ᠥᠪᠡᠷᠲᠡᠭᠡᠨ ᠵᠠᠰᠠᠬᠤ ᠣᠷᠣᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠤ ᠳᠠᠶᠢᠴᠢᠨ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/29

 

4 ᠰᠠᠷ᠎ᠠ ᠶᠢᠨ 27 ᠤ ᠡᠳᠦᠷ ᠂ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠢ ᠡᠷᠭᠢᠯᠡᠵᠠᠢ ᠃

ᠬᠤᠸᠠᠩ ᡁᠢ ᠴᠢᠶᠠᠩ ᠂ ᠡᠨᠡ ᠵᠢᠯ ᠤᠨ ᠮᠠᠨ ᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠶᠤᠯ ᠠᠴᠠ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠥᠷᠨᠢᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠤᠷ ᠲᠣᠭᠲᠠᠭᠤᠨ ᠂ ᠠᠷᠠᠳ ᠢᠷᠭᠡᠳ ᠤᠨ ᠠᠮᠤᠷ ᠠᠮᠤᠭᠤᠯᠠᠩ ᠂ ᠨᠡᠶᠢᠭᠡᠮ ᠤᠨ ᠠᠮᠤᠷ ᠲᠠᠶᠢᠪᠤᠩ ᠪᠠᠶᠢᠬᠤ ᠶᠢ ᠪᠦᠭᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ ᠃ ᠶᠡᠭᠡ ᠦᠶᠡᠷ ᠢ ᠰᠡᠷᠭᠡᠶᠢᠯᠡᠬᠦ ᠂ ᠶᠡᠭᠡ ᠭᠠᠩ ᠬᠠᠭᠰᠠᠷᠠᠭᠠᠨ ᠲᠠᠢ ᠲᠡᠮᠡᠴᠡᠬᠦ ᠂ ᠶᠡᠭᠡ ᠠᠶᠤᠯ ᠠᠴᠠ ᠠᠪᠤᠷᠠᠬᠤ ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠵᠤ ᠂ ᠰᠡᠷᠭᠡᠶᠢᠯᠡᠬᠦ ᠂ ᠪᠠᠭᠠᠰᠬᠠᠬᠤ ᠂ ᠠᠪᠤᠷᠠᠬᠤ ᠪᠦᠭᠦ ᠬᠡᠯᠬᠢᠶ᠎ᠡ ᠳᠤ ᠬᠠᠮᠵᠢᠯᠴᠠᠨ ᠬᠦᠴᠦᠯᠡᠵᠦ ᠂ ᠭᠠᠩ ᠬᠠᠭᠰᠠᠷᠠᠭᠠᠨ ᠦᠶᠡᠷ ᠤᠰᠤᠲᠤᠯ ᠵᠡᠷᠭᠡ ᠪᠠᠷ ᠡᠭᠦᠰᠬᠦ ᠂ ᠭᠠᠩ ᠬᠠᠭᠰᠠᠷᠠᠭᠠᠨ ᠦᠶᠡᠷ ᠤᠰᠤᠲᠤᠯ ᠤᠨ ᠲᠦᠷᠭᠡᠨ ᠬᠤᠪᠢᠷᠠᠬᠤ ᠶᠢ ᠴᠢᠩᠭ᠎ᠠ ᠰᠡᠷᠭᠡᠶᠢᠯᠡᠵᠦ ᠂ ᠦᠶᠡᠷ ᠤᠰᠤᠲᠤᠯ ᠭᠠᠩ ᠬᠠᠭᠰᠠᠷᠠᠭᠠᠨ ᠤ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠃ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ ᠠᠩᠬᠠᠷᠴᠤ ᠂ ᠡᠯ᠎ᠡ ᠲᠥᠷᠥᠯ ᠤᠨ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠪᠠᠶᠢᠴᠠᠭᠠᠨ ᠨᠢᠭᠲᠠ ᠰᠡᠷᠭᠡᠶᠢᠯᠡᠵᠦ ᠂ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ ᠂ ᠤᠰᠤᠨ ᠠᠰᠢᠭᠯᠠᠯᠲᠠ ᠶᠢᠨ ᠲᠢᠩᠬᠢᠮ ᠂ ᠴᠠᠭ ᠠᠭᠤᠷ ᠤᠨ ᠲᠣᠪᠴᠢᠶ᠎ᠠ ᠪᠣᠯᠣᠨ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠢᠨ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ