ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ · ᠭᠢᠷᠢᠨ ᠮᠤᠵᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠵᠤ ᠬᠤᠶᠠᠷ ᠮᠤᠵᠢ ᠣᠷᠣᠨ ᠤ ᠵᠠᠰᠠᠭ ᠤᠨ ᠣᠷᠳᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠠᠢ  ᠰᠦᠨ ᠱᠤᠤ ᠴᠧᠩ  ᠵᠢᠩ ᠵᠢᠶᠦ᠋ᠨ ᠬᠠᠢ ᠶᠠᠷᠢᠶ᠎ᠠ ᠲᠠᠯᠪᠢᠵᠤ  ᠸᠠᠩ ᠯᠢ ᠰᠢᠶᠠ  ᠬᠤ᠋ ᠢᠦᠢ ᠲᠢᠩ ᠭᠠᠷ ᠤᠨ ᠦᠰᠦᠭ ᠵᠢᠷᠤᠪᠠ
ᠨᠡᠶᠢᠲᠡᠯᠡᠭᠰᠡᠨ ᠴᠠᠭ᠄
2024/4/28


4 ᠰᠠᠷ᠎ᠠ ᠶᠢᠨ 26 ᠤ ᠡᠳᠦᠷ ᠂ ᠭᠢᠷᠢᠨ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠂ ᠬᠤᠶᠠᠷ ᠮᠤᠵᠢ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠠᠷ ᠬᠤᠯᠪᠣᠨ ᠠᠬᠢᠭᠤᠯᠬᠤ ᠪᠠᠷ ᠪᠣᠯᠪᠠ ᠃ ᠲᠤᠰ ᠡᠳᠦᠷ ᠤᠨ ᠦᠳᠡ ᠶᠢᠨ ᠡᠮᠦᠨ᠎ᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ · ᠭᠢᠷᠢᠨ ᠮᠤᠵᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠩ ᠵᠢᠶᠦ᠋ᠨ ᠬᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠣᠯᠣᠨ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠮᠤᠵᠢ ᠶᠢᠨ ᠳᠠᠷᠤᠭ᠎ᠠ ᠬᠤ᠋ ᠢᠦᠢ ᠲᠢᠩ ᠲᠤᠰ ᠲᠤᠰ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠬᠤᠶᠠᠷ ᠮᠤᠵᠢ ᠣᠷᠣᠨ ᠤ ᠵᠠᠰᠠᠭ ᠤᠨ ᠣᠷᠳᠣᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ ᠃


0428内蒙古自治区·吉林省经济合作座谈会在呼召开 两省区政府签署深化合作框架协议.jpg


ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠭᠢᠷᠢᠨ ᠮᠤᠵᠢ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠭᠢᠷᠢᠨ ᠮᠤᠵᠢ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠦᠵᠡᠭᠦᠯᠦᠭᠰᠡᠨ ᠳᠡᠮᠵᠢᠯᠭᠡ ᠪᠣᠯᠣᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠪᠣᠯᠣᠨ ᠭᠢᠷᠢᠨ ᠴᠥᠮ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠦᠷᠢᠶᠡᠨ ᠳᠤ ᠬᠠᠷᠢᠶᠠᠯᠠᠭᠳᠠᠵᠤ ᠂ ᠤᠯᠤᠰ ᠤᠨ ︽ ᠲᠠᠪᠤᠨ ᠶᠡᠭᠡ ᠠᠮᠤᠷ ᠲᠦᠪᠰᠢᠨ ︾ ᠢ ᠬᠠᠮᠠᠭᠠᠯᠠᠬᠤ ᠲᠡᠦᠬᠡᠲᠦ ᠡᠭᠦᠷᠭᠡ ᠶᠢ ᠬᠠᠮᠲᠤ ᠪᠠᠷ ᠡᠭᠦᠷᠭᠡᠯᠡᠵᠦ ᠪᠠᠶᠢᠨ᠎ᠠ ᠃ ᠭᠢᠷᠢᠨ ᠪᠣᠳᠠᠲᠤ ᠴᠣᠭᠴᠠ ᠶᠢᠨ ᠠᠵᠤ ᠠᠬᠤᠢ ᠳᠤ ᠲᠦᠰᠢᠭᠯᠡᠨ ᠬᠥᠭᠵᠢᠵᠦ ᠂ ᠮᠠᠨ ᠤ ᠤᠯᠤᠰ ᠤᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠣᠨ᠎ᠠ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠭᠢᠷᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠵᠠ ᠲᠣᠭᠢᠶᠠᠯ ᠢ ᠠᠮᠵᠢᠵᠤ ᠂ ᠯᠠᠪᠳᠠᠭᠤᠨ ᠪᠠᠲᠤᠲᠠᠢ ᠰᠢᠷᠭᠠᠭᠤ ᠠᠵᠢᠯᠯᠠᠵᠤ ᠂ ᠭᠢᠷᠢᠨ ᠤ ᠬᠥᠭᠵᠢᠯ ᠮᠠᠨᠳᠤᠯ ︽ ᠳᠡᠭᠡᠭᠰᠢᠯᠡᠬᠦ ᠬᠤᠭᠤᠴᠠᠭ᠎ᠠ ︾ ᠪᠣᠯᠣᠨ ︽ ᠲᠦᠷᠭᠡᠨ ᠤ ᠵᠠᠮ ︾ ᠳᠤ ᠣᠷᠣᠬᠤ ᠶᠢ ᠠᠬᠢᠭᠤᠯᠪᠠ ᠃ ᠭᠢᠷᠢᠨ ᠮᠤᠵᠢ ᠶᠢᠨ ᠣᠯᠣᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠪᠠ ᠣᠳᠣᠬᠠᠨ ᠤ ᠰᠠᠶᠢᠨ ᠪᠠᠶᠢᠳᠠᠯ ᠳᠤ ᠪᠢᠳᠡ ᠴᠢᠩ ᠰᠡᠳᠬᠢᠯ ᠠᠴᠠ ᠪᠠᠨ ᠪᠠᠶᠠᠷᠯᠠᠵᠤ ᠂ ᠪᠢᠰᠢᠷᠡᠵᠦ ᠪᠠᠶᠢᠨ᠎ᠠ ᠃ ᠣᠳᠣᠬᠠᠨ ᠳᠤ ᠂ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠰᠢᠷᠭᠠᠭᠤ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ ᠂ ᠳᠤᠮᠳᠠ ᠲᠦᠪᠰᠢᠨ ᠳᠤ ᠣᠷᠣᠬᠤ ᠪᠠᠷ ᠴᠤᠴᠠᠯᠲᠠ ᠦᠭᠡᠢ ᠤᠷᠤᠭᠰᠢᠯᠠᠵᠤ ᠪᠠᠶᠢᠨ᠎ᠠ ᠃ ᠡᠨᠡ ᠵᠢᠯ ᠪᠢᠳᠡ ︽ ᠲᠠᠪᠤᠨ ᠶᠡᠭᠡ ᠡᠭᠦᠷᠭᠡ ︾ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ︽ ᠵᠢᠷᠭᠤᠭᠠᠨ ᠢᠨᠵᠧᠨᠧᠷᠢᠩ ︾ ᠢ ᠬᠡᠷᠡᠭᠵᠢᠭᠦᠯᠦᠭᠡᠳ ᠢᠳᠡᠪᠬᠢᠲᠡᠢ ᠦᠷ᠎ᠡ ᠪᠦᠲᠦᠮᠵᠢ ᠣᠯᠵᠠᠢ ᠃ ᠤᠷᠳᠤ ᠬᠤᠭᠤᠴᠠᠭᠠᠨ ᠤ ᠲᠤᠷᠰᠢ ᠂ ᠥᠪᠥᠷ ᠮᠣᠩᠭᠤᠯ ᠪᠣᠯᠣᠨ ᠭᠢᠷᠢᠨ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ ᠢᠷᠡᠵᠡᠢ ᠂ ᠢᠷᠡᠭᠡᠳᠦᠢ ᠶᠢ ᠪᠠᠷᠠᠯᠠᠬᠤᠶ᠎ᠠ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠣᠷᠣᠨ ᠵᠠᠢ ᠥᠷᠭᠡᠨ ᠠᠭᠤᠳᠠᠮ ᠪᠠᠶᠢᠨ᠎ᠠ ᠂ ᠢᠯᠠᠩᠭᠤᠶ᠎ᠠ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠂ ᠬᠤᠶᠠᠷ ᠭᠠᠵᠠᠷ ᠤᠨ ᠬᠠᠮᠲᠤ ᠪᠠᠷ ᠬᠢᠵᠦ ᠪᠤᠯᠬᠤ ᠶᠠᠪᠤᠳᠠᠯ ᠮᠠᠰᠢ ᠤᠯᠠᠨ ᠪᠤᠢ ᠃ ᠪᠢᠳᠡ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ᠤᠨ ᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ ᠃ ᠬᠠᠮᠲᠤᠷᠠᠯᠴᠠᠭ᠎ᠠ ᠠᠴᠠ ᠭᠠᠳᠠᠨ᠎ᠠ ᠂ ᠪᠢᠳᠡ ᠪᠠᠰᠠ ᠰᠠᠨᠠᠭᠠᠴᠢᠯᠠᠭ᠎ᠠ ᠠᠴᠠ ᠪᠠᠨ ᠭᠢᠷᠢᠨ ᠮᠤᠵᠢ ᠠᠴᠠ ᠰᠤᠷᠤᠯᠴᠠᠵᠤ ᠂ ᠭᠢᠷᠢᠨ ᠮᠤᠵᠢ ᠶᠢᠨ ᠮᠠᠯ ᠠᠵᠤ ᠠᠬᠤᠢ ᠲᠠᠷᠢᠶᠠᠯᠠᠩ ᠂ ᠵᠢᠭᠤᠯᠴᠢᠯᠠᠯ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠂ ᠲᠥᠪ ᠪᠠ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠲᠠᠯ᠎ᠠ ᠶᠢᠨ ᠰᠠᠶᠢᠨ ᠲᠤᠷᠰᠢᠯᠭ᠎ᠠ ᠂ ᠰᠠᠶᠢᠨ ᠠᠷᠭ᠎ᠠ ᠂ ᠰᠠᠶᠢᠨ ᠲᠣᠭᠲᠠᠴᠠ ᠪᠠᠷ ᠲᠣᠯᠢ ᠪᠤᠯᠭᠠᠵᠤ ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠠᠬᠢᠭᠤᠯᠤᠨ᠎ᠠ ᠭᠡᠪᠡ ᠃

ᠵᠢᠩ ᠵᠢᠶᠦ᠋ᠨ ᠬᠠᠢ ᠭᠢᠷᠢᠨ ᠮᠤᠵᠢ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠣᠷᠳᠣ ᠬᠤᠭᠤᠴᠠᠭᠠᠨ ᠤ ᠲᠤᠷᠰᠢ ᠭᠢᠷᠢᠨ ᠮᠤᠵᠢ ᠳᠤ ᠳᠡᠮᠵᠢᠯᠭᠡ ᠬᠠᠪᠰᠤᠷᠤᠯᠭ᠎ᠠ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠨ ᠡᠬᠢ ᠪᠠᠶᠠᠯᠢᠭ ᠡᠯᠪᠡᠭ ᠂ ᠥᠩᠭᠡ ᠦᠵᠡᠮᠵᠢ ᠰᠦᠷᠯᠢᠭ ᠰᠠᠶᠢᠬᠠᠨ ᠂ ᠣᠷᠣᠨ ᠪᠠᠶᠢᠷᠢ ᠥᠪᠡᠷᠮᠢᠴᠡ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ ᠶᠤᠮ ᠃ ᠡᠳᠡᠭᠡᠷ ᠵᠢᠯ ᠳᠤ ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ ᠂ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ︽ ᠲᠠᠪᠤᠨ ᠶᠡᠭᠡ ᠡᠭᠦᠷᠭᠡ ︾ ᠶᠢ ᠴᠢᠷᠮᠠᠶᠢᠨ ᠪᠡᠶᠡᠯᠡᠭᠦᠯᠵᠦ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠂ ᠬᠥᠮᠥᠰ ᠤᠨ ᠠᠩᠬᠠᠷᠤᠯ ᠢ ᠲᠠᠲᠠᠭᠰᠠᠨ ᠰᠢᠯᠢᠳᠡᠭ ᠬᠢᠷᠢ ᠪᠦᠲᠦᠮᠵᠢ ᠣᠯᠣᠭᠰᠠᠨ ᠨᠢ ᠥᠪᠥᠷ ᠮᠣᠩᠭᠤᠯ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠂ ᠴᠡᠭᠡᠵᠢ ᠲᠦᠷᠢᠨ ᠤᠷᠤᠭᠰᠢᠯᠠᠬᠤ ᠤᠯᠤᠰ ᠲᠥᠷᠥ ᠶᠢᠨ ᠵᠣᠭᠰᠣᠴᠠ ᠂ ᠰᠢᠨ᠎ᠡ ᠵᠡᠮ ᠢ ᠵᠣᠷᠢᠭᠲᠠᠢ ᠨᠡᠭᠡᠭᠡᠬᠦ ᠂ ᠵᠣᠷᠢᠭ ᠰᠢᠭᠤᠳᠤᠨ ᠳᠠᠪᠠᠭ᠋ᠤ ᠣᠮᠤᠭ ᠵᠣᠷᠢᠭ ᠂ ᠬᠢᠵᠠᠭᠠᠷ ᠦᠭᠡᠢ ᠠᠭᠤᠳᠠᠮᠴᠢ ᠪᠠᠭᠲᠠᠭᠠᠮᠵᠢ ᠲᠠᠢ ᠂ ᠨᠡᠭᠡᠭᠡᠯᠲᠡᠲᠡᠢ ᠪᠠᠭᠲᠠᠭᠠᠮᠵᠢᠲᠠᠢ ᠠᠭᠤᠳᠠᠮ ᠬᠠᠷᠠᠭ᠎ᠠ ᠂ ᠴᠢᠩ ᠦᠨᠡᠨᠴᠢ ᠪᠠᠷ ᠪᠦᠯᠬᠦᠮᠳᠡᠵᠦ ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠮᠠᠨᠳᠤᠭᠤᠯᠬᠤ ᠬᠠᠲᠠᠭᠤ ᠡᠭᠦᠷᠭᠡᠯᠡᠯ ᠂ ᠪᠣᠷᠣᠭᠵᠢᠭᠤᠨ ᠲᠥᠪᠯᠡᠭᠦᠨ ᠂ ᠰᠢᠨᠲᠠᠷᠠᠰᠢ ᠦᠭᠡᠢ ᠵᠠᠩ ᠴᠢᠨᠠᠷ ᠬᠠᠶᠢᠷ᠎ᠠ ᠰᠡᠳᠬᠢᠯᠭᠡ ᠶᠢ ᠢᠯᠡ ᠲᠣᠳᠣ ᠬᠠᠷᠠᠭᠤᠯᠪᠠ ᠃ ᠭᠢᠷᠢᠨ ᠥᠪᠥᠷ ᠮᠣᠩᠭᠤᠯ ᠬᠤᠶᠠᠷ ᠮᠤᠵᠢ ᠣᠷᠣᠨ ᠠᠭᠤᠯᠠ ᠤᠰᠤ ᠪᠠᠷ ᠢᠶᠠᠨ ᠵᠠᠯᠭᠠᠯᠳᠤᠵᠤ ᠂ ᠰᠣᠶᠣᠯ ᠢᠷᠭᠡᠨᠰᠢᠯ ᠣᠶᠢᠷ᠎ᠠ ᠳᠣᠲᠣᠨᠣ ᠪᠠᠶᠢᠵᠤ ᠂ ᠤᠯᠠᠨ ᠵᠢᠯ ᠤᠨ ᠲᠤᠷᠰᠢ ᠡᠯ᠎ᠡ ᠲᠠᠯ᠎ᠠ ᠶᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠃ ᠡᠨᠡ ᠤᠳᠠᠭ᠎ᠠ ᠪᠢᠳᠡ ᠥᠪᠥᠷ ᠮᠣᠩᠭᠤᠯ ᠳᠤ ᠢᠷᠡᠵᠦ ᠬᠥᠷᠰᠢ ᠵᠡᠷᠭᠡᠯᠡᠳᠡᠭᠡ ᠪᠠᠨ ᠡᠷᠭᠢᠨ ᠦᠵᠡᠵᠦ ᠂ ᠵᠣᠯᠭᠠᠯᠴᠠᠭ᠎ᠠ ᠶᠢ ᠠᠬᠢᠭᠤᠯᠵᠤ ᠂ ᠲᠡᠷᠢᠭᠦᠨ ᠤ ᠬᠢ ᠪᠠᠷ ᠪᠠᠷᠢᠮᠵᠢᠶᠠᠯᠠᠨ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠰᠤᠷᠤᠯᠴᠠᠬᠤ ᠪᠠᠷ ᠪᠠᠷᠠᠬᠤ ᠦᠭᠡᠢ ᠨᠠᠩ ᠴᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠃ ᠬᠤᠶᠠᠷ ᠲᠠᠯ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠴᠢ ᠡᠨᠡᠷᠢᠯ ᠳᠤᠨᠢ ᠲᠠᠯᠠᠷᠬᠠᠵᠤ ᠪᠦᠯᠬᠦᠮᠳᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠂ ᠰᠢᠨ᠎ᠡ ᠡᠨᠧᠷᠭᠢ ᠶᠢᠨ ᠬᠥᠭᠵᠢᠯᠲᠡ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠂ ᠠᠮᠢ ᠠᠬᠤᠢ ᠣᠷᠴᠢᠨ ᠲᠣᠭᠤᠷᠢᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠲᠤᠬᠳᠠᠴᠠᠵᠢᠭᠤᠯᠤᠨ ᠠᠬᠢᠭᠤᠯᠵᠤ ᠂ ᠬᠠᠮᠲᠤᠷᠠᠯᠴᠠᠭᠠᠨ ᠤ ᠵᠥᠪᠯᠡᠯᠴᠡᠭᠡᠷ ᠢ ᠲᠦᠷᠦᠯ ᠵᠦᠢᠯᠵᠢᠭᠦᠯᠦᠨ ᠨᠠᠶᠢᠳᠠᠪᠤᠷᠢᠵᠢᠭᠤᠯᠵᠤ ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠤᠯᠠᠨ ᠡᠰᠢᠵᠢᠭᠦᠯᠦᠨ ᠥᠷᠭᠡᠳᠬᠡᠵᠦ ᠂ ᠭᠢᠷᠢᠨ ᠥᠪᠥᠷ ᠮᠣᠩᠭᠤᠯ ᠤᠨ ᠬᠠᠮᠲᠤᠷᠠᠯᠴᠠᠭᠠᠨ ᠤ ︽ ᠳᠡᠰ ᠳᠡᠪᠰᠢᠭᠰᠡᠨ ᠵᠠᠭᠪᠤᠷ ︾ ᠢ ᠬᠦᠴᠦᠯᠡᠨ ᠴᠣᠭᠴᠠᠯᠠᠵᠤ ᠂ ᠤᠯᠤᠰ ᠤᠨ ︽ ᠲᠠᠪᠤᠨ ᠶᠡᠭᠡ ᠠᠮᠤᠷ ᠲᠦᠪᠰᠢᠨ ︾ ᠢ ᠲᠣᠭᠲᠠᠭᠤᠨ ᠢᠶᠠᠷ ᠬᠠᠮᠠᠭᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ ᠃

ᠬᠤᠷᠠᠯ ᠤᠨ ᠳᠠᠷᠠᠭ᠎ᠠ ᠂ ᠬᠤᠶᠠᠷ ᠮᠤᠵᠢ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ ᠃

ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠢᠦᠢ ᠯᠢ ᠰᠢᠨ ᠂ ᠶᠣᠣ ᠶᠦᠩ ᠪᠦᠸᠧ ᠂ ᠶᠠᠩ ᠶᠢᠨ ᠂ ᠵᠠᠩ ᠪᠠᠢ ᠴᠧᠩ ᠂ ᠰᠦᠨ ᠵᠢᠶᠦ᠋ᠨ ᠴᠢᠩ ᠂ ᠭᠢᠷᠢᠨ ᠮᠤᠵᠢ ᠶᠢᠨ ᠤᠳᠤᠷᠢᠳᠤᠯᠭ᠎ᠠ ᠬᠤ᠋ ᠵᠢᠶᠠ ᠹᠦ᠋ ᠂ ᠼᠠᠢ ᠳ᠋ᠦᠩ ᠂ ᠵᠠᠩ ᠧᠨ ᠬᠤᠢ ᠂ ᠯᠢ ᠸᠧᠢ ᠂ ᠯᠢ ᠭᠦᠸᠧ ᠴᠢᠶᠠᠩ ᠂ ᠶᠠᠩ ᠠᠨ ᠳ᠋ᠢ ᠂ ᠬᠤᠶᠠᠷ ᠮᠤᠵᠢ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠠᠶᠢᠮᠠᠭ ᠬᠤᠳᠠ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ