ᠰᠦᠨ ᠱᠤᠤ ᠴᠧᠩ ᠬᠠᠳᠤᠨ ᠭᠤᠣᠯ ᠤᠨ ︽ᠲᠣᠬᠤᠢ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10

      ᠬᠠᠲᠤᠨ ᠭᠤᠣᠯ ᠳᠠᠭᠠᠤ ᠶᠢᠨ ᠬᠡᠰᠡᠭ ᠠᠶᠢᠮᠠᠭ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ ᠂ 5 ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠲᠠ ᠳᠤ ᠬᠠᠲᠤᠨ ᠭᠤᠣᠯ ᠤᠨ ︽ ᠲᠣᠬᠤᠢ ᠬᠡᠰᠡᠭ ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠪᠠᠷᠢᠮᠵᠢᠶᠠᠯᠠᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠠᠵᠢᠯ ᠢ ᠰᠤᠳᠤᠯᠪᠠ ᠃


0510孙绍骋主持召开黄河“几字弯”攻坚战和高质量发展座谈会.jpg


      ᠶᠠᠷᠢᠯᠴᠠᠬᠤ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠣᠯᠣᠨ ᠬᠠᠲᠤᠨ ᠭᠤᠣᠯ ᠳᠠᠭᠠᠤ ᠶᠢᠨ 7 ᠠᠶᠢᠮᠠᠭ ᠬᠤᠲᠠ ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠬᠤᠯᠪᠣᠭᠳᠠᠯ ᠪᠦᠬᠦᠢ ᠪᠠᠶᠢᠳᠠᠯ ᠢ ᠬᠠᠷᠢᠭᠤ ᠮᠡᠳᠡᠭᠦᠯᠪᠡ ᠃ ᠰᠦᠨ ᠱᠤᠤ ᠴᠧᠩ ᠤᠯᠠᠨ ᠤ ᠶᠠᠷᠢᠬᠤ ᠶᠢ ᠨᠠᠷᠢᠨ ᠬᠢᠨᠠᠮᠠᠭᠠᠢ ᠰᠣᠨᠣᠰᠴᠤ ᠂ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠪᠠᠶᠢᠨ ᠳᠠᠭᠢᠨ ᠤᠯᠠᠨ ᠲᠠᠢ ᠰᠠᠨᠠᠯ ᠢᠶᠠᠨ ᠰᠣᠯᠢᠯᠴᠠᠵᠤ ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠬᠠᠮᠲᠤ ᠪᠠᠷ ᠵᠥᠪᠳᠡᠯᠴᠡᠪᠡ ᠃


0510孙绍骋主持召开黄河“几字弯”攻坚战和高质量发展座谈会2.jpg


      ᠰᠦᠨ ᠱᠤᠤ ᠴᠧᠩ ᠶᠠᠷᠢᠶᠠᠨ ᠳᠠᠭᠠᠨ ᠂ ᠶᠡᠷᠦᠩᠬᠡᠢ ᠱᠦᠵᠢ ᠰᠢ ᠶᠢᠨ ᠫᠢᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠢᠮᠠᠭᠲᠠ ᠲᠤᠶᠢᠯ ᠢᠶᠠᠷ ᠬᠠᠯᠠᠮᠵᠢᠯᠠᠵᠤ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠣᠨ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠭᠦᠨ᠎ᠡ ᠬᠠᠯᠠᠮᠵᠢᠯᠠᠵᠤ ᠂ ᠨᠢᠳᠤᠨᠤᠨ ᠮᠠᠨ ᠤ ᠣᠷᠣᠨ ᠳᠤ ᠪᠠᠰᠠ ᠪᠡᠯᠭᠡ ᠲᠡᠮᠳᠡᠭ ᠤᠨ ᠠᠴᠢ ᠬᠤᠯᠪᠣᠭᠳᠠᠯ ᠪᠦᠬᠦᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ ᠤᠮᠠᠷᠠᠲᠤ ᠶᠢᠨ ᠭᠤᠷᠪᠠᠨ ᠣᠷᠣᠨ ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠠᠶᠢᠴᠢᠯᠠᠯᠲᠠ ᠶᠢᠨ ᠵᠠᠷᠯᠢᠭ ᠪᠠᠭᠤᠯᠭᠠᠵᠠᠢ ᠃ ᠶᠡᠷᠦᠩᠬᠡᠢ ᠱᠦᠵᠢ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ 1 ᠵᠢᠯ ᠤᠨ ᠤᠢ ᠶᠢᠨ ᠲᠠᠰᠢᠷᠠᠮ ᠳᠤ ᠂ ᠰᠢᠨ᠎ᠡ ᠴᠠᠭ ᠦᠶ᠎ᠡ ᠠᠴᠠ ᠨᠠᠭᠠᠰᠢᠬᠢ ᠥᠪᠥᠷ ᠮᠣᠩᠭᠤᠯ ᠤᠨ ᠶᠠᠪᠤᠵᠤ ᠥᠩᠭᠡᠷᠡᠭᠰᠡᠨ ᠥᠩᠭᠡᠷᠡᠯᠲᠡ ᠶᠢ ᠡᠷᠭᠢᠴᠡᠭᠦᠯᠬᠦᠶ᠎ᠡ ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠰᠠᠨᠠᠭᠠᠯᠵᠠᠯ ᠤᠨ ᠬᠢᠨᠢ ᠭᠦᠨᠵᠡᠭᠡᠢ ᠂ ᠬᠦᠰᠡᠯ ᠨᠠᠶᠢᠳᠠᠯᠭ᠎ᠠ ᠶᠢᠨ ᠬᠢᠨᠢ ᠬᠦᠨᠳᠦ ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠶᠢᠨ ᠬᠢᠨᠢ ᠶᠡᠭᠡ ᠂ ᠬᠠᠪᠰᠤᠷᠤᠯᠭ᠎ᠠ ᠶᠢᠨ ᠬᠢᠨᠢ ᠶᠡᠭᠡ ᠶᠢ ᠪᠢᠳᠡ ᠤᠯᠠᠮ ᠢᠶᠠᠷ ᠭᠦᠨᠵᠡᠭᠡᠢ ᠪᠥᠭᠡᠳ ᠴᠢᠩᠭ᠎ᠠ ᠮᠡᠳᠡᠷᠡᠵᠦ ᠪᠠᠶᠢᠨ᠎ᠠ ᠃ ᠦᠨᠡᠨᠴᠢ ᠰᠢᠳᠤᠷᠭᠤ ᠡᠰᠡᠬᠦ ᠶᠢ ᠦᠢᠯᠡ ᠠᠵᠢᠯᠯᠠᠭ᠎ᠠ ᠳᠠᠭᠠᠨ ᠢᠯᠡᠷᠡᠭᠦᠯᠵᠦ ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ ᠃ ᠪᠢᠳᠡ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠴᠢᠬᠤᠯᠠ ᠶᠡᠭᠡ ᠬᠠᠷᠢᠭᠤᠴᠠᠯᠭ᠎ᠠ ᠪᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠥᠪᠥᠷ ᠮᠣᠩᠭᠤᠯ ᠤᠨ ᠬᠦᠷᠲᠡᠵᠦ ᠪᠦᠬᠦᠢ ᠤᠯᠤᠰ ᠤᠨ ᠡᠯ᠎ᠡ ᠵᠦᠢᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢ ᠰᠠᠶᠢᠲᠤᠷ ᠠᠰᠢᠭᠯᠠᠵᠤ ᠂ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠬᠠᠲᠠᠭᠤᠵᠢᠯᠲᠠᠢ ᠳᠠᠭᠠᠭᠠᠮᠠᠭᠠᠢ ᠪᠠᠷ ᠰᠢᠨ᠎ᠡ ᠵᠠᠮ ᠨᠡᠭᠡᠭᠡᠵᠦ ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠪᠡ ᠃

      ᠰᠦᠨ ᠱᠤᠤ ᠴᠧᠩ ᠬᠠᠲᠤᠨ ᠭᠤᠣᠯ ᠳᠠᠭᠠᠤ ᠶᠢᠨ 7 ᠠᠶᠢᠮᠠᠭ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠠᠳ ᠣᠯᠣᠭᠰᠠᠨ ᠠᠮᠵᠢᠯᠲᠠ ᠪᠦᠲᠦᠮᠵᠢ ᠶᠢ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠶᠡᠭᠡ ᠪᠠᠷ ᠬᠠᠮᠠᠭᠠᠯᠠᠬᠤ ᠂ ᠶᠡᠭᠡ ᠪᠠᠷ ᠬᠤᠪᠢᠷᠠᠭᠤᠯᠬᠤ ᠂ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠭᠤᠷᠪᠠᠨ ᠱᠠᠭᠠᠷᠳᠠᠯᠭ᠎ᠠ ᠳᠤᠷᠠᠳᠪᠠ ᠃ ᠶᠡᠭᠡ ᠪᠠᠷ ᠬᠠᠮᠠᠭᠠᠯᠠᠬᠤ ᠭᠡᠳᠡᠭ ᠨᠢ ︽ ᠲᠣᠬᠤᠢ ᠬᠡᠰᠡᠭ ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠠᠳᠤᠨ ᠭᠤᠣᠯ ᠢ ᠦᠨᠡᠨ ᠬᠦ ᠰᠠᠶᠢᠲᠤᠷ ᠬᠠᠮᠠᠭᠠᠯᠠᠵᠤ ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠨᠠᠷᠢᠨ ᠨᠢᠭᠲᠠ ᠲᠥᠯᠥᠪᠯᠡᠨ ᠪᠤᠳᠤᠵᠤ ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ ᠂ ᠥᠪᠡᠷ ᠤᠨ ᠥᠷᠲᠡᠭ ᠢ ᠪᠠᠭᠤᠷᠠᠭᠤᠯᠬᠤ ᠂ ᠲᠣᠭᠲᠠᠴᠠ ᠶᠢ ᠰᠢᠯᠢᠳᠡᠭᠵᠢᠭᠦᠯᠬᠦ ᠂ ᠠᠵᠤ ᠦᠢᠯᠡᠰ ᠢ ᠪᠣᠶᠢᠵᠢᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠃ ︽ ᠤᠰᠤᠨ ᠤ ᠰᠤᠷᠪᠤᠯᠵᠢ ᠶᠢ ᠨᠡᠮᠡᠭᠳᠡᠭᠦᠯᠬᠦ ︾ ᠪᠠ ︽ ᠤᠰᠤ ᠶᠢ ᠠᠷᠪᠢᠲᠠᠢ ᠠᠰᠢᠭᠯᠠᠬᠤ ︾ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠃ ᠳᠦᠷᠢᠮ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠵᠤ ᠂ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠶᠢ ᠤᠯᠠᠮ ᠴᠢᠨᠠᠭᠰᠢᠳᠠ ᠰᠠᠶᠢᠲᠤᠷ ᠠᠳᠬᠤᠵᠤ ᠂ ᠤᠯᠠᠭᠠᠨᠰᠤᠬᠠᠢ ᠪᠠ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠂ ︽ ᠠᠷᠪᠠᠨ ᠶᠡᠭᠡ ᠬᠥᠨᠳᠡᠢ ︾ ᠵᠡᠷᠭᠡ ᠶᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠬᠤ ᠬᠡᠷᠡᠭᠲᠡᠢ ᠃ ᠶᠡᠭᠡ ᠪᠠᠷ ᠬᠤᠪᠢᠷᠠᠭᠤᠯᠬᠤ ᠭᠡᠳᠡᠭ ᠨᠢ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠴᠢᠩᠭ᠎ᠠ ᠠᠳᠬᠤᠬᠤ ᠶᠠᠪᠤᠳᠠᠯ ᠪᠣᠯᠣᠨ᠎ᠠ ᠃ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ ᠰᠢᠨ᠎ᠡ ᠡᠨᠧᠷᠭᠢ ᠶᠢ ᠲᠦᠷᠭᠡᠳᠬᠡᠨ ᠬᠥᠭᠵᠢᠭᠦᠯᠵᠦ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠭᠤᠷᠪᠠᠳᠤᠭᠠᠷ ᠠᠵᠤ ᠦᠢᠯᠡᠰ ᠤᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠲᠠᠸᠠᠷ ᠤᠨ ᠤᠬᠠᠮᠰᠠᠷ ᠂ ᠨᠠᠷᠢᠯᠢᠭ ᠪᠤᠳᠣᠬᠤ ᠤᠬᠠᠮᠰᠠᠷ ᠢ ᠨᠡᠮᠡᠭᠳᠡᠭᠦᠯᠵᠦ ᠂ ᠡᠯ᠎ᠡ ᠲᠠᠯ᠎ᠠ ᠳᠤ ᠣᠷᠣᠰᠢᠵᠤ ᠪᠠᠶᠢᠭ᠎ᠠ ︽ ᠭᠠᠷ ᠳᠠᠮᠵᠢᠪᠠᠴᠤ ᠠᠰᠢᠭ ᠭᠦᠷᠳᠡᠭᠦ ᠦᠭᠡᠢ ︾ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ ᠂ ︽ ᠭᠤᠭᠤᠵᠢᠵᠤ ᠰᠦᠢᠳᠬᠦ ︾ ᠶᠠᠪᠤᠳᠠᠯ ᠢ ᠬᠤᠷᠢᠭᠯᠠᠨ ᠵᠣᠭᠰᠣᠭᠠᠵᠤ ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ ᠃ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠭᠡᠳᠡᠭ ᠨᠢ ᠲᠣᠪᠣᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠠᠪᠤᠳᠠᠯ ᠪᠣᠯᠣᠨ᠎ᠠ ᠃ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠡᠷᠭᠡ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠡᠯ᠎ᠡ ᠵᠦᠢᠯ ᠤᠨ ᠳᠦᠷᠢᠮ ᠲᠣᠭᠲᠠᠭᠠᠯ ᠢ ᠲᠦᠷᠭᠡᠨ ᠠᠷᠢᠯᠭᠠᠵᠤ ᠂ ᠠᠶᠤᠯᠭᠦᠢ ᠦᠢᠯᠡᠳᠪᠦᠷᠢᠯᠡᠯ ᠂  ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠤᠣᠷ ᠬᠥᠨᠥᠭᠡᠯ ᠪᠣᠯᠣᠨ ᠬᠥᠭᠵᠢᠯᠲᠡ ᠶᠢ ᠬᠠᠷᠰᠢᠯᠠᠵᠤ ᠪᠠᠶᠢᠭ᠎ᠠ ᠠᠶᠤᠯ ᠲᠦᠭᠰᠢᠭᠦᠷᠢ ᠭᠡᠮ ᠰᠣᠭᠤᠭ ᠢ ᠬᠦᠴᠦᠯᠡᠨ ᠠᠷᠢᠯᠭᠠᠬᠤ ᠬᠡᠷᠡᠭᠲᠡᠢ ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠳ᠋ᠢᠩ ᠰᠢᠤ ᠹᠧᠩ ᠂ ᠢᠦᠢ ᠯᠢ ᠰᠢᠨ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ