ᠡᠷᠢᠶᠡᠨ ᠬᠤᠲᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/30

 

ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠣᠶᠢᠷᠠᠳᠴᠤ᠂ ᠡᠷᠢᠶᠡᠨ ᠬᠤᠲᠠ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ ᠪᠠᠶᠢᠨ᠎ᠠ᠃

ᠨᠢᠭᠡ ᠳᠤ ᠠᠭᠤᠯᠭ᠎ᠠ ᠦᠨᠡᠨ ᠪᠣᠳᠠᠲᠠᠢ ᠪᠤᠰᠤ᠂ ᠣᠯᠠᠨ ᠢ ᠲᠥᠭᠡᠷᠢᠭᠳᠡᠭᠦᠯᠦᠭᠰᠡᠨ᠂ ᠬᠡᠷᠡᠭᠯᠡᠭᠴᠢᠳ ᠢ ᠮᠡᠬᠡᠯᠡᠭᠰᠡᠨ ᠬᠤᠳᠠᠯ ᠬᠠᠭᠤᠷᠮᠠᠭ ᠤᠬᠠᠭᠤᠯᠭ᠎ᠠ ᠶᠢᠨ ᠵᠠᠷ ᠮᠡᠳᠡᠭᠡ ᠶᠢ ᠴᠢᠩᠭ᠎ᠠ ᠪᠠᠶᠢᠴᠠᠭᠠᠨ᠎ᠠ᠃ ᠵᠢᠭᠤᠯᠴᠢᠯᠠᠯ ᠡᠵᠡᠩᠨᠡᠬᠦ ᠠᠵᠤ ᠠᠬᠤᠶᠢᠯᠠᠯ ᠤᠳ ᠢ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠬᠢᠬᠦ ᠶᠠᠪᠤᠴᠠ ᠳᠤ ᠪᠠᠨ᠂ ᠦᠨᠡᠨ ᠪᠣᠳᠠᠲᠤ ᠴᠢᠨᠠᠷ᠂ ᠬᠠᠨᠳᠤᠯᠭᠠᠲᠤ ᠴᠢᠨᠠᠷ᠂ ᠣᠯᠠᠨ ᠶᠠᠩᠵᠤᠲᠤ ᠴᠢᠨᠠᠷ ᠤᠨ ᠵᠠᠷᠴᠢᠮ ᠢ ᠪᠠᠷᠢᠮᠲᠠᠯᠠᠭ᠋ᠤ ᠬᠡᠷᠡᠭᠲᠡᠢ᠂ ᠤᠬᠠᠭᠤᠯᠭ᠎ᠠ ᠶᠢᠨ ᠳᠤᠮᠳᠠ ᠪᠠᠨ ᠬᠡᠷᠡᠭᠯᠡᠭᠴᠢᠳ ᠢ ᠤᠯᠳᠤᠨ ᠬᠠᠭᠤᠷᠴᠤ ᠪᠠᠶᠢᠭᠠᠳ ᠵᠢᠭᠤᠯᠴᠢᠯᠠᠯ ᠤᠨ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠢ ᠭᠡᠵᠦ ᠱᠠᠭᠠᠷᠳᠠᠪᠠ︔ ᠬᠡᠷᠡᠭᠯᠡᠭᠴᠢᠳ ᠢ ᠴᠤᠤᠳᠠᠮᠨᠠᠭ᠋ᠤ᠂ ᠪᠠᠰᠢᠷᠯᠠᠭ᠋ᠤ᠂ ᠲᠥᠭᠡᠷᠢᠭᠳᠡᠭᠦᠯᠬᠦ ᠦᠭᠡᠢ ᠪᠠᠶᠢᠬᠤ ᠵᠡᠷᠭᠡ ᠪᠣᠯᠤᠨ᠎ᠠ᠃

ᠬᠤᠶᠠᠷ ᠲᠤ ᠵᠢᠭᠤᠯᠴᠢᠯᠠᠯ ᠦᠢᠯᠡᠴᠢᠯᠡᠭᠡᠨ ᠤ ᠭᠠᠵᠠᠷ ᠤᠨ ᠭᠡᠷ᠎ᠡ ᠶᠢᠨ ᠬᠡᠯᠪᠡᠷᠢᠵᠢᠭᠰᠡᠨ ᠵᠢᠭᠠᠯᠲᠠ ᠶᠢ ᠬᠢᠨᠠᠨ ᠬᠠᠮᠢᠶᠠᠷᠬᠤ ᠪᠠᠨ ᠡᠷᠴᠢᠮᠵᠢᠭᠦᠯᠦᠨ᠎ᠡ᠃ ᠵᠢᠭᠤᠯᠴᠢᠯᠠᠯ ᠦᠢᠯᠡᠴᠢᠯᠡᠭᠡᠨ ᠤ ᠭᠠᠵᠠᠷ ᠤᠳ ᠢ ᠢᠳᠡᠪᠬᠢᠲᠡᠶ ᠬᠥᠲᠥᠯᠥᠨ ᠵᠢᠯᠣᠭᠤᠳᠴᠤ ᠵᠢᠱᠢᠶ᠎ᠡ ᠦᠵᠡᠭᠦᠯᠦᠯᠲᠡ ᠶᠢ ᠬᠡᠷᠡᠭᠯᠡᠭᠦᠯᠦᠨ ᠭᠡᠷ᠎ᠡ ᠳᠣᠭᠲᠠᠭᠠᠯᠭᠠᠵᠤ᠂ ᠵᠢᠭᠤᠯᠴᠢᠯᠠᠯ ᠤᠨ ᠭᠡᠷ᠎ᠡ ᠳᠤ ᠳᠣᠭᠲᠠᠭᠰᠠᠨ ᠠᠴᠠ ᠭᠠᠳᠠᠭᠤᠷ ᠪᠤᠰᠤᠳ ᠲᠥᠯᠥᠪᠦᠷᠢ ᠲᠠᠢ ᠦᠢᠯᠡᠴᠢᠯᠡᠭᠡ ᠬᠠᠩᠭᠠᠬᠤ ᠦᠭᠡᠶ᠂ ᠵᠢᠭᠤᠯᠴᠢᠯᠠᠯ ᠤᠨ ᠭᠡᠷ᠎ᠡ ᠶᠢ ᠳᠤᠷ᠎ᠠ ᠪᠠᠷ ᠥᠭᠡᠷᠡᠴᠢᠯᠡᠨ ᠠᠶᠠᠯᠠᠯ ᠳᠣᠬᠢᠷᠠᠭᠤᠯᠬᠤ ᠦᠭᠡᠶ᠃ ᠵᠢᠭᠤᠯᠴᠢᠯᠠᠯ ᠡᠵᠡᠩᠨᠡᠭᠴᠢᠳ ᠭᠡᠷ᠎ᠡ ᠶᠢᠨ ᠬᠡᠯᠪᠡᠷᠢᠵᠢᠭᠰᠡᠨ ᠵᠢᠭᠠᠯᠲᠠ ᠶᠢ ᠠᠰᠢᠭᠯᠠᠨ ᠥᠪᠡᠷ ᠤᠨ ᠡᠭᠦᠷᠭᠡ ᠪᠠᠨ ᠬᠡᠯᠲᠦᠷᠢᠭᠦᠯᠬᠦ᠂ ᠬᠡᠷᠡᠭᠯᠡᠭᠴᠢᠳ ᠤᠨ ᠬᠠᠷᠢᠭᠤᠴᠠᠯᠭ᠎ᠠ ᠶᠢ ᠬᠦᠨᠳᠦᠷᠡᠭᠦᠯᠬᠦ᠂ ᠬᠡᠷᠡᠭᠯᠡᠭᠴᠢᠳ ᠤᠨ ᠭᠤᠣᠯ ᠡᠷᠬᠡ ᠠᠰᠢᠭ ᠢ ᠦᠭᠡᠶᠢᠰᠬᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠴᠢᠩᠭ᠎ᠠ ᠪᠠᠶᠢᠴᠠᠭᠠᠨ᠎ᠠ᠃

ᠭᠤᠷᠪᠠ ᠳᠤ ᠵᠢᠭᠤᠯᠴᠢᠯᠠᠯ ᠤᠨ ᠠᠵᠢᠯ ᠲᠥᠷᠥᠯ ᠤᠨ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠠᠵᠤ ᠠᠬᠤᠶᠢᠯᠠᠯ᠂ ᠰᠦᠯᠵᠢᠶᠡᠨ ᠤ ᠲᠠᠪᠴᠠᠩ᠂ ᠭᠠᠷ ᠤᠲᠠᠰᠤᠨ ᠤ APP ᠵᠡᠷᠭᠡ ᠶᠢᠨ ᠬᠤᠳᠠᠯ ᠬᠠᠭᠤᠷᠮᠠᠭ ᠤᠬᠠᠭᠤᠯᠭ᠎ᠠ᠂ ᠬᠢᠮᠳᠠ ᠦᠨ᠎ᠡ ᠪᠠᠷ ᠬᠡᠷᠡᠭᠯᠡᠭᠴᠢᠳ ᠢ ᠳᠠᠲᠠᠭ᠋ᠤ᠂ ᠪᠦᠯᠬᠦᠮ ᠢᠶᠠᠷ ᠮᠠᠶᠢᠮᠠᠶᠢᠯᠠᠭ᠋ᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠴᠢᠩᠭ᠎ᠠ ᠪᠠᠶᠢᠴᠠᠭᠠᠨ᠎ᠠ᠃ ᠵᠢᠭᠤᠯᠴᠢᠯᠠᠯ ᠤᠨ ᠠᠵᠢᠯ ᠲᠥᠷᠥᠯ ᠤᠨ ᠢᠨᠲ᠋ᠧᠷ ᠰᠦᠯᠵᠢᠶ᠎ᠡ ᠶᠢ ᠠᠰᠢᠭᠯᠠᠨ ᠬᠤᠳᠠᠯ ᠬᠠᠭᠤᠷᠮᠠᠭ ᠤᠬᠠᠭᠤᠯᠭ᠎ᠠ ᠬᠢᠭᠰᠡᠨ᠂ ᠲᠥᠪ ᠪᠤᠰᠤ ᠪᠠᠷ ᠦᠷᠢᠰᠦᠯᠳᠦᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠬᠠᠤᠯᠢ ᠶᠣᠰᠣᠭᠠᠷ ᠴᠣᠬᠢᠯᠲᠠ ᠥᠭᠴᠦ᠂ ᠵᠢᠭᠤᠯᠴᠢᠯᠠᠯ ᠤᠨ ᠠᠵᠢᠯ ᠲᠥᠷᠥᠯ ᠤᠨ ᠰᠦᠯᠵᠢᠶᠡᠨ ᠤ ᠵᠠᠬ᠎ᠠ ᠳᠡᠯᠭᠡᠭᠦᠷ ᠤᠨ ᠬᠠᠤᠯᠢ ᠶᠣᠰᠣᠴᠢ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢ ᠠᠬᠢᠭᠤᠯᠤᠨ᠎ᠠ᠃

ᠳᠥᠷᠪᠡ ᠳᠤ ᠬᠡᠭᠡᠷ᠎ᠡ ᠶᠢᠨ ᠠᠮᠢᠲᠠᠳ ᠵᠢᠴᠢ ᠲᠡᠳᠡᠭᠡᠷ ᠢᠶᠠᠷ ᠬᠢᠭᠰᠡᠨ ᠪᠦᠲᠦᠭᠡᠭᠳᠡᠬᠦᠨ ᠨᠦᠭᠦᠳ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠲᠤᠬᠠᠶ ᠶᠢᠨ ᠭᠠᠵᠠᠷ ᠲᠤ ᠨᠢ ᠬᠢᠨᠠᠨ ᠪᠠᠶᠢᠴᠠᠭᠠᠬᠤ ᠪᠠ ᠰᠦᠯᠵᠢᠶ᠎ᠡ ᠪᠠᠷ ᠬᠢᠨᠠᠨ ᠬᠡᠮᠵᠢᠬᠦ ᠠᠷᠭ᠎ᠠ ᠶᠢ ᠠᠪᠴᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠲᠠᠬᠢ ᠬᠡᠭᠡᠷ᠎ᠡ ᠶᠢᠨ ᠠᠮᠢᠲᠠᠳ ᠵᠢᠴᠢ ᠲᠡᠳᠡᠭᠡᠷ ᠢᠶᠠᠷ ᠬᠢᠭᠰᠡᠨ ᠪᠦᠲᠦᠭᠡᠭᠳᠡᠬᠦᠨ ᠨᠦᠭᠦᠳ ᠢ ᠬᠠᠤᠯᠢ ᠪᠤᠰᠤ ᠪᠠᠷ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ᠂ ᠡᠵᠡᠩᠨᠡᠭᠴᠢ ᠶᠢᠨ ᠭᠡᠷᠡᠴᠢ ᠦᠨᠡᠮᠯᠡᠯ ᠤᠳ ᠨᠢ ᠪᠦᠷᠢᠨ ᠭᠦᠢᠴᠡᠳ ᠪᠥᠭᠡᠳ ᠬᠠᠤᠯᠢ ᠳᠤ ᠨᠡᠶᠢᠴᠡᠬᠦ ᠡᠰᠡᠬᠦ᠂ ᠬᠤᠳᠠᠯ ᠬᠠᠭᠤᠷᠮᠠᠭ ᠤᠬᠠᠭᠤᠯᠭ᠎ᠠ ᠶᠢᠨ ᠦᠢᠯᠡ ᠠᠵᠢᠯᠯᠠᠭ᠎ᠠ ᠣᠷᠣᠰᠢᠬᠤ ᠡᠰᠡᠬᠦ ᠶᠢ ᠪᠠᠶᠢᠴᠠᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ