ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/10


      5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ 2024 ᠣᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠰᠤᠳᠤᠯᠵᠤ᠂ ᠶᠡᠷᠦᠩᠬᠡᠢ ᠱᠦᠵᠢ ᠰᠢ  ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭ ᠢᠮᠠᠭᠲᠠ ᠰᠠᠨᠠᠭ᠎ᠠ ᠲᠠᠯᠪᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠳᠡᠳ᠋ ᠲᠡᠷᠢᠭᠦᠯᠡᠭᠴᠢ ᠨᠢᠭᠡ ᠲᠠᠯ᠎ᠠ ᠪᠠᠷ ᠬᠥᠭᠵᠢᠯᠲᠡ ᠶᠢ ᠠᠳᠬᠤᠵᠤ᠂ ᠨᠥᠭᠦᠭᠡ ᠲᠠᠯ᠎ᠠ ᠪᠠᠷ ᠠᠮᠤᠷ ᠲᠦᠪᠰᠢᠨ ᠢ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠴᠢᠩᠭ᠎ᠠ ᠠᠩᠬᠠᠷᠴᠤ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠡᠭᠦᠷᠭᠡ ᠶᠢᠨ ᠨᠠᠷᠢᠨ ᠲᠠᠩᠰᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠱᠠᠯᠠᠪᠳᠠᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠪᠠᠯ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠰᠤᠳᠤᠯᠵᠤ᠂ ︽ ᠵᠣᠬᠢᠰᠲᠠᠢ ᠤᠷᠢᠳᠴᠢᠯᠠᠵᠤ᠂ ᠰᠢᠭᠤᠳ ᠰᠢᠯᠤᠭᠤᠨ᠂ ᠪᠣᠳᠠᠲᠠᠢ ᠪᠦᠲᠦᠮᠵᠢᠳᠡᠢ ︾ ᠪᠠᠶᠢᠬᠤ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠮᠠᠯᠠᠯᠲᠠ ᠪᠠᠨ ᠪᠡᠶᠡᠯᠡᠭᠦᠯᠦᠭᠰᠡᠨ ᠦᠭᠡᠢ ᠪᠤᠶᠤ ᠪᠡᠶᠡᠯᠡᠭᠦᠯᠦᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠵᠦ᠂ ᠡᠯ᠎ᠡ ᠭᠠᠵᠠᠷ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠠᠭᠠᠨ ᠪᠣᠳᠠᠲᠠᠢ ᠲᠠᠢ ᠨᠡᠶᠢᠴᠡᠬᠦ ᠦᠭᠡᠢ ᠠᠮᠠᠯᠠᠯᠲᠠ ᠬᠢᠬᠦ ᠶᠢ ᠰᠡᠷᠭᠡᠶᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠᠬᠢᠯᠡᠯᠲᠡ ᠶᠢ ᠡᠪᠳᠡᠵᠦ᠂ ᠪᠡᠯᠡ ᠮᠥᠩᠭᠦ ᠬᠤᠷᠠᠮᠳᠤᠭᠤᠯᠬᠤ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠥᠷᠢᠲᠦᠵᠦ ᠪᠠᠶᠢᠭ᠎ᠠ ᠥᠷᠢ ᠥᠭᠴᠡᠭᠡ ᠶᠢ ᠰᠢᠢᠳᠪᠦᠷᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠡᠮᠵᠢᠵᠤ᠂ ᠦᠢᠯᠡᠴᠢᠯᠡᠭᠡ ᠪᠠᠨ ᠰᠢᠯᠢᠳᠡᠭᠵᠢᠭᠦᠯᠦᠨ ᠵᠠᠰᠠᠭ ᠤᠨ ᠶᠠᠪᠤᠳᠠᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠠᠭᠠᠷ ᠤᠨ ᠶᠠᠰᠤ ᠴᠢᠨᠠᠷ ᠤᠨ ᠰᠠᠶᠢᠵᠢᠷᠠᠯᠲᠠ ᠶᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠤᠲᠠ ᠪᠠᠯᠭᠠᠰᠤᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ︽ ᠠᠰᠠᠭᠤᠳᠠᠯ ᠲᠠᠢ ᠪᠠᠶᠢᠲᠠᠯ᠎ᠠ ᠠᠵᠢᠯᠯᠠᠭᠤᠯᠬᠤ ︾ ᠶᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠭᠦᠭᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ᠂ ᠬᠠᠲᠤᠨ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠪᠣᠯᠣᠳ ᠲᠡᠮᠦᠷ᠂ ᠬᠡᠦᠷᠰᠢᠭᠦᠯᠬᠦ᠂ ᠱᠦᠢᠨᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠵᠤᠤᠬ᠎ᠠ ᠶᠢᠨ ᠭᠡᠲᠦ ᠪᠠᠭ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠨᠦᠭᠡᠨ ᠵᠤᠤᠬ᠎ᠠ ᠶᠢ ᠶᠡᠷᠦᠩᠬᠡᠶᠢᠯᠡᠨ ᠵᠠᠰᠠᠬᠤ ᠶᠢ ᠪᠣᠳᠠᠲᠠᠢ ᠠᠳᠬᠤᠵᠤ᠂ ᠨᠡᠭᠦᠷᠡᠰᠦ ᠶᠢ ᠰᠤᠯᠠ ᠰᠢᠲᠠᠭᠠᠬᠤ᠂ ᠡᠰᠢ ᠰᠦᠷᠡᠯ ᠰᠢᠲᠠᠭᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ ᠶᠡᠭᠡ ᠪᠠᠷ ᠳᠡᠯᠭᠡᠷᠡᠭᠦᠯᠵᠦ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ