᠬᠠᠮᠤᠷᠴᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠵᠢᠴᠢ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠭᠦᠨ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠪᠠᠶᠢᠭᠠᠳ ᠪᠦᠷᠢᠯᠳᠦᠭᠰᠡᠨ ︽ ᠰᠣᠶᠣᠯ ᠤᠨ ᠲᠠᠯ᠎ᠠ ᠪᠠᠷ ᠠᠳᠠᠯᠢ ᠪᠤᠰᠤ ᠵᠦᠢᠯ ᠢᠶᠠᠨ ᠰᠢᠩᠭᠡᠭᠡᠵᠦ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠵᠦ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣ ︾ ᠪᠠᠶᠢᠬᠤ ᠰᠠᠶᠢᠨ ᠰᠠᠶᠢᠬᠠᠨ ᠦᠵᠡᠮᠵᠢ ᠪᠠᠶᠢᠳᠠᠯ ᠢ ᠤᠷᠠᠯᠢᠭ ᠤᠨ ᠭᠡᠯᠪᠡᠷᠢ ᠪᠠᠷ ᠪᠢᠴᠢᠭᠯᠡᠵᠦ ᠵᠢᠷᠤᠭᠯᠠᠭᠰᠠᠨ ᠪᠠᠶᠢᠨ᠎ᠠ᠃ ᠲᠤᠰ ᠤᠳᠠᠭ᠎ᠠ ᠶᠢᠨ ᠦᠵᠡᠰᠭᠦᠯᠡᠩ ᠢ ᠡᠷᠭᠢᠯᠡᠭᠰᠡᠡ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ ᠶᠡᠷᠦᠩᠬᠡᠢ ᠱᠦᠵᠢ ᠰᠢ  ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ︽ ᠭᠤᠷᠪᠠᠨ ᠰᠠᠯᠵᠤ ᠴᠢᠳᠠᠬᠤ ᠦᠭᠡᠢ ︾ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ︽ ᠲᠠᠪᠤᠨ ᠬᠠᠮᠲᠤ ᠶᠢᠨ ᠲᠠᠨᠢᠯᠲᠠ ︾ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠰᠢᠷᠭᠠᠭᠤ ᠬᠠᠲᠠᠭᠤᠵᠢᠯᠲᠠᠢ ᠪᠠᠷ ᠰᠢᠨ᠎ᠡ ᠵᠠᠮ ᠢ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ ᠳᠤ ᠣᠷᠣᠬᠤ ᠶᠢ ᠵᠣᠷᠢᠭᠰᠠᠨ ᠪᠠᠶᠢᠨ᠎ᠠ᠃


2.jpg


ᠰᠦᠨ ᠱᠤᠤ ᠴᠧᠩ ᠪᠦᠲᠦᠭᠡᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠵᠣᠭᠰᠣᠨ ᠰᠣᠨᠢᠷᠬᠠᠵᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠭᠰᠠᠨ ᠡᠨᠡ ᠤᠳᠠᠭ᠎ᠠ ᠶᠢᠨ ᠦᠵᠡᠰᠭᠦᠯᠡᠩ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠠᠯᠢ ᠤᠯᠠᠨ ᠭᠤᠶᠢᠳᠠ ᠰᠠᠶᠢᠬᠠᠨ ᠤᠷᠠᠯᠢᠭ ᠤᠨ ᠪᠦᠲᠦᠭᠡᠯ ᠢ ᠠᠮᠢᠳᠤᠯᠢᠭ ᠢᠶᠠᠷ ᠳᠡᠯᠭᠡᠨ ᠦᠵᠡᠭᠦᠯᠭᠦ ᠪᠠᠷ ᠳᠠᠮᠵᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠤᠭᠳᠠᠬᠤᠨ ᠪᠣᠯᠣᠨ ᠱᠠᠭᠠᠷᠳᠠᠯᠭ᠎ᠠ ᠶᠢ ᠤᠯᠠᠨ ᠳᠤ ᠨᠡᠩ ᠰᠢᠭᠤᠳ ᠲᠣᠳᠣᠷᠬᠠᠢ ᠭᠦᠨᠵᠡᠭᠡᠢ ᠣᠶᠢᠯᠠᠭᠠᠭᠤᠯᠤᠨ ᠡᠵᠡᠮᠰᠢᠭᠦᠯᠵᠦ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠮᠦᠽᠧᠢ᠂ ᠦᠵᠡᠰᠭᠦᠯᠡᠩ ᠤᠨ ᠣᠷᠳᠣᠨ ᠵᠡᠷᠭᠡ ᠲᠠᠯᠠᠪᠤᠷ ᠣᠷᠳᠣᠨ ᠢ ᠰᠠᠶᠢᠲᠤᠷ ᠠᠰᠢᠭᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠦᠨᠡᠨ ᠪᠣᠳᠠᠲᠤ ᠶᠠᠪᠤᠳᠠᠯ ᠢ ᠭᠦᠨᠵᠡᠭᠡᠢ ᠠᠭᠤᠳᠠᠯᠵᠤ᠂ ︽ ᠤᠮᠠᠷᠠᠲᠤ ᠬᠢᠯᠢ ᠶᠢᠨ ᠰᠣᠶᠣᠯ ︾ ᠤᠨ ᠲᠥᠷᠥᠯ ᠲᠡᠮᠳᠡᠭ ᠢ ᠰᠠᠶᠢᠲᠤᠷ ᠪᠠᠶᠢᠭᠤᠯᠤᠨ ᠬᠡᠷᠡᠭᠯᠡᠵᠦ᠂ ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠮᠢᠳᠤᠯᠢᠭ ᠥᠯᠢᠭᠡᠷ ᠢ ᠰᠠᠶᠢᠲᠤᠷ ᠬᠦᠦᠷᠨᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠦᠢ ᠯᠢ ᠰᠢᠨ ᠣᠷᠣᠯᠴᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ