ᠥᠪᠡᠷᠲᠡᠭᠡᠨ ᠵᠠᠰᠠᠬᠤ ᠣᠷᠣᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠵᠦ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠪᠠ  ᠰᠦᠨ ᠱᠤᠤ ᠴᠧᠩ ᠪᠦᠭᠦ ᠣᠷᠣᠨ ᠤ ᠥᠷᠭᠡᠨ ᠤᠯᠠᠨ ᠬᠥᠳᠡᠯᠮᠦᠷᠢᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠡᠢ
ᠨᠡᠶᠢᠲᠡᠯᠡᠭᠰᠡᠨ ᠴᠠᠭ᠄
2024/4/29

 

︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠴᠣᠬᠤᠯᠠᠪᠤᠷᠢ ᠥᠭᠴᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠣᠷᠣᠨ ᠤ ᠥᠷᠭᠡᠨ ᠤᠯᠠᠨ ᠬᠥᠳᠡᠯᠮᠦᠷᠢᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠲᠡᠷᠡ᠂ ᠣᠳᠣᠬᠠᠨ ᠳᠤ ᠮᠠᠨ ᠤ ᠣᠷᠣᠨ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠦᠭᠦ ᠣᠷᠣᠨ ᠤ ᠥᠷᠭᠡᠨ ᠣᠯᠠᠨ ᠬᠥᠳᠡᠯᠮᠦᠷᠢᠴᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠡᠵᠡᠨ ᠬᠥᠮᠥᠨ ᠤ ᠴᠢᠩᠭ᠎ᠠ ᠤᠬᠠᠮᠰᠠᠷ ᠢᠶᠠᠷ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠭᠠᠯ ᠬᠠᠯᠠᠭᠤᠨ ᠦᠢᠯᠡᠳᠦᠯᠭᠡ ᠳᠤ ᠣᠷᠣᠯᠴᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ ᠳᠤ ᠣᠷᠣᠬᠤ ᠶᠢ ᠬᠦᠰᠡᠪᠡ᠃ ᠡᠯ᠎ᠡ ᠱᠠᠲᠤᠨ ᠤ ᠠᠵᠢᠯᠴᠢᠨ ᠤ ᠡᠪᠯᠡᠯ ᠥᠷᠭᠡᠨ ᠤᠯᠠᠨ ᠬᠥᠳᠡᠯᠮᠦᠷᠢᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠭᠦᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ ︽ᠠᠵᠢᠯᠲᠠᠨ ᠠᠵᠢᠯᠴᠢᠨ ᠤ ᠭᠡᠷ ᠪᠦᠯᠢ︾ ᠶᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠢᠯᠴᠢᠨ ᠤ ᠡᠪᠯᠡᠯ ᠤᠨ ᠠᠵᠢᠯ ᠳᠤ ᠲᠤᠯᠭᠠᠷᠠᠭᠰᠠᠨ ᠴᠢᠬᠤᠯᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ ᠭᠡᠵᠡᠢ᠃

4 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ᠵᠢᠴᠢ ᠥᠪᠡᠷᠲᠡᠭᠡᠨ ᠵᠠᠰᠠᠬᠤ ᠣᠷᠣᠨ ᠤ ︽5 · 1︾ ᠤ ᠭᠦᠳᠡᠯᠮᠦᠷᠢ ᠶᠢᠨ ᠱᠠᠩᠨᠠᠯ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ᠃ ᠲᠡᠷᠡ᠂ ᠪᠦᠭᠦ ᠣᠷᠣᠨ ᠤ ᠡᠯ᠎ᠡ ᠱᠠᠲᠤᠨ ᠤ ᠠᠵᠢᠯᠴᠢᠨ ᠤ ᠡᠪᠯᠡᠯ ᠤᠨ ᠬᠢᠨ ᠠᠵᠢᠯᠴᠢᠨ ᠤ ᠡᠪᠯᠡᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤ ᠡᠵᠡᠮᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠰᠦᠨ ᠱᠤᠤ ᠴᠧᠩ ᠨᠥᠬᠦᠷ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠤᠯᠠᠨ ᠲᠦᠮᠡᠨ ᠢ ᠵᠣᠬᠢᠶᠠᠨ ᠪᠠᠶᠢᠭᠤᠯᠤᠨ ᠲᠠᠶᠢᠴᠢᠯᠠᠵᠥ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ ᠬᠠᠯᠠᠭᠤᠨ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠣᠯᠣᠨ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠷᠬᠡ ᠠᠰᠢᠭ ᠢᠶᠠᠨ ᠬᠠᠮᠠᠭᠠᠯᠠᠬᠤ ᠦᠢᠯᠡᠴᠢᠯᠡᠭᠡᠨ ᠤ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠬᠢᠵᠦ᠂ ᠠᠵᠢᠯᠲᠠᠨ ᠠᠵᠢᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠠᠩ ᠱᠤᠤ ᠴᠦᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠧᠢ ᠬᠤᠷᠠᠯ ᠳᠤ ᠣᠷᠣᠯᠴᠠᠵᠠᠢ᠃ ᠬᠤᠷᠠᠯ ᠠᠴᠠ 2024 ᠣᠨ ᠤ ᠪᠦᠭᠦ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ︽5 · 1︾ ᠤ ᠭᠦᠳᠡᠯᠮᠦᠷᠢ ᠶᠢᠨ ᠬᠥᠬᠢᠭᠦᠯᠦᠯ ᠤᠨ ᠦᠨᠡᠮᠯᠡᠯ᠂ ᠱᠠᠩᠨᠠᠯ ᠤᠨ ᠮᠧᠳᠠᠯ᠂ ᠠᠵᠢᠯᠴᠢᠨ ᠤ ᠬᠤᠰᠢᠭᠤᠴᠢ ᠴᠣᠯᠠ ᠭᠥᠷᠳᠡᠭᠰᠡᠨ ᠲᠡᠷᠢᠭᠦᠨ ᠤ ᠬᠠᠮᠲᠤ ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ