ᠮᠠᠨᠵᠤᠤᠷ ᠬᠤᠲᠠ ᠨᠢᠭᠡᠳᠦᠭᠡᠷ ᠤᠯᠠᠷᠢᠯ ᠳᠤ 65 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠲᠠᠷᠬᠠᠭᠠᠨ ᠪᠥᠬᠦ ᠬᠤᠲᠠ ᠶᠢᠨ 2013 ᠨᠠᠰᠤᠲᠠᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2024/4/3

 

ᠥᠨᠦ ᠵᠢᠯ ᠤᠨ ᠨᠢᠭᠡᠳᠦᠭᠡᠷ ᠤᠯᠠᠷᠢᠯ ᠳᠤ ᠮᠠᠨᠵᠤᠤᠷ ᠬᠤᠲᠠ 65 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠲᠠᠷᠬᠠᠭᠠᠨ᠂ 2013 ᠨᠠᠰᠤᠲᠠᠳ ᠲᠤ ᠠᠰᠢᠭ ᠬᠦᠷᠲᠡᠭᠡᠵᠡᠢ᠂ ᠪᠦᠬᠦᠯᠢ 80 ᠲᠠᠢ ᠥᠨᠳᠥᠷ ᠨᠠᠰᠤᠲᠠᠳ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃

ᠣᠶᠢᠯᠠᠭᠠᠭᠰᠠᠨ ᠢᠶᠠᠷ᠂ ᠥᠨᠳᠥᠷ ᠨᠠᠰᠤᠨ ᠤ ᠨᠡᠮᠡᠯᠭᠡ ᠪᠣᠯ ᠮᠠᠨᠵᠤᠤᠷ ᠬᠤᠲᠠ ᠶᠢᠨ ᠪᠦᠬᠦᠯᠢ 80 ᠨᠠᠰᠤᠨ ᠠᠴᠠ ᠳᠡᠭᠡᠭᠰᠢᠬᠢ ᠨᠠᠰᠤᠲᠠᠳ ᠲᠤ ᠵᠣᠷᠢᠭᠤᠯᠤᠭᠰᠠᠨ ᠲᠦᠭᠡᠮᠡᠯ ᠬᠠᠷᠠᠭᠠᠯᠵᠠᠯᠲᠤ ᠲᠦᠷᠢᠮ ᠤᠨ ᠲᠥᠷᠥ ᠶᠢᠨ ᠪᠣᠳᠣᠯᠭ᠎ᠠ ᠮᠥᠨ᠂ ᠲᠣᠰ ᠬᠤᠲᠠ ᠳᠤ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤ ︵ᠪᠠᠭᠲᠠᠭᠠᠨ᠎ᠠ︶ ᠬᠦᠷᠦᠭᠰᠡᠨ ᠨᠠᠰᠤᠲᠠᠳ ᠴᠥᠮ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ ᠣᠳᠣᠬᠠᠨ ᠳᠤ ᠮᠠᠨᠵᠤᠤᠷ ᠬᠤᠲᠠ ᠶᠢᠨ ᠨᠡᠮᠡᠯᠭᠡ ᠣᠯᠭᠤᠬᠤ ᠪᠠᠷᠢᠮᠵᠢᠶ᠎ᠠ ᠪᠣᠯ ᠪᠦᠬᠦᠯᠢ 80 ᠠᠴᠠ ᠪᠦᠬᠦᠯᠢ 89 ᠨᠠᠰᠤ ᠬᠦᠷᠲᠡᠯᠡᠬᠢ ᠨᠠᠰᠤᠲᠠᠳ ᠬᠥᠮᠦᠨ ᠨᠢᠵᠡᠭᠡᠳ ᠰᠠᠷ᠎ᠠ ᠳᠤ 100 ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠬᠦᠷᠲᠡᠨ᠎ᠡ︔ ᠪᠦᠬᠦᠯᠢ 90 ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠳ ᠬᠥᠮᠦᠨ ᠨᠢᠵᠡᠭᠡᠳ ᠰᠠᠷ᠎ᠠ ᠳᠤ 150 ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠬᠦᠷᠲᠡᠨ᠎ᠡ︔ ᠪᠦᠬᠦᠯᠢ 100 ᠵᠢᠴᠢ ᠪᠦᠬᠦᠯᠢ 100 ᠨᠠᠰᠤᠨ ᠠᠴᠠ ᠳᠡᠭᠡᠭᠰᠢᠬᠢ ᠨᠠᠰᠤᠲᠠᠳ ᠬᠥᠮᠦᠨ ᠨᠢᠵᠡᠭᠡᠳ ᠰᠠᠷ᠎ᠠ ᠳᠤ 600 ᠲᠥᠭᠦᠷᠢᠭ ᠤᠨ ᠥᠨᠳᠥᠷ ᠨᠠᠰᠤᠨ ᠤ ᠨᠡᠮᠡᠯᠭᠡ ᠬᠦᠷᠲᠡᠨ᠎ᠡ᠃ ᠣᠳᠣᠬᠠᠨ ᠳᠤ᠂ ᠲᠣᠰ ᠨᠡᠮᠡᠯᠭᠡ ᠶᠢ ᠴᠥᠮ ︽ᠪᠦᠷᠢᠨ ᠴᠢᠳᠠᠮᠵᠢᠲᠤ ᠺᠠᠷᠲ︾ ᠤᠨ ᠬᠡᠯᠪᠡᠷᠢ ᠪᠠᠷ ᠬᠤᠪᠢ ᠬᠥᠮᠦᠨ ᠤ ᠲᠠᠩᠰᠠᠨ ᠡᠷᠦᠬᠡ ᠳᠤ ᠲᠠᠷᠬᠠᠭᠠᠵᠤ ᠪᠠᠶᠢᠨ᠎ᠠ᠃

ᠣᠶᠢᠷ᠎ᠠ ᠶᠢᠨ ᠵᠢᠯ ᠤᠳ ᠲᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠥᠨᠳᠥᠷ ᠨᠠᠰᠤᠨ ᠤ ᠨᠡᠮᠡᠯᠭᠡ ᠲᠠᠷᠬᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠨᠡ ᠬᠦ ᠲᠦᠭᠡᠮᠡᠯ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠥᠨᠳᠥᠷ ᠨᠠᠰᠤᠨ ᠤ ᠨᠡᠮᠡᠯᠭᠡ ᠶᠢ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠡᠷᠡᠴᠢᠯᠡᠬᠦ ᠶᠢ ᠢᠳᠡᠪᠬᠢᠲᠡᠶ ᠬᠡᠷᠡᠭᠯᠡᠨ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠨ᠎ᠠ᠃ ᠦᠨᠦ ᠵᠢᠯ᠂ ᠡᠯ᠎ᠡ ᠨᠡᠶᠢᠭᠡᠮ ᠲᠣᠭᠤᠷᠢᠭ ᠤᠨ ᠬᠢᠨ ᠪᠦᠬᠦᠯᠢ 79 ᠨᠠᠰᠤ ᠲᠠᠢ ᠨᠠᠰᠤᠲᠠᠳ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠨᠠᠰᠤᠲᠠᠳ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠡᠵᠡᠮᠰᠢᠨ᠂ ᠭᠤᠶᠤᠴᠢᠯᠠᠬᠤ ᠨᠥᠬᠦᠴᠡᠯ ᠳᠤ ᠤᠳᠠᠯ ᠦᠭᠡᠢ ᠨᠡᠶᠢᠴᠡᠬᠦ ᠨᠠᠰᠤᠲᠠᠳ ᠲᠤ ᠤᠲᠠᠰᠤ ᠪᠠᠷ ᠮᠡᠳᠡᠭᠳᠡᠬᠦ᠂ ᠬᠡᠷ ᠲᠤ ᠨᠢ ᠬᠦᠷᠴᠦ ᠮᠡᠳᠡᠭᠳᠡᠬᠦ ᠵᠡᠷᠭᠡ ᠠᠷᠭ᠎ᠠ ᠪᠠᠷ ᠨᠠᠰᠤᠲᠠᠨ ᠵᠢᠴᠢ ᠬᠡᠷ ᠪᠦᠯᠢ ᠶᠢᠨ ᠬᠢᠨ ᠳᠤ ᠨᠢ ᠴᠠᠭ ᠲᠤᠬᠠᠶ ᠳᠤ ᠨᠢ ᠭᠤᠶᠤᠴᠢᠯᠠᠬᠤ ᠶᠢ ᠰᠠᠨᠠᠭᠤᠯᠵᠤ᠂ ᠬᠦᠷᠲᠡᠬᠦ ᠶᠣᠰᠣᠲᠠᠶ ᠪᠦᠬᠦᠨ ᠳᠤ ᠨᠢ ᠬᠦᠷᠲᠡᠭᠡᠬᠦ᠂ ᠨᠢᠭᠡ ᠬᠥᠮᠦᠨ ᠢ ᠴᠦ ᠬᠤᠴᠣᠷᠭᠠᠬᠤ ᠥᠬᠡᠶ ᠪᠠᠶᠢᠯᠭᠠᠨ᠂ ᠪᠠᠯᠠ ᠮᠥᠩᠭᠦ ᠶᠢ ᠴᠠᠭ ᠲᠤᠬᠠᠶ ᠳᠤ ᠨᠢ ᠣᠯᠭᠤᠬᠤ ᠶᠢ ᠯᠠᠪᠲᠠᠶᠢᠶ᠎ᠠ ᠪᠠᠲᠤᠯᠠᠵᠤ᠂ ᠥᠨᠳᠥᠷ ᠨᠠᠰᠤᠲᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠪᠠᠶᠢᠨ᠎ᠠ᠃ ᠡᠭᠦᠨ ᠤ ᠬᠠᠮᠲᠤ᠂ ᠨᠠᠰᠤ ᠨᠥᠭᠴᠢᠭᠰᠡᠳ ᠲᠤ ᠢᠯᠡᠭᠦᠤ ᠣᠯᠭᠤᠭᠰᠠᠨ ᠨᠡᠮᠡᠯᠭᠡ ᠳᠤ ᠴᠢᠭᠯᠡᠭᠦᠯᠦᠨ᠂ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠨᠡᠬᠡᠮᠵᠢᠯᠡᠨ ᠲᠤᠰᠢᠶᠠᠯᠭᠠᠬᠤ ᠠᠵᠢᠯ ᠢ ᠢᠳᠡᠪᠬᠢᠲᠡᠶ ᠪᠡᠶᠡᠯᠡᠭᠦᠯᠵᠦ᠂ ᠨᠡᠮᠡᠯᠭᠡ ᠶᠢ ᠵᠥᠪ ᠣᠨᠣᠪᠴᠢᠲᠠᠶ ᠲᠠᠷᠬᠠᠭᠠᠬᠤ ᠶᠢ ᠦᠨᠡᠨ ᠬᠦ ᠪᠠᠲᠤᠯᠠᠵᠤ ᠪᠤᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ