ᠰᠢᠯᠢ ᠶᠢᠨ ᠭᠤᠣᠯ ᠠᠶᠢᠮᠠᠭ ᠦᠷᠡᠵᠢᠯ ᠤᠨ ᠨᠡᠮᠡᠯᠭᠡ ᠶᠢᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠵᠠᠭᠪᠤᠷ ᠢ ᠬᠡᠷᠡᠭᠵᠢᠭᠦᠯᠵᠦ ᠪᠣᠶ
ᠨᠡᠶᠢᠲᠡᠯᠡᠭᠰᠡᠨ ᠴᠠᠭ᠄
2024/5/10

      ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠦᠷᠢᠶᠡᠨ ᠳᠠᠬᠢ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠳᠦᠭᠦᠮᠯᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠯᠢ ᠶᠢᠨ ᠭᠤᠣᠯ ᠠᠶᠢᠮᠠᠭ ᠤᠨ ᠬᠢᠨ ᠦᠷᠡᠵᠢᠯ ᠤᠨ ᠨᠡᠮᠡᠯᠭᠡ ᠶᠢᠨ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠪᠡ᠃
      ᠣᠶᠢᠯᠠᠭᠠᠭᠰᠠᠨ ᠢᠶᠠᠷ᠂ ᠨᠥᠬᠦᠴᠡᠯ ᠳᠤ ᠨᠡᠶᠢᠴᠡᠭᠰᠡᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠰᠢᠯᠢ ᠶᠢᠨ ᠭᠤᠣᠯ ᠠᠶᠢᠮᠠᠭ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠵᠤ ᠬᠥᠩᠭᠡᠵᠢᠭᠰᠡᠨ ᠡᠮᠴᠢᠯᠡᠭᠡᠨ ᠤ ᠵᠠᠷᠤᠳᠠᠯ ᠢ ︽ᠨᠢᠭᠡ ᠦᠷᠲᠡᠭᠡᠴᠢᠯᠡᠭᠰᠡᠨ ᠮᠠᠶ᠋ᠢᠭ︾ ᠢᠶᠠᠷ ᠳ᠋ᠦᠩᠨᠡᠨ ᠪᠣᠳᠣᠭᠰᠠᠨ ᠤ ᠳᠠᠷᠠᠭ᠎ᠠ᠂ ᠥᠪᠡᠷ ᠢᠶᠠᠨ ᠮᠠᠲ᠋ᠧᠷᠢᠶᠠᠯ ᠬᠠᠩᠭᠠᠬᠤ ᠴᠢᠬᠤᠯᠠ ᠦᠭᠡᠢ᠂ ᠡᠮᠴᠢᠯᠡᠭᠡᠨ ᠤ ᠪᠠᠶᠢᠭᠤᠯᠤᠮᠵᠢ ᠦᠷᠡᠵᠢᠯ ᠤᠨ ᠳ᠋ᠦᠩᠨᠡᠨ ᠪᠤᠳᠤᠭᠰᠠᠨ ᠮᠡᠳᠡᠭᠡ ᠵᠠᠩᠭᠢ ᠶᠢ ᠬᠠᠷᠢᠭᠤᠴᠠᠨ ᠬᠦᠷᠭᠡᠨ᠎ᠡ᠃ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠦᠷᠡᠵᠢᠯ ᠤᠨ ᠨᠡᠮᠡᠯᠭᠡ ᠭᠥᠷᠳᠡᠬᠦ ᠨᠥᠬᠦᠴᠡᠯ ᠢ ᠬᠠᠩᠭᠠᠬᠤ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠳᠤ ᠦᠷᠡᠵᠢᠯ ᠤᠨ ᠨᠡᠮᠡᠯᠭᠡ ᠭᠤᠶᠤᠴᠢᠯᠠᠬᠤ ᠦᠢᠯᠡᠴᠢᠯᠡᠭᠡ ᠬᠠᠩᠭᠠᠨ᠂ ᠣᠯᠭᠤᠬᠤ ᠪᠠᠷᠢᠮᠵᠢᠶ᠎ᠠ ᠶᠢ ᠬᠢᠨᠠᠨ ᠲᠣᠭᠲᠠᠭᠠᠬᠤ ᠶᠢᠨ ᠬᠠᠮᠲᠤ 10 ᠠᠵᠢᠯᠯᠠᠬᠤ ᠡᠳᠦᠷ ᠤᠨ ᠳᠣᠲᠣᠷ᠎ᠠ ᠦᠷᠡᠵᠢᠯ ᠤᠨ ᠨᠡᠮᠡᠯᠭᠡ ᠶᠢ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠤ ᠤᠷᠢᠳᠴᠢᠯᠠᠨ ᠦᠯᠡᠳᠡᠭᠡᠭᠰᠡᠨ ᠪᠠᠩᠬᠢ ᠶᠢᠨ ᠲᠠᠩᠰᠠᠨ ᠡᠷᠦᠬᠡ ᠳᠤ ᠰᠢᠭᠤᠳ ᠰᠢᠯᠵᠢᠭᠦᠯᠦᠨ ᠥᠭᠬᠦ ᠪᠣᠯᠵᠠᠢ᠃
      ᠦᠷᠡᠵᠢᠯ ᠤᠨ ᠨᠡᠮᠡᠯᠭᠡ ᠶᠢ ︽ᠭᠤᠶᠤᠴᠢᠯᠠᠬᠤ ᠦᠭᠡᠢ ᠪᠠᠷ ᠳᠠᠷᠤᠢ ᠡᠳ᠋ᠯᠡᠬᠦ︾ ᠪᠣᠯ ᠰᠢᠯᠢ ᠶᠢᠨ ᠭᠤᠣᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳ᠋ᠠᠶᠢᠲ᠋ᠠ ᠶᠢ ᠠᠰᠢᠭᠯᠠᠬᠤ ᠪᠠ ᠬᠤᠪᠢᠶᠠᠯᠴᠠᠬᠤ ᠪᠠᠷ ᠳᠠᠮᠵᠢᠭᠤᠯᠵᠤ᠂ 2023 ᠣᠨ ᠳᠤ ᠬᠡᠷᠡᠭᠵᠢᠭᠦᠯᠦᠭᠰᠡᠨ ᠦᠷᠡᠵᠢᠯ ᠤᠨ ᠡᠮᠴᠢᠯᠡᠭᠡᠨ ᠤ ᠵᠠᠷᠤᠳᠠᠯ ᠢ ᠰᠦᠯᠵᠢᠶᠡᠨ ᠳᠤ ᠬᠤᠯᠪᠣᠨ ᠴᠠᠭ ᠲᠤᠬᠠᠢ ᠳᠤ ᠨᠢ ᠳ᠋ᠦᠩᠨᠡᠨ ᠪᠣᠳᠣᠭᠰᠠᠨ ᠤ ᠳᠠᠷᠠᠭᠠᠬᠢ ᠪᠠᠰᠠ ᠨᠢᠭᠡᠨ ᠴᠢᠬᠤᠯᠠ ᠶᠡᠭᠡ ᠠᠷᠠᠳ ᠲᠤ ᠳᠦᠭᠦᠮᠯᠡᠬᠦ ᠠᠷᠭ᠎ᠠ ᠬᠡᠮᠵᠢᠶ᠎ᠡ ᠪᠣᠯᠣᠨ᠎ᠠ᠃ ᠲᠣᠰ ᠦᠢᠯᠡᠴᠢᠯᠡᠭᠡ ᠨᠢ ᠥᠩᠭᠡᠷᠡᠭᠰᠡᠨ ᠤ ᠦᠷᠡᠵᠢᠯ ᠤᠨ ᠨᠡᠮᠡᠯᠭᠡ ᠶᠢ ᠭᠦᠢᠴᠡᠳᠬᠡᠬᠦ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠥᠷᠴᠦ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ ᠴᠢᠬᠤᠯᠠᠲᠠᠢ ᠪᠠᠶᠢᠭᠰᠠᠨ ᠶᠠᠪᠤᠴᠠ ᠶᠢ ᠴᠤᠴᠠᠯᠠᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠰᠢᠭᠤᠳ ᠣᠯᠭᠤᠬᠤ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠵᠠᠭᠪᠤᠷ ᠪᠣᠯᠭᠠᠨ ᠬᠤᠪᠢᠷᠠᠭᠤᠯᠵᠤ᠂ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠠᠵᠢᠯᠲᠠᠨ ᠭᠦᠶᠦᠬᠦ ᠴᠢᠬᠤᠯᠠ ᠦᠭᠡᠢ᠂ ᠭᠤᠶᠤᠴᠢᠯᠠᠨ ᠮᠡᠳᠡᠭᠦᠯᠬᠦ ᠴᠢᠬᠤᠯᠠ ᠦᠭᠡᠢ᠂ ᠮᠠᠲ᠋ᠧᠷᠢᠶᠠᠯ ᠬᠡᠷᠡᠭᠰᠡᠬᠦ ᠦᠭᠡᠢ ᠪᠠᠷ ᠰᠢᠭᠤᠳ ᠦᠷᠡᠵᠢᠯ ᠤᠨ ᠨᠡᠮᠡᠯᠭᠡ ᠣᠯᠬᠤ ᠶᠢ ᠪᠡᠶᠡᠯᠡᠭᠦᠯᠪᠡ᠃
      ᠲᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠣᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ︽ᠢᠨᠲ᠋ᠧᠷ ᠰᠦᠯᠵᠢᠶ᠎ᠡ +︾ ᠰᠡᠳᠬᠢᠬᠦᠢ ᠶᠢ ᠢᠳᠡᠪᠬᠢᠲᠡᠢ ᠠᠰᠢᠭᠯᠠᠨ᠂ ᠮᠡᠳᠡᠭᠡ ᠵᠠᠩᠭᠢᠴᠢᠯᠠᠯᠲᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠮᠠᠶ᠋ᠢᠭ ᠢ ᠰᠠᠨᠠᠭᠠᠴᠢᠯᠠᠭ᠎ᠠ ᠠᠴᠠ ᠪᠠᠨ ᠬᠠᠶᠢᠨ ᠰᠦᠪᠡᠭᠴᠢᠯᠡᠵᠦ᠂ ︽ᠢᠨᠲ᠋ᠧᠷ ᠰᠦᠯᠵᠢᠶ᠎ᠡ + ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ︾ ᠶᠢ ᠭᠦᠨᠵᠡᠭᠡᠢ ᠠᠬᠢᠭᠤᠯᠤᠨ᠂ ᠭᠠᠷᠲᠠᠨ ᠭᠦᠢᠴᠡᠳᠬᠡᠬᠦ ᠶᠠᠪᠤᠴᠠ ᠶᠢ ᠳᠠᠬᠢᠨ ᠡᠭᠦᠳᠴᠦ᠂ ᠮᠡᠳᠡᠭᠡ ᠵᠠᠩᠭᠢ ᠶᠢᠨ ᠲᠤᠰᠠᠯᠠᠮᠵᠢ ᠶᠢ ᠴᠢᠩᠭᠠᠷᠠᠭᠤᠯᠤᠨ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢᠴᠢᠯᠠᠯᠲᠠ ᠪᠠᠷ ᠡᠷᠴᠢᠮᠯᠡᠬᠦ ᠪᠠᠷ ᠳᠠᠮᠵᠢᠭᠤᠯᠤᠨ᠂ ᠪᠥᠬᠦ ᠠᠶᠢᠮᠠᠭ ᠤᠨ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠳ ᠲᠤ ᠨᠠᠩ ᠣᠶᠤᠨᠴᠢᠯᠠᠭᠰᠠᠨ᠂ ᠳᠦᠭᠦᠮᠯᠡᠭᠰᠡᠨ᠂ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ