ᠸᠠᠩ ᠯᠢ ᠰᠢᠶᠠ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/29

       ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ︾ ᠢ ᠰᠠᠶᠢᠲᠤᠷ ᠬᠢᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ ᠠᠵᠢᠯ ᠤᠨ ᠳᠦᠷᠢᠮ᠂ ᠨᠠᠷᠢᠨ ᠳᠦᠷᠢᠮ᠂ ᠣᠨ ᠤ ᠠᠵᠢᠯ ᠤᠨ ᠭᠤᠣᠯᠳᠠᠯᠭ᠎ᠠ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠠᠷᠭ᠎ᠠ ᠬᠡᠮᠵᠢᠶ᠎ᠡ ᠨᠦᠭᠦᠳ︾ ᠪᠣᠯᠣᠨ ᠲᠦᠷᠦᠭᠦᠦ ᠪᠦᠯᠦᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠴᠡᠭ ᠤᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠪᠠ᠃

ᠸᠠᠩ ᠯᠢ ᠰᠢᠶᠠ᠂ ᠮᠠᠨ ᠤ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ︾ ᠢ ᠰᠠᠶᠢᠲᠤᠷ ᠬᠢᠬᠦ ᠳᠤ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠣᠷᠣᠯᠴᠠᠨ ᠰᠠᠶᠢᠲᠤᠷ ᠬᠡᠷᠡᠭᠯᠡᠵᠦ᠂ ᠲᠠᠪᠤᠨ ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ᠂ ᠪᠣᠬᠢᠷᠲᠤᠯ ᠦᠭᠡᠢ ᠮᠥᠩᠭᠦᠨ ᠭᠦᠢᠯᠭᠡᠭᠡᠨ᠂ ᠲᠦᠭᠡᠮᠡᠯ ᠬᠦᠷᠲᠡᠭᠡᠮᠵᠢᠲᠦ ᠮᠥᠩᠭᠦᠨ ᠭᠦᠢᠯᠭᠡᠭᠡᠨ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ᠂ ᠲᠣᠭᠠᠴᠢᠯᠠᠭᠰᠠᠨ ᠮᠥᠩᠭᠦᠨ ᠭᠦᠢᠯᠭᠡᠭᠡᠨ ᠵᠡᠷᠭᠡ 5 ᠲᠠᠯ᠎ᠠ ᠶᠢᠨ ᠲᠣᠮᠣ ᠶᠠᠪᠤᠳᠠᠯ ᠢ ᠰᠠᠶᠢᠲᠤᠷ ᠬᠢᠵᠦ᠂ ᠳᠡᠰ ᠳᠡᠪᠰᠢᠬᠦ ᠶᠢ ᠲᠦᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠰ ᠢ ᠳᠤᠮᠳᠠ ᠲᠦᠪᠰᠢᠨ ᠳᠤ ᠣᠷᠣᠭᠤᠯᠬᠤ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠠᠬᠢ ᠡᠷᠡᠭᠦᠯ ᠪᠤᠰᠤ ᠬᠥᠷᠥᠩᠭᠡ ᠶᠢ ᠴᠡᠪᠡᠷᠯᠡᠨ ᠬᠤᠷᠢᠶᠠᠵᠤ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ ᠤᠰᠠᠳᠬᠠᠬᠤ ᠳᠠᠶᠢᠯᠠᠯᠳᠤᠭᠠᠨ᠂ ᠵᠠᠬ᠎ᠠ ᠬᠢᠵᠠᠭᠠᠷ ᠤᠨ ᠠᠶᠤᠯ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠬᠡᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃

ᠸᠠᠩ ᠯᠢ ᠰᠢᠶᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠣᠭᠤᠮᠲᠠ ᠰᠢᠪᠲᠤᠯᠬᠤ︾ ᠵᠣᠷᠢᠯᠭ᠎ᠠ ᠪᠣᠯ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠂ ᠡᠷᠬᠡᠪᠰᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ᠃ ᠰᠦ ᠶᠢᠨ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠵᠡᠷᠭᠡ ᠣᠨᠴᠠᠯᠢᠭᠲᠤ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠳᠠᠭᠠᠭᠠᠴᠠ ᠶᠢᠨ ᠭᠠᠵᠠᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠯᠠᠨ ᠡᠰᠢᠲᠦ ᠣᠷᠤᠭᠤᠯᠤᠯᠲᠠ ᠶᠢᠨ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠲᠥᠪᠯᠡᠷᠡᠭᠦᠯᠦᠨ ᠴᠤᠭᠯᠠᠷᠠᠭᠤᠯᠤᠨ ᠡᠷᠴᠢᠮᠵᠢᠭᠦᠯᠦᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠴᠢᠬᠤᠯᠠ ᠡᠯᠧᠮᠧᠨ᠋ᠲ ᠢ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠲᠡᠶᠢᠰᠢ ᠲᠥᠪᠯᠡᠷᠡᠭᠦᠯᠵᠦ᠂ ᠰᠢᠨᠵᠢᠯᠡᠬᠦ ᠤᠬᠠᠭᠠᠨᠲᠠᠨ ᠪᠣᠯᠣᠨ ᠠᠵᠤ ᠠᠬᠤᠶᠢᠯᠠᠯᠲᠠᠨ ᠢ ᠭᠠᠷ ᠠᠳᠬᠤᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠪᠡ᠃

ᠸᠠᠩ ᠯᠢ ᠰᠢᠶᠠ᠂ ᠮᠥᠩᠭᠦᠨ ᠭᠦᠢᠯᠭᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠴᠢᠬᠤᠯᠠ ᠶᠡᠭᠡ ᠬᠡᠷᠡᠭ ᠶᠠᠪᠤᠳᠠᠯ ᠢ ᠴᠠᠭ ᠲᠤᠬᠠᠢ ᠳᠤᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ