ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/4/28

       4 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃

ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠩ ᠥᠨᠳᠥᠷ ᠭᠠᠷᠤᠭ᠎ᠠ ᠠᠴᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠦᠩᠴᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠨᠢ ᠥᠪᠥᠷ ᠮᠣᠩᠭᠤᠯ ᠳᠤ ᠴᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠠᠵᠢᠯ ᠢ ᠰᠠᠶᠢᠲᠤᠷ ᠬᠢᠬᠦ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠢᠮᠠᠭᠲᠠ ᠰᠠᠶᠢᠲᠤᠷ ᠬᠢᠵᠦ ᠪᠡᠶᠡᠯᠡᠭᠦᠯᠦᠨ᠂ ᠶᠡᠭᠡ ᠪᠠᠷ ᠬᠠᠮᠠᠭᠠᠯᠠᠬᠤ᠂ ᠶᠡᠭᠡ ᠪᠠᠷ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠶᠡᠭᠡ ᠪᠠᠷ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠬᠤᠣᠰ ᠢᠯᠠᠯᠲᠠ︾ ᠶᠢ ᠪᠠᠷᠢᠮᠲᠠᠯᠠᠵᠤ ᠲᠥᠪ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠨᠠᠩ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠨ᠂ ︽ᠭᠠᠷ ᠲᠠᠮᠵᠢᠪᠠᠴᠤ ᠠᠰᠢᠭ ᠭᠦᠷᠲᠡᠭᠦ ᠦᠭᠡᠢ︾ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠣᠷᠣᠨ ᠪᠦᠰᠡ ᠶᠢᠨ ᠬᠠᠮᠵᠢᠯᠴᠠᠭ᠎ᠠ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠤᠬᠠᠢ ᠶᠢᠨ ᠭᠠᠵᠠᠷ ᠤᠨ ᠪᠠᠶᠢᠳᠠᠯ ᠳᠤ ᠨᠢ ᠲᠣᠬᠢᠷᠠᠭᠤᠯᠵᠤ ᠠᠷᠭ᠎ᠠ ᠪᠣᠳᠣᠯᠭ᠎ᠠ ᠬᠡᠷᠡᠭᠵᠢᠭᠦᠯᠦᠨ ᠬᠤᠰᠢᠭᠤ ᠰᠢᠶᠠᠨ ᠤ ᠠᠵᠤ ᠠᠬᠤᠢ ᠶᠢ ᠬᠥᠭᠵᠢᠭᠦᠯᠵᠦ᠂ ᠮᠠᠯᠴᠢᠨ ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠦᠷᠭᠦᠯᠵᠢᠯᠡᠨ ᠬᠦᠴᠦᠯᠡᠵᠦ ᠪᠠᠶᠢᠭᠠᠳ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠪᠠ ᠬᠡᠪ ᠵᠠᠩᠰᠢᠯ ᠢ ᠥᠭᠡᠷᠡᠴᠢᠯᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠵᠤ᠂ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠨᠢᠳᠦᠨ ᠳᠤ ᠦᠵᠡᠭᠳᠡᠮ᠎ᠡ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠠᠭᠤᠰᠤᠯᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ – ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠰᠠᠨᠰᠠᠷ ᠤᠨ ᠠᠶᠠᠯᠠᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ︾ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠦᠢᠯᠡᠰ ᠢ ᠬᠥᠭᠵᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃

ᠬᠤᠷᠠᠯ ᠠᠴᠠ ᠪᠦᠭᠦ ᠣᠷᠣᠨ ᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠬᠦ ᠲᠤᠬᠠᠢ ᠵᠢᠯᠤᠭᠤᠳᠬᠤ ᠰᠠᠨᠠᠯ︾ ᠢ ᠬᠢᠨᠠᠨ ᠵᠥᠪᠯᠡᠵᠦ᠂ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤᠮᠳᠠ ᠪᠦᠷᠢᠯᠳᠦᠭᠰᠡᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳᠦᠷᠢᠮ ᠲᠣᠭᠲᠠᠴᠠ ᠶᠢᠨ ᠠᠷᠭ᠎ᠠ ᠭᠡᠯᠪᠡᠷᠢ ᠪᠠᠷ ᠲᠣᠭᠲᠠᠪᠤᠷᠢᠵᠢᠭᠤᠯᠵᠤ᠂ ᠣᠯᠠᠨ ᠲᠦᠮᠡᠨ ᠤ ᠠᠵᠢᠯ ᠤᠨ ᠠᠷᠭ᠎ᠠ ᠭᠡᠯᠪᠡᠷᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠪᠠᠶᠢᠩᠭᠤᠵᠢᠯᠲᠠ ᠨᠢ ᠶᠡᠷᠦᠮᠳᠡᠭ ᠪᠤᠯᠬᠤ ᠶᠢ ᠰᠡᠷᠭᠡᠶᠢᠯᠡᠵᠦ᠂ ᠬᠡᠯᠪᠡᠷᠢᠴᠢ ᠦᠵᠡᠯ ᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠤ ᠪᠤᠳᠠᠭᠠᠨ ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ︾ ᠮᠥᠨ᠂ ᠡᠯ᠎ᠡ ᠱᠠᠲᠤᠨ ᠤ ᠬᠢᠨ ᠤᠯᠤᠰ ᠲᠦᠷᠦ ᠪᠠ ᠪᠦᠭᠦ ᠲᠠᠯ᠎ᠠ ᠶᠢᠨ ᠥᠨᠳᠥᠷᠴᠡ ᠠᠴᠠ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠳᠤ ᠬᠠᠨᠳᠤᠬᠤ ᠪᠠ ᠲᠡᠭᠦᠨ ᠢ ᠰᠠᠶᠢᠲᠤᠷ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠠᠷᠢᠶᠠᠯᠠᠭ᠎ᠠ ᠶᠢᠨ ᠴᠠᠭ ᠢ ᠠᠯᠳᠠᠯ ᠦᠭᠡᠢ ᠪᠠᠷ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠲᠣᠭᠲᠠᠴᠠ ᠶᠢᠨ ᠰᠢᠨ᠎ᠡ ᠶᠢ ᠡᠭᠦᠳᠴᠦ ᠪᠠᠶᠢᠭᠠᠳ ᠮᠠᠯ ᠠᠵᠤ ᠠᠬᠤᠢ ᠲᠠᠷᠢᠶᠠᠯᠠᠩ ᠤᠨ ᠤᠰᠤ ᠠᠷᠪᠢᠯᠠᠬᠤ ᠭᠠᠵᠠᠷ ᠠᠷᠪᠢᠯᠠᠬᠤ᠂ ᠭᠠᠷᠤᠯᠲᠠ ᠪᠠᠨ ᠨᠡᠮᠡᠭᠳᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ