ᠥᠪᠥᠷ ᠮᠣᠩᠭᠤᠯ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/4/30

 

ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠢᠴᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 5 ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠪᠠ᠃

︽ᠬᠡᠷᠡᠭᠵᠢᠭᠦᠯᠬᠦ ᠲᠥᠰᠥᠯ︾ ᠳᠤ ᠨᠥᠬᠦᠪᠦᠷᠢ ᠥᠭᠬᠦ ᠬᠡᠪᠴᠢᠶ᠎ᠡ ᠪᠠ ᠪᠠᠷᠢᠮᠵᠢᠶ᠎ᠠ ᠶᠢ ᠲᠣᠳᠣᠷᠬᠠᠶᠢᠯᠠᠪᠠ ᠃ 2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠤᠪᠢ ᠬᠥᠮᠥᠨ ᠤ ᠬᠡᠷᠡᠭᠯᠡᠭᠴᠢᠳ ᠠᠴᠠ ᠨᠡᠷ᠎ᠡ ᠳᠡᠭᠡᠷᠡᠬᠢ ᠤᠯᠤᠰ ᠤᠨ ᠭᠤᠷᠪᠠᠳᠤᠭᠠᠷ ᠱᠠᠲᠤᠨ ᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ ᠰᠠᠭᠤᠳᠠᠯ ᠤᠨ ᠮᠠᠰᠢᠨ ᠲᠡᠷᠭᠡ ᠪᠤᠶᠤ 2018 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ︵ᠲᠣᠰ ᠡᠳᠦᠷ ᠢ ᠪᠠᠭᠲᠠᠭᠠᠨ᠎ᠠ᠂ ᠳᠣᠷᠣᠭᠰᠢ ᠠᠳᠠᠯᠢ︶ ᠳᠠᠩᠰᠠᠯᠠᠭᠤᠯᠤᠨ ᠪᠦᠷᠢᠳᠬᠡᠭᠦᠯᠦᠭᠰᠡᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠮᠠᠰᠢᠨ ᠲᠡᠷᠭᠡ ᠪᠣᠷᠣᠯᠠᠭᠤᠯᠬᠤ ᠪᠠᠶᠢᠭᠤᠯᠤᠮᠵᠢ ᠠᠴᠠ ᠰᠢᠨ᠎ᠡ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠮᠠᠰᠢᠨᠲᠤ ᠲᠡᠷᠭᠡ ᠶᠢᠨ ᠨᠢᠭᠡᠳᠦᠯᠲᠡᠢ ᠪᠣᠷᠣᠯᠠᠭᠤᠯᠤᠭᠰᠠᠨ ᠪᠠᠷᠢᠮᠲᠠ ᠪᠢᠴᠢᠭᠦᠯᠵᠦ ᠂ ᠲᠤᠬᠠᠢ ᠶᠢᠨ ᠭᠠᠵᠠᠷ ᠲᠤ ᠪᠠᠨ ᠳᠠᠩᠰᠠᠯᠠᠭᠤᠯᠤᠨ ᠫᠠᠶᠢᠰᠠ ᠡᠯᠭᠦᠪᠡᠯ᠂ ᠨᠢᠭᠡ ᠤᠳᠠᠭ᠎ᠠ ᠶᠢᠨ ᠴᠢᠨᠠᠷᠲᠠᠢ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠭᠤᠶᠤᠴᠢᠯᠠᠵᠤ ᠪᠣᠯᠣᠨ᠎ᠠ᠃ ᠬᠤᠪᠢ ᠬᠥᠮᠥᠨ ᠤ ᠬᠡᠷᠡᠭᠯᠡᠭᠴᠢᠳ ᠳᠡᠭᠡᠷ᠎ᠡ ᠳᠤᠷᠠᠳᠤᠭᠰᠠᠨ ᠬᠤᠶᠠᠷ ᠲᠥᠷᠥᠯ ᠤᠨ ᠬᠠᠭᠤᠴᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡᠨ ᠬᠡᠯᠪᠡᠷᠢ ᠶᠢᠨ ᠭᠠᠷᠴᠠᠭ︾ ᠲᠤ ᠣᠷᠣᠭᠤᠯᠤᠭᠰᠠᠨ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠢ ᠬᠤᠳᠠᠯᠳᠤᠨ ᠠᠪᠬᠤ ᠳᠤ ᠲᠡᠷᠭᠡ ᠪᠦᠷᠢ 12000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ︔ ᠤᠯᠤᠰ ᠤᠨ ᠭᠤᠷᠪᠠᠳᠤᠭᠠᠷ ᠱᠠᠲᠤᠨ ᠤ ᠪᠠᠷᠢᠮᠵᠢᠶ᠎ᠠ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠤᠯᠲᠠ ᠶᠢᠨ ᠪᠠᠷᠢᠮᠵᠢᠶᠠᠲᠤ ᠲᠣᠰᠣ ᠰᠢᠲᠠᠭᠠᠬᠤ ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ 2.0L ︵ᠪᠠᠭᠲᠠᠨ᠎ᠠ︶ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠲᠣᠰᠣ ᠰᠢᠲᠠᠭᠠᠬᠤ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠳᠤ ᠲᠡᠷᠭᠡ ᠪᠦᠷᠢ 9000 ᠲᠥᠭᠦᠷᠢᠭ ᠤᠨ ᠨᠥᠬᠦᠪᠦᠷᠢ ᠭᠤᠶᠤᠴᠢᠯᠠᠵᠤ ᠪᠣᠯᠣᠨ᠎ᠠ᠃

︽ᠬᠡᠷᠡᠭᠵᠢᠭᠦᠯᠬᠦ ᠲᠥᠰᠥᠯ︾ ᠳᠤ ᠨᠥᠬᠦᠪᠦᠷᠢ ᠶᠢ ᠭᠤᠶᠤᠴᠢᠯᠠᠬᠤ ᠴᠣᠪᠣᠷᠠᠯ ᠢ ᠲᠣᠳᠣᠷᠬᠠᠶᠢᠯᠠᠪᠠ ᠃ ᠨᠥᠬᠦᠴᠡᠯ ᠳᠤ ᠨᠡᠶᠢᠴᠡᠭᠰᠡᠨ ᠬᠤᠪᠢ ᠬᠥᠮᠥᠨ ᠤ ᠬᠡᠷᠡᠭᠯᠡᠭᠴᠢᠳ 2025 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠪᠥᠬᠦ ᠤᠯᠤᠰ ᠤᠨ ᠮᠠᠰᠢᠨ ᠲᠡᠷᠭᠡᠨ ᠤ ᠭᠦᠢᠯᠭᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠰᠦᠯᠵᠢᠶᠡᠨ ᠥᠷᠲᠡᠭᠡ ᠪᠤᠶᠤ ︽ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ︾ ᠵᠢᠵᠢᠭ ᠫᠷᠦᠭᠷᠡᠮ ᠳᠤ ᠭᠠᠷᠬᠤ ᠪᠠᠷ ᠳᠠᠮᠵᠢᠭᠤᠯᠤᠨ᠂ ᠨᠥᠬᠦᠪᠦᠷᠢ ᠶᠢ ᠭᠥᠯᠢᠶᠡᠨ ᠠᠪᠴᠤ ᠰᠢᠢᠳᠪᠦᠷᠢᠯᠡᠬᠦ ᠭᠠᠵᠠᠷ ︵ᠳᠠᠷᠤᠢ ︽ᠮᠠᠰᠢᠨᠲᠤ ᠲᠡᠷᠭᠡᠨ ᠤ ᠪᠣᠷᠤᠯᠠᠭᠤᠯᠭ᠎ᠠ ᠶᠢᠨ ᠨᠢᠭᠡᠳᠦᠯᠲᠡᠢ ᠪᠠᠷᠢᠮᠲᠠ︾ ᠪᠢᠴᠢᠵᠦ ᠥᠭᠭᠦᠭᠰᠡᠨ ᠭᠠᠵᠠᠷ︶ ᠲᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠭᠤᠶᠤᠴᠢᠯᠠᠬᠤ ᠪᠥᠭᠡᠳ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠬᠢᠨᠠᠨ ᠬᠠᠷᠭᠤᠭᠤᠯᠤᠭᠠᠳ ᠮᠡᠳᠡᠭᠡ ᠵᠠᠩᠭᠢ ᠨᠢ ᠦᠨᠡᠨ ᠪᠣᠳᠠᠲᠠᠢ ᠪᠥᠭᠡᠳ ᠪᠦᠷᠢᠨ ᠭᠦᠢᠴᠡᠳ ᠪᠠᠶᠢᠵᠤ᠂ ᠨᠥᠬᠦᠪᠦᠷᠢ ᠥᠭᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠬᠢᠨᠠᠨ ᠬᠠᠷᠭᠤᠭᠤᠯᠵᠤ ᠪᠠᠲᠤᠯᠠᠭᠤᠯᠤᠨ᠎ᠠ᠃

︽ᠬᠡᠷᠡᠭᠵᠢᠭᠦᠯᠬᠦ ᠲᠥᠰᠥᠯ︾ ᠳᠤ ᠪᠡᠯᠡ ᠮᠥᠩᠭᠦ ᠶᠢᠨ ᠢᠷᠡᠯᠲᠡ᠂ ᠰᠢᠯᠵᠢᠭᠦᠯᠦᠨ ᠥᠭᠬᠦ ᠠᠷᠭ᠎ᠠ ᠮᠠᠶ᠋ᠢᠭ ᠵᠢᠴᠢ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠪᠠ ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭᠠᠨ ᠳᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠨᠥᠬᠦᠴᠡᠯ ᠳᠤ ᠨᠡᠶᠢᠴᠡᠬᠦ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠲᠡᠷᠭᠡ ᠬᠥᠰᠬᠡ ᠶᠢᠨ ᠨᠥᠬᠦᠪᠦᠷᠢ ᠶᠢᠨ ᠪᠡᠯᠡ ᠮᠥᠩᠭᠦ ᠶᠢ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠵᠦ᠂ ᠲᠥᠪ ᠤᠨ ᠡᠳ᠋ ᠤᠨ ᠵᠠᠰᠠᠭ ᠤᠨ ᠡᠭᠦᠷᠭᠡᠯᠡᠬᠦ ᠦᠯᠡᠳᠡᠪᠦᠷᠢ ᠬᠡᠰᠡᠭ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠠᠴᠠ ᠲᠣᠰ ᠲᠣᠰ 50% ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ ᠡᠯ᠎ᠡ ᠠᠶᠢᠮᠠᠭ ᠬᠤᠲᠠ ᠨᠤᠭᠤᠳ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠵᠢᠭᠠᠨ ᠲᠣᠭᠲᠠᠭᠠᠭᠰᠠᠨ ᠠᠵᠤ ᠠᠬᠤᠶᠢᠯᠠᠯ ᠳᠤ ᠲᠤᠰᠢᠶᠠᠨ ᠬᠤᠳᠠᠯᠳᠤᠭᠤᠯᠬᠤ ᠪᠠᠷ ᠱᠠᠭᠠᠷᠳᠠᠵᠤ ᠪᠣᠯᠬᠤ ᠦᠭᠡᠢ᠂ ᠣᠷᠣᠨ ᠪᠦᠰᠡ ᠶᠢᠨ ᠴᠢᠨᠠᠷᠲᠠᠢ᠂ ᠮᠡᠷᠭᠡᠵᠢᠯ ᠤᠨ ᠦᠢᠯᠡᠳᠬᠦᠨ ᠤ ᠴᠢᠭᠯᠡᠯ ᠤᠨ ᠴᠢᠨᠠᠷᠲᠠᠢ ᠨᠥᠬᠦᠪᠦᠷᠢ ᠶᠢᠨ ᠭᠠᠷᠴᠠᠭ ᠪᠤᠶᠤ ᠠᠵᠤ ᠠᠬᠤᠶᠢᠯᠠᠯ ᠤᠨ ᠨᠡᠷᠡᠰ ᠢ ᠠᠰ ᠲᠤ  ᠨᠢ ᠲᠣᠭᠲᠠᠭᠠᠵᠤ ᠪᠣᠯᠬᠤ ᠦᠭᠡᠢ᠃ ᠡᠯ᠎ᠡ ᠠᠶᠢᠮᠠᠭ ᠬᠤᠲᠠ ᠨᠤᠭᠤᠳ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠯᠠᠪᠯᠠᠭ᠎ᠠ ᠶᠢᠨ ᠬᠠᠯᠠᠮᠰᠢᠯ ᠤᠲᠠᠰᠤ ᠭᠠᠷᠭᠠᠵᠤ᠂ ᠣᠯᠠᠨ ᠨᠡᠶᠢᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤ  ᠨᠢ ᠬᠠᠷᠢᠭᠤ ᠥᠭᠴᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ